ᠦᠪᠦᠷ ᠮᠤᠡᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠤᠰᠤᠨ ᠠᠰᠢᠭᠯᠠᠯᠲᠠ ᠢ᠋ᠢᠨ ᠲᠢᠩᠬᠢᠮ ᠤᠢᠷ᠎ᠠ ᠳ᠋ᠤ ᠭᠠᠩ ᠬᠠᠭᠰᠠᠷᠠᠭᠠᠨ ᠲᠠᠢ ᠲᠡᠮᠡᠴᠡᠬᠦ᠌ ᠸᠢᠳᠢᠣ᠋ ᠬᠤᠷᠠᠯ ᠬᠢᠵᠤ᠂ ᠪᠥᠬᠥ᠌ ᠣᠷᠣᠨ ᠤ᠋ ᠭᠠᠩ ᠬᠠᠭᠰᠠᠷᠠᠭᠠᠨ ᠤ᠋ ᠪᠠᠶ᠋ᠢᠳᠠᠯ ᠢ᠋ ᠰᠤᠳᠤᠯᠤᠨ ᠮᠠᠭᠠᠳᠯᠠᠵᠤ᠂ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ᠋ ᠳᠠᠬᠢᠨᠳᠠ ᠨᠠᠷᠢᠯᠢᠬᠵᠢᠭᠤᠯᠤᠨ ᠪᠠᠢᠷᠢᠯᠠᠭᠤᠯᠪᠠ᠃
ᠡᠨᠡ ᠵᠢᠯ ᠮᠠᠨ ᠤ᠋ ᠣᠷᠣᠨ ᠳ᠋ᠤ 《ᠵᠡᠭᠦᠨ ᠪᠡᠶ᠎ᠠ ᠪᠡᠷ ᠦᠶᠡᠷᠯᠡᠨ ᠪᠠᠷᠠᠭᠤᠨ ᠪᠡᠶ᠎ᠠ ᠪᠡᠷ ᠭᠠᠩᠳᠠᠬᠤ》 ᠪᠠᠢᠳᠠᠯ ᠢᠯᠡᠷᠡᠵᠤ᠂ ᠳᠤᠮᠳᠠ ᠪᠡᠶ᠎ᠠ ᠪᠤᠯᠤᠨ ᠪᠠᠷᠠᠭᠤᠨ ᠪᠡᠶ᠎ᠠ ᠢ᠋ᠢᠨ ᠭᠠᠵᠠᠷ ᠣᠷᠣᠨ ᠳ᠋ᠤ ᠦᠷᠭᠦᠯᠵᠢᠯᠡᠭᠰᠡᠨ ᠠᠭᠠᠬᠢᠮ᠎ᠠ ᠬᠠᠯᠠᠭᠤᠨ ᠠᠭᠤᠷ ᠠᠮᠢᠰᠬᠤᠯ ᠢᠯᠡᠷᠡᠨ ᠭᠠᠩ ᠤ᠋ᠨ ᠪᠠᠶ᠋ᠢᠳᠠᠯ ᠤᠯᠠᠮ ᠬᠡᠴᠡᠭᠦᠳᠴᠠᠢ᠃ ᠬᠤᠷᠠᠯ ᠡᠴᠡ᠂ ᠡᠯ᠎ᠡ ᠱᠠᠲᠤᠨ ᠤ᠋ ᠤᠰᠤᠨ ᠠᠰᠢᠭᠯᠠᠯᠲᠠ ᠢ᠋ᠢᠨ ᠰᠠᠯᠠᠭ᠎ᠠ ᠮᠥᠴᠢᠷ ᠤ᠋ᠨᠬᠢᠨ ᠭᠠᠩ ᠬᠠᠭᠰᠠᠷᠠᠭᠠᠨ ᠲᠠᠢ ᠲᠡᠮᠡᠴᠡᠬᠦ᠌ 《ᠭᠤᠷᠪᠠ ᠢ᠋ᠢ ᠪᠠᠲᠤᠯᠠᠬᠤ》 ᠬᠠᠷᠠᠯᠲᠠ ᠢ᠋ᠢ ᠲᠣᠭᠲᠠᠭᠠᠵᠤ᠂ ᠭᠠᠩ ᠬᠠᠭᠰᠠᠷᠠᠭᠠᠨ ᠲᠠᠢ ᠲᠡᠮᠡᠴᠡᠬᠦ᠌ ᠬᠠᠷᠢᠭᠤᠴᠠᠯᠭ᠎ᠠ ᠢ᠋ᠢ ᠪᠣᠳᠠᠲᠠᠶ᠋ᠢᠵᠢᠭᠤᠯᠤᠨ᠂ ᠪᠣᠷᠣᠭᠠᠨ ᠤ᠋ ᠪᠠᠶ᠋ᠢᠳᠠᠯ᠂ ᠤᠰᠤᠨ ᠤ᠋ ᠪᠠᠶ᠋ᠢᠳᠠᠯ᠂ ᠴᠢᠭᠢᠭ ᠤ᠋ᠨ ᠪᠠᠶ᠋ᠢᠳᠠᠯ ᠪᠠ ᠲᠠᠷᠢᠶᠠᠯᠠᠩ ᠤ᠋ᠨ ᠪᠠᠶ᠋ᠢᠳᠠᠯ ᠢ᠋ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠢ᠋ᠢ ᠴᠢᠩᠭ᠎ᠠ ᠠᠩᠬᠠᠷᠴᠤ᠌᠂ ᠮᠠᠯᠵᠢᠬᠤ ᠲᠠᠷᠢᠶᠠᠯᠠᠬᠤ ᠤᠷᠤᠨ ᠤ᠋ ᠤᠰᠤ ᠤᠮᠳᠠ ᠢ᠋ᠢᠨ ᠬᠠᠡᠭᠭᠠᠯᠭ᠎ᠠ ᠢ᠋ᠢᠨ 《 3 + 1》 ᠢ᠋ᠢᠨ ᠪᠠᠷᠢᠮᠵᠢᠶᠠᠵᠢᠭᠰᠠᠨ ᠵᠠᠭᠪᠤᠷ ᠤ᠋ᠨ ᠦᠢᠯᠡᠳᠦᠯ ᠢ᠋ ᠭᠦᠢᠴᠡᠳ ᠪᠠᠳᠠᠷᠠᠭᠤᠯᠵᠤ᠂ ᠭᠠᠩ ᠬᠠᠭᠰᠠᠷᠠᠭᠠᠨ ᠲᠠᠢ ᠲᠡᠮᠡᠴᠡᠵᠦ᠍ ᠬᠠᠩᠭᠠᠯᠭ᠎ᠠ ᠢ᠋ᠢ ᠪᠠᠲᠤᠯᠠᠬᠤ ᠪᠠᠴᠢᠮ ᠪᠠᠶ᠋ᠢᠳᠠᠯ ᠢ᠋ ᠠᠷᠭᠠᠴᠠᠭᠠᠬᠤ ᠪᠡᠯᠡᠳᠬᠡᠯ ᠲᠥᠰᠦᠯ ᠢ᠋ ᠨᠠᠷᠢᠯᠢᠬᠵᠢᠭᠤᠯᠤᠨ ᠪᠣᠳᠠᠲᠠᠶ᠋ᠢᠵᠢᠭᠤᠯᠵᠤ᠂ ᠤᠰᠤᠯᠠᠯᠲᠠ ᠢ᠋ᠢᠨ ᠣᠷᠣᠨ ᠤ᠋ ᠲᠠᠷᠢᠮᠠᠯ ᠤ᠋ᠨ ᠤᠰᠤ ᠬᠡᠷᠡᠭᠯᠡᠬᠦ᠌ ᠬᠡᠷᠡᠭᠴᠡᠭᠡ ᠱᠠᠭᠠᠷᠳᠠᠯᠭ᠎ᠠ ᠢ᠋ᠢ ᠣᠨᠣᠴᠠᠲᠠᠶ ᠵᠣᠯᠭᠠᠭᠤᠯᠵᠤ᠂ ᠤᠰᠤᠨ ᠤ᠋ ᠠᠮᠤᠷ ᠲᠦᠪᠰᠢᠨ ᠤ᠋ ᠬᠣᠷᠢᠭ᠎ᠠ ᠱᠤᠭᠤᠮ ᠢ᠋ ᠪᠠᠲᠤ᠌ ᠰᠠᠬᠢᠬᠤ ᠬᠡᠷᠡᠭᠲᠡᠶ ᠭᠡᠵᠤ ᠴᠢᠬᠤᠯᠠᠴᠢᠯᠠᠪᠠ᠃
ᠬᠤᠷᠠᠯ ᠡᠴᠡ᠂ ᠪᠦᠬᠦ ᠤᠷᠤᠨ ᠤ᠋ ᠡᠯ᠎ᠡ ᠱᠠᠲᠤᠨ ᠤ᠋ ᠤᠰᠤᠨ ᠠᠰᠢᠭᠯᠠᠯᠲᠠ ᠢ᠋ᠢᠨ ᠰᠠᠯᠠᠭ᠎ᠠ ᠮᠥᠴᠢᠷ ᠤ᠋ᠨ ᠬᠢᠨ ᠨᠢᠭᠡᠳᠦᠯᠲᠡᠢ ᠲᠤᠬᠢᠷᠠᠭᠤᠯᠤᠯᠲᠠ ᠪᠠᠨ ᠴᠢᠩᠭᠠᠳᠬᠠᠨ᠂ ᠰᠢᠨᠵᠢᠯᠡᠬᠦ᠌ ᠤᠬᠠᠭᠠᠨᠴᠢ ᠪᠡᠷ ᠠᠷᠭ᠎ᠠ ᠪᠤᠳᠤᠯᠭ᠎ᠠ ᠬᠡᠷᠡᠭᠵᠢᠭᠦᠯᠵᠦ᠍᠂ ᠭᠠᠩ ᠬᠠᠭᠰᠠᠷᠠᠭᠠᠨ ᠲᠠᠢ ᠲᠡᠮᠡᠴᠡᠬᠦ᠌ ᠠᠵᠢᠯ ᠢ᠋ ᠰᠠᠶ᠋ᠢᠲᠤᠷ ᠬᠢᠬᠦ ᠬᠡᠷᠡᠭᠳᠠᠢ; 《ᠨᠢᠭᠡ ᠴᠥᠭᠥᠷᠥᠮ ᠳ᠋ᠤ ᠨᠢᠭᠡ ᠠᠷᠭ᠎ᠠ ᠪᠣᠳᠣᠯᠭ᠎ᠠ》 ᠢ᠋ᠢᠨ ᠲᠣᠬᠢᠷᠠᠭᠤᠯᠤᠯᠲᠠ ᠢ᠋ᠢ ᠬᠡᠷᠡᠭᠵᠢᠭᠦᠯᠤᠨ᠂ ᠤᠰᠤᠨ ᠴᠥᠭᠥᠷᠥᠮ ᠤ᠋ᠨ ᠤᠰᠤ ᠬᠠᠳᠠᠭᠠᠯᠠᠬᠤ ᠳᠠᠯᠳᠠ ᠬᠦᠴᠦᠨ ᠢ᠋ ᠪᠥᠬᠥ᠌ ᠬᠦᠴᠦᠨ ᠢ᠋ᠢᠡᠷ ᠵᠢᠡᠨ ᠠᠭᠤᠳᠠᠯᠵᠤ᠂ ᠮᠠᠯᠵᠢᠬᠤ ᠲᠠᠷᠢᠶᠠᠯᠠᠬᠤ ᠣᠷᠣᠨ ᠤ᠋ ᠭᠠᠩᠳᠠᠵᠤ ᠤᠰᠤ ᠳᠤᠲᠠᠭᠳᠠᠵᠤ ᠪᠠᠶ᠋ᠢᠭ᠎ᠠ ᠪᠠᠶ᠋ᠢᠳᠠᠯ ᠢ᠋ ᠪᠦᠬᠦ᠌ ᠲᠠᠯ᠎ᠠ ᠪᠡᠷ ᠵᠢᠭᠰᠠᠭᠠᠨ ᠪᠠᠶ᠋ᠢᠴᠠᠭᠠᠵᠤ᠂ ᠭᠠᠵᠠᠷ ᠣᠷᠣᠨ ᠤ᠋ ᠪᠠᠶ᠋ᠢᠳᠠᠯ ᠳ᠋ᠠᠭᠠᠨ ᠲᠤᠬᠢᠷᠠᠭᠤᠯᠤᠨ ᠤᠰᠤ ᠬᠠᠩᠭᠠᠬᠤ ᠠᠮᠢᠳᠤᠯᠢᠭ ᠠᠷᠭ᠎ᠠ ᠬᠡᠮᠵᠢᠶ᠎ᠡ ᠠᠪᠴᠤ᠌᠂ ᠬᠥᠮᠦᠨ ᠮᠠᠯ ᠤ᠋ᠨ ᠤᠰᠤ ᠤᠮᠳᠠ ᠪᠣᠯᠤᠨ ᠲᠠᠷᠢᠮᠠᠯ ᠤ᠋ᠨ ᠤᠰᠤᠯᠠᠯᠲᠠ ᠢ᠋ᠢᠨ ᠬᠡᠷᠡᠭᠴᠡᠭᠡ ᠢ᠋ᠢ ᠪᠠᠲᠤᠯᠠᠬᠤ ᠬᠡᠷᠡᠭᠳᠠᠢ;ᠨᠠᠷᠢᠯᠢᠭ ᠤᠨᠤᠴᠠᠲᠠᠢ ᠪᠡᠷ ᠤᠰᠤ ᠨᠥᠬᠥᠪᠥᠷᠢᠯᠡᠨ ᠤᠰᠤ ᠲᠠᠲᠠᠵᠤ᠂ ᠡᠯ᠎ᠡ ᠲᠦᠷᠦᠯ ᠤ᠋ᠨ ᠤᠰᠤᠨ ᠤ᠋ ᠡᠬᠢ ᠰᠤᠷᠪᠤᠯᠵᠢ ᠢ᠋ᠢ ᠨᠢᠭᠡᠳᠦᠯᠲᠡᠢ ᠲᠥᠯᠥᠪᠵᠢᠭᠦᠯᠦᠨ ᠬᠡᠷᠡᠭᠯᠡᠵᠦ᠍᠂ ᠪᠠᠴᠢᠮ ᠪᠠᠶ᠋ᠢᠳᠠᠯ ᠢ᠋ ᠠᠷᠭᠠᠴᠠᠭᠠᠬᠤ ᠤᠰᠤ ᠲᠠᠲᠠᠬᠤ ᠪᠡᠯᠡᠳᠬᠡᠯ ᠢ᠋ ᠰᠠᠶ᠋ᠢᠲᠤᠷ ᠬᠢᠬᠦ ᠬᠡᠷᠡᠭᠳᠠᠢ; ᠤᠰᠤᠶ᠋ᠢ ᠣᠨᠣᠪᠴᠢᠲᠠᠢ ᠬᠡᠷᠡᠭᠯᠡᠵᠦ᠍ ᠣᠨᠣᠪᠴᠢᠲᠠᠢ ᠬᠠᠮᠢᠶᠠᠷᠴᠤ᠌᠂ ᠤᠰᠤᠨ ᠤ᠋ ᠬᠤᠪᠢᠶᠠᠷᠢᠯᠠᠯᠲᠠ ᠢ᠋ᠢ ᠰᠢᠯᠢᠳᠡᠭᠵᠢᠭᠦᠯᠤᠨ᠂ ᠤᠰᠤ ᠬᠠᠩᠭᠠᠬᠤ ᠦᠢᠯᠡᠴᠢᠯᠡᠭᠡᠨ ᠤ᠋ ᠶᠠᠰᠤ ᠴᠢᠨᠠᠷ ᠢ᠋ ᠳᠡᠭᠡᠭᠰᠢᠯᠡᠭᠦᠯᠵᠦ᠍᠂ ᠰᠠᠪᠠ ᠭᠠᠵᠠᠷ ᠤ᠋ᠨ ᠤᠰᠤᠨ ᠤ᠋ ᠢᠨᠵᠧᠨᠧᠷᠢᠩ ᠢ᠋ ᠰᠢᠨᠵᠢᠯᠡᠬᠦ᠌ ᠤᠬᠠᠭᠠᠨᠴᠢ ᠪᠡᠷ ᠲᠤᠬᠢᠷᠠᠭᠤᠯᠬᠤ ᠢ᠋ᠢ ᠠᠯᠬᠤᠮ ᠠᠯᠬᠤᠮ ᠵᠢᠡᠷ ᠪᠡᠶᠡᠯᠡᠭᠦᠯᠵᠦ᠍᠂ᠪᠦᠬᠦ᠌ ᠨᠡᠶ᠋ᠢᠭᠡᠮ ᠳ᠋ᠤ ᠤᠰᠤ ᠠᠷᠪᠢᠯᠠᠬᠤ ᠤᠢ᠌ᠯᠠᠭᠠᠭᠳᠠᠬᠤᠨ ᠢ᠋ ᠪᠤᠢ ᠪᠤᠯᠭᠠᠬᠤ ᠬᠡᠷᠡᠭᠳᠠᠢ ᠬᠡᠵᠤ ᠱᠠᠭᠠᠷᠳᠠᠪᠠ᠃
ᠤᠢᠯᠠᠭᠠᠭᠰᠠᠨ ᠵᠢᠡᠷ᠂ ᠪᠦᠬᠦ᠌ ᠣᠷᠣᠨ ᠤ᠋ ᠤᠰᠤᠨ ᠠᠰᠢᠭᠯᠠᠯᠲᠠ ᠢ᠋ᠢᠨ ᠰᠠᠯᠠᠭ᠎ᠠ ᠮᠥᠴᠢᠷ ᠤ᠋ᠨᠬᠢᠨ ᠦᠶᠡᠷ ᠢ᠋ ᠰᠡᠷᠭᠡᠶ᠋ᠢᠯᠡᠵᠦ᠍ ᠭᠠᠩ ᠬᠠᠭᠰᠠᠷᠠᠭᠠᠨ ᠲᠠᠢ ᠲᠡᠮᠡᠴᠡᠬᠦ᠌ ᠬᠣᠶᠠᠷ ᠲᠠᠯ᠎ᠠ ᠢ᠋ᠢ ᠵᠡᠷᠬᠡ ᠪᠡᠷ ᠠᠳᠬᠤᠨ᠂ ᠭᠠᠩ ᠬᠠᠭᠰᠠᠷᠠᠭᠠᠨ ᠪᠤᠯᠤᠨ ᠦᠶᠠᠷ ᠤᠰᠤᠲᠤᠯ ᠤ᠋ᠨ ᠬᠤᠪᠢᠷᠠᠯᠲᠠ ᠢ᠋ᠢ ᠴᠢᠩᠭ᠎ᠠ ᠠᠡᠭᠬᠠᠷᠴᠤ᠂ ᠤᠰᠤᠨ ᠴᠥᠭᠥᠷᠥᠮ᠂ ᠬᠠᠰᠢᠯᠭ᠎ᠠ ᠳᠠᠯᠠᠩ᠂ ᠨᠦᠯᠦᠮᠡᠯ ᠭᠠᠵᠠᠷ ᠤ᠋ᠨ ᠬᠠᠰᠢᠯᠭ᠎ᠠ᠂ ᠪᠦᠳᠦᠬᠡᠨ ᠪᠠᠶ᠋ᠢᠭᠤᠯᠵᠤ ᠪᠠᠶ᠋ᠢᠭ᠎ᠠ ᠪᠠᠷᠢᠯᠭ᠎ᠠ ᠵᠡᠷᠭᠡ ᠦᠶᠡᠷ ᠢ᠋ ᠰᠡᠷᠭᠡᠶ᠋ᠢᠯᠡᠬᠦ᠌ ᠪᠠᠭᠤᠷᠠᠢ ᠭᠣᠭᠴᠣᠭ᠎ᠠ ᠢ᠋ᠢ ᠪᠦᠬᠦ᠌ ᠲᠠᠯ᠎ᠠ ᠪᠡᠷ ᠵᠢᠭᠰᠠᠭᠠᠨ ᠪᠠᠶ᠋ᠢᠴᠠᠭᠠᠵᠤ ᠴᠡᠭᠴᠡᠯᠡᠨ ᠵᠠᠰᠠᠵᠤ ᠪᠠᠢᠨ᠎ᠠ᠃ ᠪᠠᠰᠠ ᠦᠶᠡᠷ ᠢ᠋ ᠰᠡᠷᠭᠡᠢᠯᠡᠬᠦ ᠪᠡᠯᠡᠳᠬᠡᠯ ᠲᠥᠰᠦᠯ ᠢ᠋ ᠲᠡᠭᠦᠯᠳᠡᠷᠵᠢᠭᠦᠯᠤᠨ᠂ ᠭᠣᠣᠯ ᠮᠥᠷᠡᠨ ᠨᠠᠭᠤᠷ ᠴᠥᠭᠥᠷᠥᠮ ᠤ᠋ᠨ ᠡᠷᠭᠢ ᠢ᠋ᠢᠨ ᠱᠤᠭᠤᠮ ᠢ᠋ ᠬᠠᠮᠢᠶᠠᠷᠤᠨ ᠡᠵᠡᠮᠳᠡᠬᠦ᠌ ᠬᠠᠷᠢᠭᠤᠴᠠᠯᠭ᠎ᠠ ᠢ᠋ᠢ ᠪᠣᠳᠠᠲᠠᠶ᠋ᠢᠵᠢᠭᠤᠯᠵᠤ᠂ ᠭᠠᠮᠰᠢᠭ ᠡᠴᠡ ᠡᠮᠦᠨᠡᠬᠢ ᠰᠡᠷᠡᠮᠵᠢᠯᠡᠭᠦᠯᠦᠯ ᠤ᠋ᠨ ᠲᠣᠭᠲᠠᠴᠠ ᠢ᠋ᠢ ᠴᠢᠩᠭ᠎ᠠ ᠨᠠᠶ᠋ᠢᠳᠠᠪᠤᠷᠢᠵᠢᠭᠤᠯᠵᠤ᠂ ᠦᠶᠡᠷ ᠤᠰᠤᠲᠤᠯ ᠤ᠋ᠨ ᠭᠠᠮᠰᠢᠭ ᠢ᠋ ᠪᠦᠬᠦ᠌ ᠬᠦᠴᠦᠨ ᠢ᠋ᠢᠡᠷ ᠵᠢᠡᠨ ᠰᠡᠷᠭᠡᠶ᠋ᠢᠯᠡᠵᠦ᠍᠂ ᠠᠷᠠᠳ ᠤᠯᠠᠨ ᠤ᠋ ᠠᠮᠢ ᠨᠠᠰᠤ ᠡᠳ᠋ ᠬᠦᠷᠦᠨᠭᠭᠡ ᠢ᠋ᠢᠨ ᠠᠮᠤᠷ ᠲᠦᠪᠰᠢᠨ ᠢ᠋ ᠪᠠᠲᠤᠯᠠᠵᠤ ᠪᠠᠢᠨ᠎ᠠ᠃