ᠰᠣᠶᠣᠯ᠎ᠤᠨ ᠠᠵᠤ ᠦᠢᠯᠡᠰ᠎ᠦᠨ ᠦᠵᠡᠰᠬᠦᠯᠡᠩ᠎ᠦᠨ ᠠᠷᠠᠯᠵᠢᠶᠠᠨ᠎ᠤ ᠴᠤᠭᠯᠠᠭᠠᠨ 27᠎ᠤ ᠡᠳᠦᠷ ᠡᠬᠢᠯᠡᠨ᠎ᠡ
2026-08-06 17:05:14
ᠵᠣᠬᠢᠶᠠᠭ᠍ᠴᠢ᠄
ᠹᠧᠩ ᠰᠢᠤᠸᠠᠢ ᠢᠦᠢ
ᠣᠩᠱᠢᠭ᠍ᠰᠠᠨ ᠣᠳᠠᠭ᠎ᠠ᠄
★★★☆☆

8 ᠰᠠᠷ᠎ᠠ᠎ᠶᠢᠨ 5᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠣᠷᠢᠶ᠎ᠠ ᠵᠢᠨ ᠤᠬᠠᠭᠤᠯᠬᠤ ᠬᠡᠯᠲᠡᠰ ᠡᠴᠡ ᠠᠷᠪᠠᠳᠤᠭᠠᠷ ᠬᠤᠭᠤᠴᠠᠭᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠠᠵᠤ ᠦᠢᠯᠡᠰ᠎ᠦᠨ ᠦᠵᠡᠰᠬᠦᠯᠡᠩ᠎ᠦᠨ ᠠᠷᠠᠯᠵᠢᠶᠠᠨ᠎ᠤ ᠴᠤᠭᠯᠠᠭᠠᠨ ᠡᠬᠢᠯᠡᠬᠦ ᠡᠳᠦᠷ᠎ᠢ ᠨᠡᠢᠲᠡᠯᠡᠪᠡ᠂ ᠲᠣᠰ ᠦᠵᠡᠰᠬᠦᠯᠡᠩ᠎ᠦᠨ ᠠᠷᠠᠯᠵᠢᠶᠠᠨ᠎ᠤ ᠴᠤᠭᠯᠠᠭᠠᠨ 8 ᠰᠠᠷ᠎ᠠ᠎ᠶᠢᠨ 27᠎ᠤ ᠡᠳᠦᠷ᠎ᠡᠴᠡ 31᠎ᠦ ᠡᠳᠦᠷ ᠪᠣᠯᠲᠠᠯ᠎ᠠ ᠥᠪᠥᠷ ᠮᠣᠩᠭᠣᠯ᠎ᠤᠨ ᠣᠯᠠᠨ ᠤᠯᠤᠰ᠎ᠤᠨ ᠬᠤᠷᠠᠯ ᠦᠵᠡᠰᠬᠦᠯᠡᠩ᠎ᠦᠨ ᠲᠥᠪ᠎ᠲᠦ ᠶᠠᠪᠤᠭᠳᠠᠬᠤ ᠪᠤᠯᠤᠨ᠎ᠠ᠃

ᠡᠨᠡ ᠵᠢᠯ ᠥᠪᠥᠷ ᠮᠣᠩᠭᠣᠯ᠎ᠤᠨ ᠰᠣᠶᠣᠯ᠎ᠤᠨ ᠠᠵᠤ ᠦᠢᠯᠡᠰ᠎ᠤᠨ ᠦᠵᠡᠰᠬᠦᠯᠡᠩ᠎ᠦᠨ ᠠᠷᠠᠯᠵᠢᠶᠠᠨ᠎ᠤ ᠴᠤᠭᠯᠠᠭᠠᠨ᠎ᠢ ᠡᠭᠦᠰᠬᠡᠨ ᠪᠠᠢᠭᠤᠯᠤᠭᠰᠠᠨ 10 ᠵᠢᠯ᠎ᠦᠨ ᠤᠢ ᠲᠣᠬᠢᠶᠠᠯᠳᠤᠪᠡ᠃ 10 ᠵᠢᠯ᠎ᠦᠨ ᠲᠤᠷᠰᠢ ᠲᠤᠰ ᠦᠵᠡᠰᠬᠦᠯᠡᠩ᠎ᠦᠨ ᠴᠤᠭᠯᠠᠭᠠᠨ ᠨᠢ ᠰᠣᠶᠣᠯ᠎ᠤᠨ ᠬᠦᠴᠦᠷᠬᠡᠭ ᠣᠷᠣᠨ᠎ᠤ ᠪᠦᠲᠦᠭᠡᠨ ᠪᠠᠢᠭᠤᠯᠤᠯᠲᠠ᠎ᠳᠤ ᠰᠠᠭᠤᠷᠢᠯᠠᠵᠤ᠂ ᠥᠪᠥᠷ ᠮᠣᠩᠭᠣᠯ᠎ᠤᠨ ᠰᠣᠶᠣᠯ᠎ᠤᠨ ᠠᠵᠤ ᠦᠢᠯᠡᠰ᠎ᠦᠨ ᠨᠢᠰᠬᠦ ᠮᠡᠲᠦ ᠬᠥᠭᠵᠢᠯᠲᠡ᠎ᠶᠢᠨ ᠠᠯᠬᠤᠭ᠎ᠠ᠎ᠶᠢ ᠭᠡᠷᠡᠴᠢᠯᠡᠪᠡ᠃ 《ᠠᠵᠤ ᠦᠢᠯᠡᠰ᠎ᠦᠨ ᠬᠥᠳᠡᠯᠭᠡᠬᠦ ᠡᠨᠧᠷᠭᠢ᠎ᠶᠢ ᠬᠥᠭᠵᠢᠭᠡᠵᠦ ᠰᠣᠶᠣᠯ ᠎ᠤᠨ ᠬᠦᠴᠦᠷᠬᠡᠭ ᠣᠷᠣᠨ ᠎ᠢ ᠪᠦᠲᠦᠭᠡᠨ ᠪᠠᠶ᠋ᠢᠭᠤᠯᠬᠤ》 ᠪᠣᠯ ᠲᠤᠰ ᠬᠤᠭᠤᠴᠠᠭᠠᠨ᠎ᠤ ᠰᠣᠶᠣᠯ᠎ᠤᠨ ᠠᠵᠤ ᠦᠢᠯᠡᠰ᠎ᠦᠨ ᠦᠵᠡᠰᠬᠦᠯᠡᠩ᠎ᠦᠨ ᠭᠣᠣᠯ ᠰᠡᠳᠦᠪ ᠪᠣᠯᠣᠨ᠎ᠠ᠂ ᠦᠵᠡᠰᠬᠦᠯᠡᠩ ᠨᠢ 《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢᠬᠢ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠠᠵᠤ ᠦᠢᠯᠡᠰ᠎ᠦᠨ ᠬᠥᠭᠵᠢᠯᠲᠡ᠎ᠶᠢᠨ ᠦᠷ᠎ᠡ ᠪᠦᠲᠦᠭᠡᠯ᠎ᠢ ᠰᠢᠰᠲ᠋ᠸᠮ ᠲᠠᠢ ᠡᠮᠬᠢᠯᠡᠵᠦ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠪᠠᠢᠯᠳᠤᠬᠤ ᠪᠣᠳᠣᠯᠭ᠎ᠠ᠎ᠶᠢᠨ ᠬᠥᠭᠵᠢᠯᠲᠡ᠎ᠶᠢᠨ ᠴᠢᠭᠯᠡᠯ᠎ᠢ ᠲᠣᠭᠲᠠᠭᠠᠵᠤ᠂ ᠠᠢᠮᠠᠭ ᠬᠤᠳᠠ᠎ᠶᠢᠨ ᠰᠣᠶᠣᠯ᠎ᠤᠨ ᠠᠵᠤ ᠦᠢᠯᠡᠰ᠎ᠦᠨ ᠭᠣᠣᠯ ᠰᠡᠳᠦᠪᠲᠦ ᠦᠵᠡᠭᠦᠯᠭᠡ᠎ᠶᠢᠨ ᠲᠣᠭᠣᠷᠢᠭ᠋᠂ 《ᠰᠢᠨ᠎ᠡ᠎ᠶᠢ ᠡᠭᠦᠳᠬᠦ ᠲᠡᠢᠰᠢ ᠤᠷᠤᠭᠰᠢᠯᠠᠵᠤ ᠢᠷᠡᠭᠡᠳᠦᠢ ᠪᠡᠨ ᠴᠣᠭᠴᠠᠯᠠᠬᠤ》 ᠰᠣᠶᠣᠯ ᠎ᠤᠨ ᠠᠵᠤ ᠦᠢᠯᠡᠰ ᠤ᠋ᠨ ᠦᠵᠡᠰᠬᠦᠯᠡᠩ᠎ᠦᠨ ᠡᠭᠦᠳᠦᠯᠲᠡ᠎ᠶᠢᠨ ᠭᠣᠣᠯ ᠰᠡᠳᠦᠪᠲᠦ ᠦᠵᠡᠭᠦᠯᠭᠡ᠎ᠶᠢᠨ ᠲᠣᠭᠣᠷᠢᠭ᠋᠂ 《ᠨᠢᠭᠡ ᠪᠦᠰᠡ ᠨᠢᠭᠡ ᠵᠠᠮ ᠭᠤᠸ᠎ᠠ ᠰᠠᠢᠬᠠᠨ᠎ᠢ ᠬᠠᠮᠲᠤ᠎ᠪᠠᠷ ᠡᠳ᠋ᠯᠡᠬᠦ》 ᠤᠯᠠᠨ ᠤᠯᠤᠰ᠎ᠤᠨ ᠭᠣᠣᠯ ᠰᠡᠳᠦᠪᠲᠦ ᠦᠵᠡᠭᠦᠯᠭᠡ᠎ᠶᠢᠨ ᠲᠣᠭᠣᠷᠢᠭ᠋ ᠵᠡᠷᠭᠡ ᠵᠢᠷᠭᠤᠭᠠᠨ ᠶᠡᠬᠡ ᠣᠨᠴᠠᠯᠢᠭ᠍ᠲᠤ ᠦᠵᠡᠭᠦᠯᠭᠡ᠎ᠶᠢᠨ ᠲᠣᠭᠣᠷᠢᠭ᠋᠎ᠢ ᠲᠣᠬᠢᠷᠠᠭᠤᠯᠵᠤ᠂ ᠳᠠᠭᠠᠤ ᠳ᠋ᠤᠨᠢ ᠪᠠᠰᠠ ᠰᠣᠶᠣᠯ᠎ᠤᠨ ᠬᠦᠴᠦᠷᠬᠡᠭ ᠣᠷᠣᠨ᠎ᠤ ᠶᠡᠷᠦᠩᠬᠡᠢᠯᠡᠭᠰᠡᠨ ᠦᠵᠡᠭᠦᠯᠭᠡ ᠬᠢᠭᠡᠳ ᠰᠢᠨ᠎ᠡ ᠴᠢᠨᠠᠷ ᠤ᠋ᠨ ᠰᠣᠶᠣᠯ᠎ᠤᠨ ᠭᠣᠣᠯ ᠰᠡᠳᠦᠪᠲᠦ ᠦᠵᠡᠭᠦᠯᠭᠡ ᠭᠡᠬᠦ ᠬᠣᠶᠠᠷ ᠶᠡᠬᠡ ᠭᠣᠣᠯ ᠰᠡᠳᠦᠪᠲᠦ ᠦᠵᠡᠭᠦᠯᠭᠡ᠎ᠶᠢᠨ ᠲᠣᠭᠣᠷᠢᠭ᠋᠎ᠢ ᠲᠣᠬᠢᠷᠠᠭᠤᠯᠦᠨ᠎ᠡ᠃ ᠨᠠᠢ᠍ᠮᠠᠨ ᠶᠡᠬᠡ ᠭᠣᠣᠯ ᠰᠡᠳᠦᠪᠲᠦ ᠦᠵᠡᠭᠦᠯᠭᠡ᠎ᠶᠢᠨ ᠲᠣᠭᠣᠷᠢᠭ᠋ ᠨᠢ ᠪᠦᠬᠦ ᠤᠯᠤᠰ᠎ᠢ ᠬᠣᠯᠪᠣᠭᠰᠠᠨ᠂ ᠪᠦᠬᠦ ᠪᠥᠮᠪᠥᠷᠴᠡᠭ᠎ᠢ ᠬᠣᠯᠪᠣᠭᠰᠠᠨ ᠰᠣᠶᠣᠯ ᠎ᠤᠨ ᠦᠵᠡᠭᠦᠯᠭᠡ ᠰᠣᠯᠢᠯᠴᠠᠭ᠎ᠠ ᠬᠠᠮᠲᠤᠷᠠᠯᠴᠠᠭᠠᠨ᠎ᠤ ᠲᠠᠪᠴᠠᠩ᠎ᠢ ᠪᠠᠶ᠋ᠢᠭᠤᠯᠬᠤ ᠪᠣᠯᠣᠨ᠎ᠠ᠃

ᠣᠢᠯᠠᠭᠠᠭᠰᠠᠨ᠎ᠢᠶᠠᠷ᠂ ᠲᠣᠰ ᠬᠤᠭᠤᠴᠠᠭᠠᠨ᠎ᠤ ᠰᠣᠶᠣᠯ᠎ᠤᠨ ᠠᠵᠤ ᠦᠢᠯᠡᠰ᠎ᠦᠨ ᠦᠵᠡᠰᠬᠦᠯᠡᠩ᠎ᠤᠨ ᠴᠤᠭᠯᠠᠭᠠᠨ᠎ᠳᠦ ᠪᠠᠰᠠ 《2026·ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠠᠵᠤ ᠠᠬᠤᠢᠯᠠᠯ᠎ᠤᠨ 10 ᠬᠦᠴᠦᠷᠬᠡᠭ》 《2026·ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠶ᠋ᠢᠵᠢᠯᠲᠠ᠎ᠶᠢᠨ ᠴᠢᠨᠠᠷᠲᠠᠢ ᠰᠣᠶᠣᠯ᠎ᠤᠨ ᠠᠵᠤ ᠠᠬᠤᠢᠯᠠᠯ》᠎ᠢ ᠨᠡᠢᠲᠡᠯᠡᠬᠦ ᠬᠤᠷᠠᠯ ᠡᠷᠬᠢᠯᠡᠵᠦ᠂ 《ᠰᠢᠨ᠎ᠡ ᠴᠢᠨᠠᠷ ᠪᠦᠬᠦᠢ ᠦᠢᠯᠡᠳᠪᠦᠷᠢᠯᠡᠯ᠎ᠤᠨ ᠬᠦᠴᠦᠨ ᠵᠢᠡᠷ ᠡᠨᠧᠷᠭᠢ ᠤᠯᠭᠤᠬᠤ·ᠰᠣᠶᠣᠯ᠎ᠤᠨ ᠬᠦᠴᠦᠷᠬᠡᠭ ᠣᠷᠣᠨ᠎ᠢ ᠪᠦᠲᠦᠭᠡᠨ ᠪᠠᠶ᠋ᠢᠭᠤᠯᠬᠤ》 ᠠᠵᠤ ᠦᠢᠯᠡᠰ᠎ᠦᠨ ᠬᠥᠭᠵᠢᠯᠲᠡ᠎ᠶᠢᠨ ᠰᠤᠳᠤᠯᠤᠨ ᠶᠠᠷᠢᠯᠴᠠᠬᠤ ᠬᠤᠷᠠᠯ ᠵᠡᠷᠭᠡ ᠭᠣᠣᠯ ᠰᠡᠳᠦᠪᠲᠦ ᠠᠵᠢᠯᠯᠠᠭ᠎ᠠ᠎ᠶᠢ ᠢᠵᠢ ᠪᠦᠷᠢᠳᠦᠭᠦᠯᠦᠨ ᠡᠷᠭᠢᠯᠡᠬᠦ᠎ᠪᠡᠷ ᠪᠣᠶ᠃ ᠡᠭᠦᠨ᠎ᠦ ᠬᠠᠮᠲᠤ ᠦᠵᠡᠭᠴᠢᠳ᠎ᠲᠦ ᠬᠠᠨᠳᠤᠭᠤᠯᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠷ᠎ᠠ ᠮᠡᠷᠭᠡᠵᠢᠯ᠎ᠢ ᠪᠡᠶᠡᠴᠢᠯᠡᠨ ᠣᠢᠯᠠᠭᠠᠬᠤ᠂ ᠤᠷᠠᠨ ᠰᠠᠢᠬᠠᠨ᠎ᠤ ᠲᠣᠭᠯᠠᠯᠲᠠ ᠭᠠᠷᠭᠠᠬᠤ᠂ ᠤᠴᠢᠵᠤ ᠵᠢᠭᠤᠯᠴᠢᠯᠠᠵᠤ ᠲᠠᠮᠳᠡᠭ ᠴᠤᠭᠯᠠᠭᠤᠯᠬᠤ ᠵᠡᠷᠭᠡ ᠪᠠᠶᠠᠯᠢᠭ᠋ ᠰᠠᠢᠬᠠᠨ ᠬᠣᠷᠰᠢᠯᠴᠠᠬᠤ ᠠᠭᠤᠯᠭ᠎ᠠ᠎ᠶᠢ ᠪᠠᠢᠩᠭᠤᠵᠢᠭᠤᠯᠤᠨ ᠵᠣᠬᠢᠶᠠᠨ ᠪᠠᠢᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号