ᠥᠪᠥᠷ ᠮᠣᠩᠭᠣᠯ᠎ᠤᠨ ᠲᠥᠯᠥᠭᠡᠯᠡᠭᠴᠢᠳ᠎ᠦᠨ ᠠᠩᠭᠢ ᠪᠥᠬᠥ᠌ ᠤᠯᠤᠰ᠎ᠤᠨ ᠵᠠᠯᠠᠭᠤᠴᠤᠳ ᠪᠠᠭᠠᠴᠤᠳ᠎ᠤᠨ ᠰᠢᠨ᠎ᠡ᠎ᠶᠢ ᠡᠭᠦᠳᠬᠦ᠌ ᠤᠷᠤᠯᠳᠤᠭᠠᠨ᠎ᠳᠤ ᠰᠢᠯᠢᠳᠡᠭ ᠬᠢᠷᠢ ᠪᠦᠲᠦᠮᠵᠢ ᠤᠯᠵᠠᠢ
2026-08-07 10:22:14
ᠵᠣᠬᠢᠶᠠᠭ᠍ᠴᠢ᠄
​ ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ ᠥᠪᠥᠷ ᠮᠣᠩᠭᠣᠯ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠨᠡᠶ᠋ᠢᠭᠡᠮᠯᠢᠭ᠎ᠡᠴᠡ ᠣᠶ᠋ᠢᠯᠠᠭᠠᠭᠰᠠᠨ᠎ᠢᠶᠠᠷ᠂ ᠲᠦᠷᠦᠭᠦᠬᠡᠨ ᠶᠠᠪᠤᠭᠳᠠᠭᠰᠠᠨ 40 ᠳ᠋ᠤᠭᠡᠷ ᠬᠤᠭᠤᠴᠠᠭᠠᠨ᠎ᠤ ᠪᠥᠬᠥ᠌ ᠤᠯᠤᠰ᠎ᠤᠨ ᠵᠠᠯᠠᠭᠤᠴᠤᠳ ᠪᠠᠭᠠᠴᠤᠳ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠤᠷᠤᠯᠳᠤᠭᠠᠨ ᠳᠡᠭᠡᠷ᠎ᠡ ᠥᠪᠥᠷ ᠮᠣᠩᠭᠣᠯ᠎ᠤᠨ ᠰᠣᠩᠭᠣᠨ ᠲᠠᠨᠢᠯᠴᠠᠭᠤᠯᠤᠭᠰᠠᠨ 5 ᠰᠤᠷᠤᠭᠴᠢ ᠰᠢᠯᠢᠳᠡᠭ ᠬᠢᠷᠢ ᠪᠦᠳᠤᠮᠵᠢ ᠤᠯᠵᠤ᠂ ᠰᠢᠯᠢᠩᠬᠣᠲᠠ᠎ᠶᠢᠨ ᠵᠢᠷᠭᠤᠳᠤᠭᠠᠷ ᠳᠤᠮᠳᠠᠳᠤ ᠰᠤᠷᠭᠠᠭᠤᠯᠢ᠎ᠵᠢᠨ ᠰᠤᠷᠤᠭᠴᠢ ᠲᠸᠩ ᠯᠦᠩ 《ᠳᠤᠮᠳᠠᠳᠤ ᠤᠯᠤᠰ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠨᠡᠶ᠋ᠢᠭᠡᠮᠯᠢᠭ᠎ᠦᠨ ᠲᠡᠷᠢᠭᠦᠯᠡᠭᠴᠢ᠎ᠶᠢᠨ ᠱᠠᠩᠨᠠᠯ 》 ᠢ᠋ ᠢᠷᠠᠭᠤ ᠠᠯᠳᠠᠷ ᠲᠠᠶ᠎ᠪᠠᠷ ᠭᠥᠷᠳᠡᠵᠡᠶ᠂ ᠡᠨᠡ ᠨᠢ ᠮᠥᠨ ᠴᠦ᠍ ᠥᠪᠥᠷ ᠮᠣᠩᠭᠣᠯ᠎ᠤᠨ ᠤᠷᠤᠯᠴᠠᠭᠴᠢ ᠵᠠᠯᠭᠠᠭ᠎ᠠ᠎ᠪᠠᠷ ᠬᠣᠶᠠᠷ ᠬᠤᠭᠤᠴᠠᠭ᠎ᠠ ᠲᠣᠰ ᠤᠷᠤᠯᠳᠤᠭᠠᠨ᠎ᠤ ᠬᠠᠮᠤᠭ᠎ᠤᠨ ᠥᠨᠳᠥᠷ ᠢᠷᠠᠭᠤ ᠠᠯᠳᠠᠷ᠎ᠢ ᠭᠥᠷᠳᠡᠭᠰᠡᠨ ᠶᠠᠪᠤᠳᠠᠯ ᠪᠣᠯᠤᠨ᠎ᠠ᠃

ᠡᠭᠦᠨ᠎ᠡᠴᠡ ᠭᠠᠳᠠᠨ᠎ᠠ᠂ ᠪᠤᠭᠤᠲᠤ᠌ ᠬᠣᠲᠠ᠎ᠶᠢᠨ ᠶᠡᠷᠡᠨ ᠲᠠᠪᠤᠳᠤᠭᠠᠷ ᠳᠤᠮᠳᠠᠳᠤ ᠰᠤᠷᠭᠠᠭᠤᠯᠢ᠎ᠶᠢᠨ ᠰᠤᠷᠤᠭᠴᠢ ᠶᠠᠨ ᠠᠨ ᠷᠦᠢ ᠵᠠᠯᠠᠭᠤᠴᠤᠳ ᠪᠠᠭᠠᠴᠤᠳ᠎ᠤᠨ ᠦᠰᠦᠨ ᠪᠣᠶ᠋ᠢᠵᠢᠯᠲᠠ᠎ᠶᠢ ᠳᠡᠮᠵᠢᠬᠦ᠌ ᠲᠥᠯᠥᠪᠯᠡᠭᠡ᠎ᠶᠢᠨ  ᠱᠠᠩᠨᠠᠯ᠎ᠢ ᠭᠥᠷᠳᠡᠵᠦ᠍᠂ ᠽᠢᠮᠪᠠᠪᠦ᠋ᠸᠧᠶ᠎ᠶᠢᠨ ᠰᠢᠨᠵᠢᠯᠡᠬᠦ᠌ ᠤᠬᠠᠭᠠᠨ᠎ᠤ ᠤᠷᠤᠯᠳᠤᠭᠠᠨ᠎ᠤ ᠵᠣᠬᠢᠶᠠᠨ ᠪᠠᠶ᠋ᠢᠭᠤᠯᠬᠤ ᠺᠣᠮᠢᠰ᠎ᠡᠴᠡ 《ᠠᠹᠷᠢᠺᠠ ᠲᠢᠪ᠎ᠦᠨ ᠰᠢᠨᠵᠢᠯᠡᠬᠦ᠌ ᠤᠬᠠᠭᠠᠨ᠎ᠤ ᠵᠡᠭᠡᠯᠢ᠎ᠲᠡᠭᠡᠷᠡᠬᠢ ᠦᠵᠡᠰᠬᠦᠯᠡᠩ ᠦ᠋ᠨ ᠲᠥᠯᠥᠭᠡᠯᠡᠭᠴᠢ᠎ᠶᠢᠨ ᠱᠠᠩᠨᠠᠯ》 ᠢ᠋ ᠭᠠᠷᠳᠠᠭᠤᠯᠪᠠ᠃ᠡᠳᠡᠭᠡᠷ ᠢᠷᠠᠭᠤ ᠠᠯᠳᠠᠷ᠎ᠢ ᠬᠦᠷᠳᠡᠭᠰᠡᠨ ᠨᠢ ᠥᠪᠥᠷ ᠮᠣᠩᠭᠣᠯ᠎ᠤᠨ ᠵᠠᠯᠠᠭᠤᠴᠤᠳ ᠪᠠᠭᠠᠴᠤᠳ᠎ᠤᠨ ᠵᠣᠷᠢᠭᠲᠠᠢ᠎ᠪᠠᠷ ᠤᠷᠤᠭᠰᠢᠯᠠᠨ ᠲᠠᠪᠰᠢᠬᠤ᠂ ᠰᠢᠨᠵᠢᠯᠡᠬᠦ᠌ ᠤᠬᠠᠭᠠᠨ᠎ᠤ ᠨᠣᠶᠠᠨ ᠤᠷᠬᠢᠯ᠎ᠳᠤ ᠵᠣᠷᠢᠭᠲᠠᠢ᠎ᠪᠠᠷ ᠠᠪᠠᠷᠢᠬᠤ ᠰᠢᠨ᠎ᠡ᠎ᠶᠢ ᠡᠭᠦᠳᠬᠦ᠌ ᠴᠤᠭ ᠵᠢᠪᠬᠤᠭ᠎ᠠ᠎ᠶᠢ ᠭᠦᠢᠴᠡᠳ ᠢᠯᠡᠷᠡᠭᠦᠯᠪᠡ᠃ ᠤᠷᠤᠯᠳᠤᠭᠠᠨ᠎ᠨᠢ ᠪᠥᠬᠥ᠌ ᠣᠷᠣᠨ᠎ᠤ ᠵᠠᠯᠠᠭᠤᠴᠤᠳ ᠪᠠᠭᠠᠴᠤᠳ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠬᠥᠮᠦᠵᠢᠯ᠎ᠦᠨ ᠦᠷ᠎ᠡ ᠪᠦᠲᠦᠭᠡᠯ᠎ᠦᠨ ᠨᠢᠭᠡ ᠤᠳᠠᠭᠠᠨ᠎ᠤ ᠲᠥᠪᠯᠡᠷᠡᠩᠭᠦᠶ ᠰᠢᠯᠭᠠᠯᠲᠠ ᠪᠣᠯᠬᠤ ᠪᠥᠭᠡᠳ ᠪᠠᠰᠠ ᠨᠠᠩ ᠣᠯᠠᠨ ᠵᠠᠯᠠᠭᠤᠴᠤᠳ ᠪᠠᠭᠠᠴᠤᠳ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠦᠢᠯᠡᠳᠦᠯᠭᠡ᠎ᠳᠦ ᠣᠷᠣᠯᠴᠠᠬᠤ᠎ᠶᠢ ᠤᠯᠠᠮ ᠨᠢᠭᠡ ᠠᠯᠬᠤᠮ ᠵᠣᠷᠢᠭᠵᠢᠭᠤᠯᠪᠠ᠃

ᠣᠶ᠋ᠢᠯᠠᠭᠠᠭᠰᠠᠨ᠎ᠢᠶᠠᠷ᠂ ᠲᠣᠰ ᠤᠳᠠᠭᠠᠨ᠎ᠤ ᠤᠷᠤᠯᠳᠤᠭᠠᠨ᠎ᠨᠢ 《ᠴᠠᠭ ᠦᠶ᠎ᠡ᠎ᠶᠢᠨ ᠡᠭᠦᠷᠭᠡ ᠬᠠᠷᠢᠭᠤᠴᠠᠯᠭ᠎ᠠ᠎ᠶᠢ ᠵᠣᠷᠢᠭᠲᠠᠶ᠎ᠪᠠᠷ ᠡᠭᠦᠷᠭᠡᠯᠡᠵᠦ᠍ ᠥᠨᠳᠥᠷ ᠲᠦᠪᠰᠢᠨ ᠪᠥᠬᠥᠶ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭᠵᠢᠬᠦ᠌᠎ᠳᠦ ᠬᠦᠴᠦᠨ ᠨᠡᠮᠡᠷᠢᠯᠡᠶ᠎ᠡ》 ᠭᠡᠬᠦ ᠪᠡᠷ ᠭᠤᠤᠯ ᠰᠡᠳᠦᠪ ᠪᠣᠯᠭᠠᠵᠤ᠂ ᠪᠥᠬᠥ᠌ ᠤᠯᠤᠰ᠎ᠤᠨ 31 ᠮᠤᠵᠢ (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ)᠂ ᠰᠢᠨᠵᠢᠶᠠᠩ᠎ᠤᠨ ᠦᠢᠯᠡᠳᠪᠦᠷᠢᠯᠡᠯ ᠪᠥᠲᠥᠭᠡᠨ ᠪᠠᠶ᠋ᠢᠭᠤᠯᠤᠯᠲᠠ᠎ᠶᠢᠨ ᠪᠢᠩᠲ᠋ᠤᠸᠠᠨ᠂ ᠰᠢᠶᠠᠩᠭᠠᠩ ᠣᠣᠮᠧᠨ ᠲᠠᠶ᠋ᠢᠸᠠᠨ ᠵᠢᠴᠢ ᠠᠽᠢᠶ᠎ᠠ ᠲᠢᠪ᠂ ᠠᠹᠷᠢᠺᠠ ᠲᠢᠪ᠂ ᠧᠦ᠋ᠷᠣᠫᠠ ᠲᠢᠪ᠂ ᠤᠮᠠᠷᠠᠲᠤ᠌ ᠠᠮᠧᠷᠢᠺᠠ ᠲᠢᠪ᠂ ᠡᠮᠦᠨᠡᠲᠦ᠍ ᠠᠮᠧᠷᠢᠺᠠ ᠲᠢᠪ᠂ ᠶᠡᠬᠡ ᠲᠡᠯᠡᠶ᠎ᠶᠢᠨ ᠲᠢᠪ᠎ᠦᠨ 27 ᠤᠯᠤᠰ᠎ᠤᠨ ᠨᠡᠶ᠋ᠢᠲᠡ 800 ᠭᠠᠷᠤᠶ ᠲᠥᠯᠥᠭᠡᠯᠡᠭᠴᠢ ᠲᠤᠰ ᠤᠳᠠᠭᠠᠨ᠎ᠤ ᠤᠷᠤᠯᠳᠤᠭᠠᠨ᠎ᠳᠤ ᠣᠷᠣᠯᠴᠠᠪᠠ᠃

ᠣᠯᠠᠨ ᠵᠢᠯ᠎ᠦᠨ ᠲᠤᠷᠰᠢ᠂ ᠥᠪᠥᠷ ᠮᠣᠩᠭᠣᠯ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠨᠡᠶ᠋ᠢᠭᠡᠮᠯᠢᠭ ᠵᠠᠯᠠᠭᠤᠴᠤᠳ ᠪᠠᠭᠠᠴᠤᠳ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠬᠥᠮᠦᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠣᠯᠠᠨ ᠡᠰᠢᠵᠢᠭᠰᠡᠨ ᠰᠢᠨ᠎ᠡ᠎ᠶᠢ ᠡᠭᠦᠳᠬᠦ᠌ ᠦᠢᠯᠡᠳᠦᠯᠭᠡ᠎ᠶᠢᠨ ᠲᠠᠪᠴᠠᠩ᠎ᠢ ᠢᠳᠡᠪᠬᠢᠲᠡᠶ ᠪᠠᠶ᠋ᠢᠭᠤᠯᠵᠤ᠂ ᠵᠠᠯᠠᠭᠤᠴᠤᠳ ᠪᠠᠭᠠᠴᠤᠳ᠎ᠤᠨ ᠡᠯ᠎ᠡ ᠲᠥᠷᠥᠯ᠎ᠦᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠤᠷᠤᠯᠳᠤᠭᠠᠨ ᠪᠠ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠠᠶ᠋ᠢᠨ ᠰᠢᠨᠵᠢᠯᠡᠯᠲᠡ᠎ᠶᠢᠨ ᠠᠵᠢᠯᠯᠠᠭ᠎ᠠ ᠡᠷᠭᠢᠯᠡᠬᠦ᠌᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠰᠤᠷᠭᠠᠨ ᠬᠥᠮᠦᠵᠢᠯ᠎ᠦᠨ ᠠᠵᠢᠯᠲᠠᠨ᠎ᠤ ᠴᠢᠳᠠᠪᠤᠷᠢ᠎ᠶᠢ ᠳᠡᠭᠡᠭᠰᠢᠯᠡᠭᠦᠯᠬᠦ᠌ ᠠᠵᠢᠯᠯᠠᠭ᠎ᠠ᠎ᠶᠢ ᠬᠡᠷᠡᠭᠵᠢᠭᠦᠯᠬᠦ᠌᠂ ᠳᠤᠮᠳᠠᠳᠤ ᠰᠤᠷᠭᠠᠭᠤᠯᠢ᠎ᠶᠢᠨ ᠰᠤᠷᠤᠭᠴᠢᠳ᠎ᠤᠨ《ᠰᠤᠳᠤᠨ ᠴᠢᠳᠠᠪᠤᠷᠢᠲᠠᠨ᠎ᠤ ᠲᠥᠯᠥᠪᠯᠡᠭᠡ》 ᠵᠡᠷᠭᠡ  ᠠᠷᠭ᠎ᠠ ᠬᠡᠮᠵᠢᠶ᠎ᠡ᠎ᠶᠢ ᠠᠪᠴᠤ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠴᠢᠳᠠᠪᠤᠷᠢᠲᠠᠨ᠎ᠤ ᠦᠰᠦᠨ ᠪᠣᠶ᠋ᠢᠵᠢᠯᠲᠠ᠎ᠳ᠋ᠤ ᠰᠠᠢᠨ ᠰᠠᠢᠬᠠᠨ ᠨᠦᠬᠦᠴᠡᠯ ᠪᠠ ᠠᠵᠠ ᠲᠤᠬᠢᠶᠠᠯ ᠬᠠᠩᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号