ᠲᠥᠷᠤᠬᠥᠭᠡᠨ᠂ ᠪᠥᠬᠥ ᠣᠷᠣᠨ᠎ᠤ ᠠᠵᠢᠯᠲᠠᠨ ᠠᠵᠢᠯᠴᠢᠨ᠎ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ᠎ᠶᠢᠨ ᠠᠵᠢᠯᠲᠠᠨ᠎ᠤ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠤᠷᠤᠯᠳᠤᠭᠠᠨ ᠬᠥᠬᠡᠬᠣᠲᠠ᠎ᠳᠤ ᠶᠠᠪᠤᠬᠲᠠᠪᠠ᠃
ᠲᠤᠰ ᠤᠳᠠᠭ᠎ᠠ᠎ᠶᠢᠨ ᠤᠷᠤᠯᠳᠤᠭᠠᠨ᠎ᠢ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠡᠴᠡ ᠬᠠᠮᠲᠤᠷᠠᠨ ᠡᠷᠬᠢᠯᠡᠵᠦ᠂ ᠥᠪᠥᠷ ᠮᠣᠩᠭᠣᠯ᠎ᠤᠨ ᠠᠵᠢᠯᠲᠠᠨ ᠠᠵᠢᠯᠴᠢᠨ᠎ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠢ᠋ᠢᠨ ᠨᠡᠢᠭᠡᠮᠯᠢᠭ᠎ᠡᠴᠡ ᠳᠠᠭᠠᠭᠠᠴᠢᠯᠠᠨ ᠡᠷᠬᠢᠯᠡᠵᠦ᠂ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠢ᠋ᠢᠨ ᠠᠵᠢᠯ᠎ᠤᠨ ᠡᠩᠨᠡᠭᠡ᠎ᠶᠢᠨ ᠦᠢᠯᠡᠴᠢᠯᠡᠬᠦ ᠴᠢᠳᠠᠪᠤᠷᠢ᠎ᠶᠢ ᠳᠠᠪᠲᠠᠨ ᠳᠡᠭᠡᠭᠰᠢᠯᠡᠭᠦᠯᠵᠦ᠂ ᠪᠦᠬᠦ ᠣᠷᠣᠨ᠎ᠤ ᠠᠵᠢᠯᠲᠠᠨ ᠠᠵᠢᠯᠴᠢᠨ᠎ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ᠎ᠶᠢᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠵᠢ ᠵᠤᠷᠢᠪᠠ᠃
ᠪᠦᠬᠦ ᠣᠷᠣᠨ᠎ᠤ 14 ᠲᠥᠯᠥᠭᠡᠯᠡᠭᠴᠢᠳ᠎ᠦᠨ ᠠᠩᠭᠢ᠎ᠶᠢᠨ 44 ᠠᠵᠢᠯᠲᠠᠨ ᠤᠷᠤᠯᠳᠤᠭᠠᠨ᠎ᠳᠦ ᠤᠷᠤᠯᠴᠠᠵᠦ᠂ ᠬᠤᠪᠢ ᠬᠥᠮᠥᠨ᠎ᠦ ᠮᠥᠷᠥᠢᠴᠡᠭᠡᠨ᠂ ᠪᠦᠯᠬᠦᠮ᠎ᠦᠨ ᠮᠥᠷᠥᠢᠴᠡᠭᠡᠨᠦ ᠬᠤᠷᠴᠠ ᠰᠢᠷᠦᠭᠦᠨ ᠥᠷᠢᠰᠦᠯᠳᠦᠭᠡᠨ᠎ᠢᠶᠡᠷ ᠳᠡᠮᠵᠢᠨ᠂ ᠠᠯᠠᠱᠠ ᠠᠢᠮᠠᠭ᠎ᠤᠨ ᠠᠵᠢᠯᠴᠢᠨ᠎ᠤ ᠡᠪᠯᠡᠯ᠎ᠦᠨ ᠲᠥᠯᠥᠭᠡᠯᠡᠭᠴᠢᠳ᠎ᠦᠨ ᠠᠩᠭᠢ᠎ᠶᠢᠨ ᠣᠷᠣᠯᠴᠠᠭ᠍ᠴᠢ ᠫᠠᠨ ᠹᠠᠩ᠂ ᠤᠯᠠᠭᠠᠨᠴᠠᠪ ᠬᠣᠲᠠ᠎ᠶᠢᠨ ᠠᠵᠢᠯᠴᠢᠨ᠎ᠤ ᠶᠡᠷᠦᠩᠬᠡᠢ ᠡᠪᠯᠡᠯ᠎ᠦᠨ ᠲᠥᠯᠥᠭᠡᠯᠡᠭᠴᠢᠳ᠎ᠦᠨ ᠠᠩᠭᠢ ᠲᠣᠰ ᠲᠣᠰ ᠬᠤᠪᠢ ᠬᠥᠮᠥᠨ᠎ᠦ ᠤᠷᠤᠯᠳᠤᠭᠠᠨ ᠪᠠ ᠪᠦᠯᠬᠦᠮ᠎ᠤᠨ ᠤᠷᠤᠯᠳᠤᠭᠠᠨ᠎ᠳᠤ ᠲᠡᠷᠢᠭᠦᠯᠡᠪᠡ᠃
ᠫᠠᠨ ᠹᠠᠩ ᠠᠵᠢᠯᠲᠠᠨ ᠠᠵᠢᠯᠴᠢᠨ᠎ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ᠎ᠶᠢᠨ ᠠᠵᠢᠯ᠎ᠢ ᠬᠢᠭᠡᠳ ᠨᠢᠭᠡᠨᠲᠡ 3 ᠵᠢᠯ ᠪᠣᠯᠪᠠ᠂ ᠬᠤᠪᠢ ᠬᠥᠮᠥᠨ᠎ᠦ ᠤᠷᠤᠯᠳᠤᠭᠠᠨ᠎ᠳᠤ ᠨᠢᠭᠡᠳᠦᠭᠡᠷ᠎ᠲᠦ ᠣᠷᠣᠭᠰᠠᠨ ᠰᠠᠢᠨ ᠬᠢᠷᠢ ᠪᠦᠲᠦᠮᠵᠢ ᠤᠯᠤᠬᠰᠠᠨ᠎ᠳᠠᠭᠠᠨ ᠮᠠᠰᠢ ᠪᠠᠶᠠᠷᠯᠠᠵᠤ᠄ 《ᠠᠵᠢᠯᠲᠠᠨ ᠠᠵᠢᠯᠴᠢᠨ᠎ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ᠎ᠶᠢᠨ ᠠᠵᠢᠯ ᠮᠠᠰᠢ ᠥᠨ᠎ᠠ ᠦᠷᠳᠡᠭ᠎ᠲᠠᠢ᠂ ᠮᠠᠰᠢ ᠤᠯᠠᠨ ᠬᠦᠴᠢᠷᠳᠡᠯ᠎ᠳᠦ ᠲᠤᠯᠭᠠᠷᠠᠭᠰᠠᠨ ᠠᠵᠢᠯᠲᠠᠨ ᠠᠵᠢᠯᠴᠢᠨ᠎ᠢ ᠬᠠᠪᠰᠤᠷᠴᠤ ᠪᠠᠢᠳᠠᠭ᠃ ᠡᠨᠡ ᠤᠳᠠᠭᠠᠨ᠎ᠤ ᠤᠷᠤᠯᠳᠤᠭᠠᠨ ᠨᠢ ᠨᠠᠳᠠ᠎ᠳᠤ ᠠᠪᠴᠤ ᠬᠡᠯᠡᠪᠡᠯ ᠨᠢᠭᠡ ᠵᠦᠢᠯ᠎ᠦᠨ ᠵᠣᠷᠢᠭ᠍ᠵᠢᠭᠤᠯᠤᠯ ᠪᠣᠯᠣᠨ᠎ᠠ᠂ ᠪᠢ ᠦᠷᠭᠦᠯᠵᠢᠯᠡᠨ ᠲᠤᠬᠠᠢᠯᠠᠭᠰᠠᠨ ᠠᠵᠢᠯ᠎ᠢᠶᠠᠨ ᠰᠤᠳᠤᠯᠵᠤ᠂ ᠠᠵᠢᠯᠲᠠᠨ ᠠᠵᠢᠯᠴᠢᠨ᠎ᠳᠤ ᠦᠢᠯᠡᠴᠢᠯᠡᠬᠦ ᠴᠢᠳᠠᠪᠤᠷᠢ ᠲᠦᠪᠰᠢᠨ᠎ᠢᠶᠡᠨ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ》 ᠬᠡᠵᠦ ᠬᠡᠯᠡᠪᠡ᠃
ᠲᠣᠰ ᠤᠳᠠᠭᠠᠨ᠎ᠤ ᠤᠷᠤᠯᠳᠤᠭᠠᠨ ᠪᠣᠯ ᠨᠢᠭᠡ ᠤᠳᠠᠭᠠᠨ᠎ᠤ ᠲᠤᠬᠠᠢᠯᠠᠭᠰᠠᠨ ᠠᠵᠢᠯ᠎ᠤᠨ ᠴᠢᠳᠠᠪᠤᠷᠢ᠎ᠶᠢᠨ 《ᠶᠡᠬᠡ ᠮᠥᠷᠥᠢᠴᠡᠭᠡᠨ》 ᠪᠣᠯᠬᠤ ᠮᠥᠷᠲᠡᠭᠡᠨ ᠪᠠᠰᠠ ᠴᠤ᠌ ᠨᠢᠭᠡ ᠤᠳᠠᠭᠠᠨ᠎ᠤ ᠠᠵᠢᠯᠲᠠᠨ ᠠᠵᠢᠯᠴᠢᠨ᠎ᠳᠤ ᠦᠢᠯᠡᠴᠢᠯᠡᠬᠦ ᠤᠭ ᠰᠠᠨᠠᠭ᠎ᠠ ᠢ᠋ᠢᠨ 《ᠳᠠᠪᠲᠠᠯᠲᠠ》 ᠪᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠡᠴᠡ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ᠎ᠶᠢᠨ ᠦᠢᠯᠡᠴᠢᠯᠡᠭᠡᠨ᠎ᠦ ᠶᠠᠪᠤᠴᠠ᠎ᠶᠢ ᠳᠠᠰᠤᠷᠠᠯᠳᠠ ᠦᠭᠡᠢ ᠰᠢᠯᠢᠳᠡᠭᠵᠢᠭᠦᠯᠵᠦ᠂ ᠠᠷᠠᠳ᠎ᠲᠤ ᠠᠰᠢᠭ᠋ ᠬᠦᠷᠲᠡᠭᠡᠬᠦ ᠠᠷᠭ᠎ᠠ ᠬᠡᠮᠵᠢᠶ᠎ᠡ᠎ᠶᠢ ᠨᠠᠷᠢᠯᠢᠭ᠍ᠵᠢᠭᠤᠯᠤᠨ᠂ ᠤᠬᠠᠭᠤᠯᠬᠤ ᠠᠷᠭ᠎ᠠ ᠵᠠᠮ᠎ᠢ ᠥᠷᠭᠡᠳᠬᠡᠵᠦ᠂ ᠠᠵᠢᠯᠲᠠᠨ ᠠᠵᠢᠯᠴᠢᠨ᠎ᠤ ᠬᠠᠷᠢᠯᠴᠠᠨ ᠬᠠᠪᠰᠤᠷᠤᠯᠴᠠᠬᠤ ᠰᠠᠭᠤᠷᠢ᠎ᠶᠢ ᠪᠡᠬᠢᠵᠢᠭᠦᠯᠤᠨ᠂ ᠠᠵᠢᠯᠲᠠᠨ ᠠᠵᠢᠯᠴᠢᠨ᠎ᠤ ᠰᠡᠳᠬᠢᠯ᠎ᠢ ᠳᠤᠯᠠᠭᠠᠴᠠᠭᠤᠯᠬᠤ ᠪᠣᠳᠠᠲᠤ ᠶᠠᠪᠤᠳᠠᠯ᠎ᠢ ᠰᠡᠳᠬᠢᠯ ᠲᠠᠯᠪᠢᠨ ᠰᠠᠢᠲᠤᠷ ᠬᠢᠵᠦ᠂ ᠥᠷᠭᠡᠨ ᠤᠯᠠᠨ ᠠᠵᠢᠯᠲᠠᠨ ᠠᠵᠢᠯᠴᠢᠨ᠎ᠤ ᠬᠦᠷᠲᠡᠮᠵᠢ᠎ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ᠎ᠦ ᠲᠥᠷᠥᠭᠳᠡᠯ᠎ᠢ ᠳᠠᠰᠤᠷᠠᠯᠳᠠ ᠦᠭᠡᠢ ᠨᠡᠮᠡᠭᠳᠡᠭᠦᠯᠬᠦ ᠪᠤᠯᠦᠨ᠎ᠡ᠃