ᠰᠢᠶᠠᠩᠭᠠᠩ ᠤ᠋ᠨ ᠤᠯᠠᠭᠠᠨ ᠵᠠᠭᠠᠯᠮᠠᠢᠳᠠᠨ ᠤ᠋ ᠨᠡᠢᠭᠡᠮᠯᠢᠭ ᠤ᠋ᠨ ᠬᠢᠨ ᠦᠪᠦᠷ ᠮᠤᠩᠭᠤᠯ ᠳ᠋ᠤ ᠢᠷᠡᠵᠦ ᠰᠢᠨᠵᠢᠯᠡᠨ ᠪᠠᠢᠴᠠᠭᠠᠪᠠ
2026-08-06 10:32:56
ᠵᠣᠬᠢᠶᠠᠭ᠍ᠴᠢ᠄
​ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

 ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠤᠯᠠᠭᠠᠨ ᠵᠠᠭᠠᠯᠮᠠᠢᠳᠠᠨ ᠤ᠋ ᠨᠡᠢᠭᠡᠮᠯᠢᠭ ᠡᠴᠡ ᠤᠢᠯᠠᠭᠠᠭᠰᠠᠨ ᠶ᠋ᠢᠡᠷ᠂ ᠰᠢᠶᠠᠩᠭᠠᠩ ᠤ᠋ᠨ ᠤᠨᠴᠠᠭᠠᠢ ᠵᠠᠰᠠᠭ ᠵᠠᠬᠢᠷᠭᠠᠨ ᠤ᠋ ᠤᠷᠤᠨ ᠤ᠋ ᠤᠯᠠᠭᠠᠨ ᠵᠠᠭᠠᠯᠮᠠᠢᠳᠠᠨ ᠤ᠋ ᠨᠡᠢᠭᠡᠮᠯᠢᠭ ᠤ᠋ᠨ ᠬᠢᠨ ᠤᠢᠷ᠎ᠠ ᠳ᠋ᠤ ᠦᠪᠦᠷ ᠮᠤᠩᠭᠤᠯ ᠳ᠋ᠤ ᠢᠷᠡᠵᠦ ᠰᠢᠨᠵᠢᠯᠡᠨ ᠪᠠᠢᠴᠠᠭᠠᠪᠠ᠃

ᠰᠢᠨᠵᠢᠯᠡᠨ ᠪᠠᠢᠴᠠᠭᠠᠬᠤ ᠪᠦᠯᠬᠦᠮ ᠤ᠋ᠨ ᠬᠢᠨ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠤᠯᠠᠭᠠᠨ ᠵᠠᠭᠠᠯᠮᠠᠢᠳᠠᠨ ᠤ᠋ ᠨᠡᠢᠭᠡᠮᠯᠢᠭ ᠤ᠋ᠨ ᠬᠦᠮᠦᠯᠢᠭ ᠰᠤᠶᠤᠯ ᠬᠦᠮᠦᠵᠢᠯ ᠤ᠋ᠨ ᠰᠠᠭᠤᠷᠢᠨ ᠪᠤᠯᠤᠨ ᠠᠮᠢ ᠨᠠᠰᠤᠨ ᠤ᠋ ᠡᠷᠡᠭᠦᠯ ᠮᠡᠨᠳᠦ ᠠᠮᠦᠷ ᠲᠦᠪᠰᠢᠨ ᠤ᠋ ᠲᠤᠬᠠᠢ ᠪᠡᠶᠡᠴᠢᠯᠡᠨ ᠤᠢᠯᠠᠭᠠᠬᠤ ᠤᠷᠳᠤᠨ ᠶ᠋ᠢᠡᠷ ᠲᠤᠭᠤᠷᠢᠨ ᠦᠵᠡᠵᠦ᠂ ᠮᠠᠨ ᠤ᠋ ᠤᠷᠤᠨ ᠤ᠋ ᠤᠯᠠᠭᠠᠨ ᠵᠠᠭᠠᠯᠮᠠᠢᠳᠠᠨ ᠤ᠋ ᠬᠦᠮᠦᠯᠢᠭ ᠰᠤᠶᠤᠯ ᠤ᠋ᠨ ᠤᠯᠠᠮᠵᠢᠯᠠᠯ᠂ ᠠᠮᠢ ᠨᠠᠰᠤᠨ ᠤ᠋ ᠠᠮᠦᠷ ᠲᠦᠪᠰᠢᠨ ᠤ᠋ ᠳᠤᠬᠠᠢ ᠬᠦᠮᠦᠵᠢᠯ᠂ ᠪᠠᠴᠢᠮ ᠪᠠᠢᠳᠠᠯ ᠢ᠋ ᠠᠷᠭᠠᠴᠠᠭᠠᠵᠤ ᠠᠪᠤᠷᠠᠨ ᠲᠤᠰᠠᠯᠠᠬᠤ ᠮᠡᠳᠡᠯᠭᠡ ᠮᠡᠷᠭᠡᠵᠢᠯ ᠤ᠋ᠨ ᠲᠦᠭᠡᠮᠡᠯᠵᠢᠭᠦᠯᠦᠯᠳᠡ ᠵᠢᠴᠢ ᠵᠢᠭᠰᠠᠭᠠᠯ ᠤ᠋ᠨ ᠪᠠᠢᠭᠤᠯᠤᠯᠳᠠ ᠪᠤᠯᠤᠨ ᠤᠷᠴᠢᠯ ᠤ᠋ᠨ ᠪᠠᠢᠳᠠᠯ ᠢ᠋ ᠪᠤᠳᠠᠳᠤ ᠲᠠᠯᠠᠪᠤᠷ ᠡᠴᠡ ᠤᠢᠯᠠᠭᠠᠵᠤ᠂ ᠮᠠᠨ ᠤ᠋ ᠤᠷᠤᠨ ᠤ᠋ ᠤᠯᠠᠭᠠᠨ ᠵᠠᠭᠠᠯᠮᠠᠢᠳᠠᠨ ᠤ᠋ ᠦᠢᠯᠡᠰ ᠤ᠋ᠨ ᠬᠦᠭᠵᠢᠯᠳᠡ ᠶ᠋ᠢᠨ ᠲᠡᠤᠬᠡ ᠵᠢᠴᠢ ᠠᠵᠢᠯ ᠤ᠋ᠨ ᠦᠷ᠎ᠠ ᠪᠦᠲᠦᠮᠵᠢ ᠶ᠋ᠢ ᠭᠦᠨᠵᠡᠭᠡᠢ ᠤᠢᠯᠠᠭᠠᠵᠠᠢ᠃ ᠳᠠᠷᠠᠭ᠎ᠠ ᠨᠢ ᠬᠤᠶᠠᠷ ᠲᠠᠯ᠎ᠠ ᠪᠡᠷ ᠵᠢᠡᠨ ᠦᠪᠦᠷ ᠮᠤᠩᠭᠤᠯ ᠪᠤᠯᠤᠨ ᠰᠢᠶᠠᠩᠭᠠᠩ ᠤ᠋ᠨ ᠬᠦᠮᠦᠯᠢᠭ ᠦᠵᠡᠯ ᠤ᠋ᠨ ᠬᠠᠮᠳᠤᠷᠠᠯᠴᠠᠭ᠎ᠠ ᠶ᠋ᠢ ᠴᠢᠨᠠᠭᠰᠢᠳᠠ ᠭᠦᠨᠵᠡᠭᠡᠢᠷᠡᠭᠦᠯᠬᠦ ᠲᠤᠭᠤᠷᠢᠨ ᠳ᠋ᠤ ᠬᠡᠷᠬᠢᠨ ᠬᠠᠮᠳᠤᠷᠠᠯᠴᠠᠬᠤ ᠲᠤᠬᠠᠢ ᠶᠠᠷᠢᠯᠴᠠᠬᠤ ᠬᠤᠷᠠᠯ ᠬᠢᠪᠡ᠃

ᠤᠢᠯᠠᠭᠠᠭᠰᠠᠨ ᠶ᠋ᠢᠡᠷ᠂ ᠰᠢᠶᠠᠩᠭᠠᠩ ᠤ᠋ᠨ ᠤᠨᠴᠠᠭᠠᠢ ᠵᠠᠰᠠᠭ ᠵᠠᠬᠢᠷᠭᠠᠨ ᠤ᠋ ᠤᠷᠤᠨ ᠤ᠋ ᠤᠯᠠᠭᠠᠨ ᠵᠠᠭᠠᠯᠮᠠᠢᠳᠠᠨ ᠤ᠋ ᠨᠡᠢᠭᠡᠮᠯᠢᠭ ᠪᠤᠯᠤᠨ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠤᠯᠠᠭᠠᠨ ᠵᠠᠭᠠᠯᠮᠠᠢᠳᠠᠨ ᠤ᠋ ᠨᠡᠢᠭᠡᠮᠯᠢᠭ ᠮᠠᠰᠢ ᠰᠠᠢᠨ ᠬᠦᠮᠦᠯᠢᠭ ᠦᠵᠡᠯ ᠤ᠋ᠨ ᠬᠠᠮᠳᠤᠷᠠᠯᠴᠠᠭᠠᠨ ᠤ᠋ ᠰᠠᠭᠤᠷᠢ ᠲᠠᠢ ᠶᠤᠮ᠃ 2024 ᠤᠨ ᠡᠴᠡ ᠨᠠᠭᠠᠰᠢ᠂ ᠰᠢᠶᠠᠩᠭᠠᠩ ᠤ᠋ᠨ ᠤᠨᠴᠠᠭᠠᠢ ᠵᠠᠰᠠᠭ ᠵᠠᠬᠢᠷᠭᠠᠨ ᠤ᠋ ᠤᠷᠤᠨ ᠤ᠋ ᠤᠯᠠᠭᠠᠨ ᠵᠠᠭᠠᠯᠮᠠᠢᠳᠠᠨ ᠤ᠋ ᠨᠡᠢᠭᠡᠮᠯᠢᠭ ᠤ᠋ᠨ ᠬᠢᠨ ᠳᠤᠮᠳᠠᠳᠤ ᠤᠯᠤᠰ ᠤ᠋ᠨ ᠤᠯᠠᠭᠠᠨ ᠵᠠᠭᠠᠯᠮᠠᠢᠳᠠᠨ ᠤ᠋ ᠨᠡᠢᠭᠡᠮᠯᠢᠭ ᠤ᠋ᠨ ᠶᠡᠷᠦᠩᠬᠡᠢ ᠨᠡᠢᠭᠡᠮᠯᠢᠭ ᠤ᠋ᠨ ᠳᠡᠮᠵᠢᠯᠭᠡ ᠪᠠ ᠵᠢᠯᠤᠭᠤᠳᠤᠯᠭ᠎ᠠ ᠳᠤᠤᠷ᠎ᠠ᠂ ᠤᠷᠢᠳ ᠬᠤᠵᠢᠳ ᠨᠡᠢᠳᠡ 531 ᠲᠦᠮᠡᠨ ᠲᠦᠭᠦᠷᠢᠭ ᠤ᠋ᠨ ᠪᠡᠯᠡ ᠮᠦᠩᠬᠦ ᠤᠷᠤᠭᠤᠯᠤᠨ ᠦᠪᠦᠷ ᠮᠤᠩᠭᠤᠯ ᠳ᠋ᠤ 《ᠤᠷᠢᠳᠴᠢᠯᠡᠨ ᠰᠡᠷᠡᠮᠵᠢᠯᠡᠭᠦᠯᠵᠦ ᠴᠤᠤᠷᠢᠶᠠᠳᠤᠨ ᠳᠠᠭᠠᠬᠤ》 ᠲᠤᠷᠰᠢᠯᠳᠠ ᠶ᠋ᠢᠨ ᠴᠡᠭ ᠤ᠋ᠨ 1 ᠲᠦᠷᠦᠯ ᠵᠦᠢᠯ ᠪᠤᠯᠤᠨ 《ᠲᠦᠭᠡᠮᠡᠯ ᠬᠠᠢᠷ᠎ᠠ ᠶ᠋ᠢᠨ ᠭᠡᠷ ᠪᠦᠯᠢ — ᠤᠶᠠᠨ ᠬᠠᠳᠠᠨ ᠨᠡᠢᠭᠡᠮ ᠲᠤᠭᠤᠷᠢᠭ》 ᠤ᠋ᠨ 7 ᠲᠦᠷᠦᠯ ᠵᠦᠢᠯ ᠢ᠋ ᠬᠡᠷᠡᠭᠵᠢᠭᠦᠯᠵᠤ᠂ ᠦᠨᠳᠦᠰᠦᠨ ᠱᠠᠳᠤᠨ ᠤ᠋ ᠭᠠᠢ ᠭᠠᠮᠰᠢᠭ ᠢ᠋ ᠰᠡᠷᠭᠡᠢᠯᠡᠨ ᠭᠠᠢ ᠭᠠᠮᠰᠢᠭ ᠢ᠋ ᠪᠠᠭᠠᠰᠬᠠᠬᠤ ᠴᠢᠳᠠᠪᠤᠷᠢ ᠪᠠ ᠠᠭᠤᠷ ᠠᠮᠢᠰᠬᠤᠯ ᠤ᠋ᠨ ᠬᠤᠪᠢᠷᠠᠯᠳᠠ ᠶ᠋ᠢ ᠠᠷᠭᠠᠴᠠᠭᠠᠬᠤ ᠴᠢᠳᠠᠪᠤᠷᠢ ᠶ᠋ᠢ ᠪᠦᠲᠦᠮᠵᠢᠳᠠᠢ ᠳᠡᠭᠡᠭᠰᠢᠯᠡᠭᠦᠯᠵᠠᠢ᠃ ᠬᠤᠶᠠᠷ ᠲᠠᠯ᠎ᠠ ᠪᠡᠷ ᠶ᠋ᠢᠡᠨ ᠲᠦᠷᠦᠯ ᠵᠦᠢᠯ ᠢ᠋ ᠬᠡᠷᠡᠭᠵᠢᠭᠦᠯᠬᠦ᠂ ᠡᠬᠢ ᠪᠠᠶᠠᠯᠢᠭ ᠢ᠋ ᠨᠡᠢᠳᠭᠡᠬᠦ ᠵᠢᠴᠢ ᠤᠷᠤᠨ ᠪᠦᠰᠡ ᠠᠯᠤᠰᠯᠠᠨ ᠬᠦᠮᠦᠯᠢᠭ ᠦᠵᠡᠯ ᠤ᠋ᠨ ᠬᠠᠮᠵᠢᠯᠴᠠᠭ᠎ᠠ ᠦᠷᠨᠢᠭᠦᠯᠬᠦ ᠲᠤᠬᠠᠢ ᠭᠦᠨᠵᠡᠭᠡᠢ ᠰᠤᠯᠢᠯᠴᠠᠵᠤ᠂ ᠬᠠᠮᠵᠢᠯᠴᠠᠭᠠᠨ ᠤ᠋ ᠳᠤᠭᠳᠠᠴᠠ ᠪᠡᠨ ᠴᠢᠨᠠᠭᠰᠢᠳᠠ ᠲᠡᠭᠦᠯᠳᠡᠷᠵᠢᠭᠦᠯᠬᠦ ᠲᠤᠬᠠᠢ ᠬᠠᠮᠳᠤ ᠶ᠋ᠢᠨ ᠲᠠᠨᠢᠯᠳᠠ ᠲᠠᠢ ᠪᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号