ᠳᠠᠯᠠᠨ ᠬᠠᠷ᠎ᠠ ᠠᠭᠤᠯᠠ ᠵᠢᠨ 6800 ᠮᠦ᠍ ᠬᠠᠷᠰᠢᠮᠠᠲᠠᠭᠠᠢ ᠴᠢᠨᠠᠷᠲᠠᠢ ᠰᠢᠷᠠᠯᠵᠢ ᠵᠢ ᠴᠡᠪᠡᠷᠯᠡᠨ ᠠᠷᠢᠯᠭᠠᠵᠠᠢ
2026-08-06 10:31:07
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠡᠨᠡ ᠵᠢᠯ ᠡᠴᠡ ᠨᠠᠭᠠᠰᠢ᠂ ᠳᠠᠯᠠᠨ ᠬᠠᠷ᠎ᠠ ᠠᠭᠤᠯᠠ ᠵᠢᠨ ᠠᠮᠢ ᠠᠬᠤᠢ ᠵᠢᠨ ᠠᠷᠠᠴᠢᠯᠠᠨ ᠬᠠᠮᠠᠭᠠᠯᠠᠬᠤ ᠲᠥᠪ ᠢᠮᠠᠭᠠᠲᠤ᠂ ᠲᠤᠰᠬᠤ ᠭᠡᠷ᠂ ᠬᠠᠷᠠᠭᠠᠴᠢᠨ᠂ ᠤᠯᠠᠭᠠᠨᠴᠠᠪ᠎ᠤ᠋ᠨ ᠠᠷᠠᠴᠢᠯᠠᠨ ᠬᠠᠮᠠᠭᠠᠯᠠᠬᠤ ᠣᠷᠣᠨ ᠪᠦᠰᠡ ᠶ᠋ᠢ ᠨᠢᠭᠡᠳᠦᠯᠲᠡᠢ ᠲᠥᠯᠥᠪᠵᠢᠭᠦᠯᠵᠦ᠂ ᠰᠢᠷᠠᠯᠵᠢ ᠵᠢᠨ ᠢᠵᠠᠭᠤᠷ ᠤ᠋ᠨ ᠤᠷᠭᠤᠮᠠᠯ ᠢ᠋ ᠴᠡᠪᠡᠷᠯᠡᠨ ᠵᠠᠰᠠᠬᠤ ᠡᠯ᠎ᠡ ᠵᠦᠢᠯ ᠤ᠋ᠨ ᠠᠵᠢᠯ ᠢ᠋ ᠠᠬᠢᠭᠤᠯᠪᠠ᠃ ᠣᠲᠣ᠌ ᠪᠣᠯᠲᠠᠯ᠎ᠠ᠂ ᠬᠢᠨᠠᠨ ᠲᠣᠭᠲᠠᠭᠠᠭᠰᠠᠨ 6800 ᠮᠦ᠍ ᠰᠢᠷᠠᠯᠵᠢ ᠵᠢᠨ ᠢᠵᠠᠭᠤᠷ ᠤ᠋ᠨ ᠤᠷᠭᠤᠮᠠᠯ ᠢ᠋ ᠪᠦᠬᠦᠨ ᠢ᠋ ᠴᠡᠪᠡᠷᠯᠡᠨ ᠠᠷᠢᠯᠭᠠᠵᠤ᠂ ᠬᠡᠰᠡᠭ ᠣᠷᠣᠨ᠎ᠤ ᠠᠮᠢ ᠠᠬᠤᠢ ᠵᠢᠨ ᠣᠷᠴᠢᠨ ᠨᠥᠬᠥᠴᠡᠯ ᠢ᠋ ᠵᠡᠷᠭᠡ ᠪᠡᠷ ᠳᠡᠭᠡᠭᠰᠢᠯᠡᠭᠦᠯᠪᠡ᠃

ᠰᠢᠷᠠᠯᠵᠢ ᠵᠢᠨ ᠢᠵᠠᠭᠤᠷ ᠤ᠋ᠨ ᠤᠷᠭᠤᠮᠠᠯ᠎ᠤᠨ ᠤᠷᠭᠤᠯᠲᠠ ᠵᠢᠨ ᠵᠢᠮ᠎ᠡ ᠶᠣᠰᠣ᠌᠎ᠲᠠᠢ ᠤᠶᠠᠯᠳᠤᠭᠤᠯᠤᠨ᠂ ᠠᠷᠠᠴᠢᠯᠠᠨ ᠬᠠᠮᠠᠭᠠᠯᠠᠬᠤ ᠲᠥᠪ ᠤ᠋ᠨ ᠡᠮᠦᠨᠡᠬᠢ ᠬᠤᠭᠤᠴᠠᠭᠠᠨ᠎ᠤ ᠰᠢᠷᠠᠯᠵᠢ ᠵᠢᠨ ᠢᠵᠠᠭᠤᠷ ᠤ᠋ᠨ ᠤᠷᠭᠤᠮᠠᠯ᠎ᠤᠨ ᠲᠥᠪᠯᠡᠷᠡᠩᠭᠦᠢ ᠲᠠᠷᠬᠠᠯᠲᠠ ᠵᠢᠨ ᠣᠷᠣᠨ ᠪᠦᠰᠡ ᠳ᠋ᠤ 6800 ᠮᠦ᠍ ᠰᠢᠷᠠᠯᠵᠢ ᠵᠢᠨ ᠢᠵᠠᠭᠤᠷ ᠤ᠋ᠨ ᠤᠷᠭᠤᠮᠠᠯ ᠢ᠋ ᠵᠠᠰᠠᠬᠤ ᠪᠡᠷ ᠣᠨᠣᠪᠴᠢᠲᠠᠶ ᠬᠢᠨᠠᠨ ᠲᠣᠭᠲᠠᠭᠠᠪᠠ᠃ ᠠᠷᠠᠴᠢᠯᠠᠨ ᠬᠠᠮᠠᠭᠠᠯᠠᠬᠤ ᠲᠥᠪ ᠲᠤᠬᠠᠢ ᠵᠢᠨ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠬᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠵᠠᠷᠴᠢᠮ ᠢ᠋ ᠪᠠᠷᠢᠮᠲᠠᠯᠠᠨ᠂ ᠮᠠᠰᠢᠨ ᠵᠢᠡᠷ ᠣᠭᠲᠣᠯᠬᠤ᠂ ᠬᠥᠮᠥᠨ᠎ᠦ ᠬᠦᠴᠦ ᠪᠡᠷ ᠠᠷᠢᠯᠭᠠᠬᠤ᠂ ᠠᠮᠢᠳᠤ ᠪᠣᠳᠠᠰ ᠵᠢᠡᠷ ᠣᠷᠣᠯᠠᠭᠤᠯᠬᠤ ᠶ᠋ᠢ ᠬᠠᠷᠢᠯᠴᠠᠨ ᠤᠶᠠᠯᠳᠤᠭᠤᠯᠤᠭᠰᠠᠨ ᠵᠠᠭᠪᠤᠷ ᠢ᠋ ᠬᠡᠷᠡᠭᠯᠡᠨ ᠬᠠᠷᠰᠢᠮᠠᠲᠠᠭᠠᠢ ᠴᠢᠨᠠᠷᠲᠠᠢ ᠰᠢᠷᠠᠯᠵᠢ ᠵᠢᠨ ᠢᠵᠠᠭᠤᠷ ᠤ᠋ᠨ ᠤᠷᠭᠤᠮᠠᠯ᠎ᠤᠨ ᠵᠠᠰᠠᠯᠲᠠ ᠶ᠋ᠢ ᠠᠯᠬᠤᠮ ᠬᠤᠪᠢᠶᠠᠨ ᠠᠬᠢᠭᠤᠯᠪᠠ᠃

ᠠᠷᠠᠴᠢᠯᠠᠨ ᠬᠠᠮᠠᠭᠠᠯᠠᠬᠤ ᠲᠥᠪ᠎ᠡᠬᠢ ᠡᠭᠦᠰᠦᠯ ᠡᠴᠡ ᠨᠢ ᠬᠣᠷᠢᠭ᠍ᠯᠠᠬᠤ᠎ᠳᠤ ᠠᠩᠬᠠᠷᠤᠯ ᠵᠢᠡᠨ ᠲᠥᠪᠯᠡᠷᠡᠭᠦᠯᠵᠦ᠂ ᠰᠢᠷᠠᠯᠵᠢ ᠡᠪᠡᠰᠦ ᠵᠢᠨ ᠵᠠᠯᠭᠠᠯᠳᠤᠭᠰᠠᠨ ᠣᠷᠣᠨ ᠪᠦᠰᠡ ᠳ᠋ᠤ ᠴᠢᠭᠯᠡᠭᠦᠯᠦᠨ ᠬᠥᠷᠥᠰᠥ ᠰᠢᠷᠣᠢ ᠶ᠋ᠢ ᠭᠦᠨ ᠤᠷᠪᠠᠭᠤᠯᠵᠤ ᠲᠡᠭᠰᠢᠯᠡᠬᠦ ᠵᠢᠨ ᠬᠠᠮᠲᠤ 9 ᠵᠦᠢᠯ ᠤ᠋ᠨ ᠨᠤᠲᠤᠭ᠎ᠤᠨ ᠡᠪᠡᠰᠦᠨ᠎ᠦ ᠦᠷ᠎ᠡ ᠶ᠋ᠢ ᠰᠣᠩᠭᠣᠵᠤ ᠬᠠᠮᠲᠤ ᠳ᠋ᠤᠨᠢ ᠲᠠᠷᠢᠵᠤ᠂ ᠪᠤᠰᠤᠳ ᠤᠷᠭᠤᠮᠠᠯ᠎ᠬᠤᠴᠢᠯᠭ᠎ᠠ᠎ᠪᠠᠷ ᠰᠢᠷᠠᠯᠵᠢ ᠡᠪᠡᠰᠦ ᠵᠢᠨ ᠤᠷᠭᠤᠯᠲᠠ ᠵᠢᠨ ᠣᠷᠣᠨ ᠵᠠᠢ ᠶ᠋ᠢ ᠰᠢᠬᠠᠵᠤ᠂ ᠨᠡᠶ᠋ᠢᠲᠡ 1100 ᠮᠦ᠍ ᠣᠷᠣᠨ ᠪᠦᠰᠡ ᠶ᠋ᠢ ᠴᠡᠪᠡᠷᠯᠡᠬᠦ᠂ ᠦᠨᠳᠦᠰᠦ ᠶ᠋ᠢ ᠨᠢ ᠲᠠᠰᠤᠯᠬᠤ᠂ ᠤᠷᠭᠤᠯᠲᠠ ᠶ᠋ᠢ ᠨᠢ ᠨᠦᠯᠦᠭᠡᠯᠡᠬᠦ᠂  ᠪᠥᠬᠥ ᠬᠡᠯᠬᠢᠶ᠎ᠡ ᠪᠡᠷ ᠪᠢᠲᠡᠭᠦᠮᠵᠢᠯᠡᠨ ᠵᠠᠰᠠᠬᠤ ᠶ᠋ᠢ ᠪᠡᠶᠡᠯᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号