ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠤᠰᠤᠨ ᠠᠰᠢᠭᠯᠠᠯᠲᠠ ᠢ᠋ᠢᠨ ᠲᠢᠡᠭᠬᠢᠮ ᠡᠴᠡ ᠤᠢᠯᠠᠭᠠᠭᠰᠠᠨ ᠢ᠋ᠢᠡᠷ᠂ ᠭᠠᠬᠠᠶ ᠠᠭᠤᠯᠠ ᠤᠰᠤᠨ ᠴᠥᠭᠥᠷᠥᠮ ᠤ᠋ᠨ ᠪᠥᠲᠥᠭᠡᠨ ᠪᠠᠢᠭᠤᠯᠤᠯᠲᠠ ᠵᠠᠩᠭᠢᠯᠠᠭ᠎ᠠ ᠢ᠋ᠢᠨ ᠠᠬᠢᠴᠠ ᠲᠠᠢ ᠪᠣᠯᠵᠣ᠂ ᠨᠢᠭᠡᠨᠲᠡ ᠪᠠᠷᠢᠯᠭ᠎ᠠ ᠢ᠋ᠢᠨ ᠶᠡᠷᠦᠩᠬᠡᠶ ᠬᠡᠮᠵᠢᠶ᠎ᠡ ᠢ᠋ᠢᠨ 95% ᠢ᠋ᠢ ᠳᠠᠭᠤᠰᠬᠠᠵᠤ᠂ ᠬᠠᠭᠠᠯᠲᠠ ᠪᠠᠨ ᠲᠠᠷᠤᠵᠤ ᠤᠰᠤ ᠬᠠᠳᠠᠭᠠᠯᠠᠬᠤ ᠳ᠋ᠤ ᠰᠠᠭᠤᠷᠢ ᠲᠠᠯᠪᠢᠪᠠ᠃
ᠭᠠᠬᠠᠶ ᠠᠭᠤᠯᠠ ᠤᠰᠤᠨ ᠴᠥᠭᠥᠷᠥᠮ ᠨᠢ ᠲᠦᠩᠯᠢᠶᠤᠤ ᠬᠤᠳᠠ ᠵᠢᠨ ᠬᠦᠷᠢᠶ᠎ᠡ ᠬᠣᠰᠢᠭᠤᠨ ᠤ᠋ ᠶᠠᠡᠭᠰᠢᠪ ᠤ᠋ᠨ ᠭᠤᠤᠯ ᠤ᠋ᠨ ᠳᠤᠮᠳᠠ ᠤᠷᠤᠰᠬᠠᠯ ᠳ᠋ᠤ ᠪᠠᠢᠷᠢᠯᠡᠵᠤ᠂ ᠲᠥᠷᠥ ᠢ᠋ᠢᠨ ᠶᠠᠪᠤᠳᠠᠯ ᠤ᠋ᠨ ᠬᠣᠷᠢᠶ᠎ᠠ ᠢ᠋ᠢᠨ ᠴᠣᠬᠣᠯᠠᠪᠤᠷᠢᠯᠠᠭᠰᠠᠨ 《ᠯᠢᠶᠣᠤᠾᠧ ᠭᠤᠤᠯ ᠤ᠋ᠨ ᠰᠠᠪᠠ ᠭᠠᠵᠠᠷ ᠤ᠋ᠨ ᠦᠶᠡᠷ ᠢ᠋ ᠰᠡᠷᠭᠡᠢᠯᠡᠬᠦ ᠲᠥᠯᠥᠪᠵᠢᠭᠦᠯᠭᠡ》 ᠶ᠋ᠢᠨ ᠭᠤᠤᠯᠳᠠᠯᠭ᠎ᠠ ᠲᠠᠢ ᠲᠥᠷᠥᠯ ᠵᠦᠢᠯ ᠪᠣᠯᠬᠤ ᠪᠥᠭᠡᠳ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠤᠰᠤᠨ ᠤ᠋ ᠠᠮᠤᠷ ᠲᠦᠪᠰᠢᠨ ᠢ᠋ ᠪᠠᠲᠤᠯᠠᠬᠤ ᠲᠥᠯᠥᠪᠵᠢᠭᠦᠯᠭᠡ ᠢ᠋ᠢᠨ ᠭᠤᠤᠯᠳᠠᠯᠭ᠎ᠠ ᠲᠠᠢ ᠳᠤᠮᠳᠠ ᠬᠡᠯᠪᠡᠷᠢ ᠢ᠋ᠢᠨ ᠤᠰᠤᠨ ᠠᠰᠢᠭᠯᠠᠯᠲᠠ ᠢ᠋ᠢᠨ ᠬᠦᠢᠰᠤ ᠪᠠᠷᠢᠯᠭ᠎ᠠ ᠪᠣᠯᠤᠨ᠎ᠠ᠃
ᠤᠢᠯᠠᠭᠠᠭᠰᠠᠨ ᠵᠢᠡᠷ᠂ ᠭᠠᠬᠠᠶ ᠠᠭᠤᠯᠠ ᠤᠰᠤᠨ ᠴᠥᠭᠥᠷᠥᠮ ᠤ᠋ᠨ ᠲᠥᠷᠥᠯ ᠵᠦᠢᠯ ᠤ᠋ᠨ ᠶᠡᠷᠦᠩᠬᠡᠶ ᠪᠠᠯᠠ ᠣᠷᠣᠭᠤᠯᠤᠯᠲᠠ 6.32 ᠳ᠋ᠦᠩᠰᠢᠭᠤᠷ ᠲᠥᠭᠥᠷᠢᠭ ᠪᠠᠢᠵᠤ᠂ ᠴᠥᠭᠥᠷᠥᠮ ᠤ᠋ᠨ ᠶᠡᠷᠦᠩᠬᠡᠶ ᠪᠠᠭᠲᠠᠭᠠᠮᠵᠢ ᠨᠢ 3362 ᠲᠦᠮᠡᠨ ᠪᠣᠰᠣᠭ᠎ᠠ ᠳᠥᠷᠪᠡᠯᠵᠢᠨ ᠮᠧᠲ᠋ᠷ ᠲᠦ᠍ ᠬᠦᠷᠤᠨ᠎ᠠ᠃ ᠲᠤᠰ ᠤᠰᠤᠨ ᠴᠥᠭᠥᠷᠥᠮ ᠢ᠋ ᠪᠠᠢᠭᠤᠯᠵᠤ ᠳᠠᠭᠤᠰᠤᠭᠰᠠᠨ ᠤ᠋ ᠳᠠᠷᠠᠭ᠎ᠠ ᠣᠷᠣᠨ ᠪᠦᠰᠡ ᠢ᠋ᠢᠨ ᠤᠰᠤᠨ ᠤ᠋ ᠡᠬᠢ ᠪᠠᠶᠠᠯᠢᠭ ᠢ᠋ ᠲᠣᠬᠢᠷᠠᠭᠤᠯᠤᠨ ᠬᠠᠳᠠᠭᠠᠯᠠᠬᠤ ᠴᠢᠳᠠᠪᠤᠷᠢ ᠬᠦᠷᠦᠯᠴᠡᠬᠦ᠌ ᠥᠬᠡᠶ ᠪᠠᠢᠳᠠᠯ ᠢ᠋ ᠪᠦᠲᠦᠮᠵᠢᠲᠡᠶ ᠬᠤᠪᠢᠷᠠᠭᠤᠯᠵᠤ᠂ ᠡᠷᠬᠢᠨ ᠲᠣᠭᠣᠷᠢᠨ ᠤ᠋ 2.8 ᠲᠦᠮᠡᠨ ᠮᠥ᠍ ᠲᠠᠷᠢᠶᠠᠨ ᠭᠠᠵᠠᠷ ᠲᠤ᠌ ᠤᠰᠤᠨ ᠰᠤᠷᠪᠤᠯᠵᠢ ᠬᠠᠩᠭᠠᠨ᠎ᠠ᠃ ᠪᠠᠰᠠ ᠦᠶᠡᠷ ᠤ᠋ᠨ ᠤᠰᠤ ᠢ᠋ᠢ ᠲᠤᠬᠢᠷᠠᠭᠤᠯᠵᠤ᠂ ᠳᠣᠣᠷ᠎ᠠ ᠤᠷᠤᠰᠬᠠᠯ ᠤ᠋ᠨ ᠦᠶᠡᠷ ᠢ᠋ ᠰᠡᠷᠭᠡᠢᠯᠡᠬᠦ᠌ ᠳᠠᠷᠤᠯᠲᠠ ᠢ᠋ᠢ ᠪᠦᠲᠦᠮᠵᠢᠲᠡᠶ ᠬᠥᠩᠭᠡᠷᠡᠭᠦᠯᠬᠦ ᠪᠤᠯᠤᠨ᠎ᠠ᠃ ᠲᠤᠰ ᠲᠦᠷᠦᠯ ᠵᠤᠢᠯ ᠨᠢ ᠪᠠᠰᠠ ᠯᠢᠶᠣᠤᠾᠧ ᠭᠣᠣᠯ ᠤ᠋ᠨ ᠰᠠᠪᠠ ᠭᠠᠵᠠᠷ ᠤ᠋ᠨ ᠳᠡᠭᠡᠷ᠎ᠡ ᠤᠷᠤᠰᠬᠠᠯ ᠤ᠋ᠨ ᠡᠯᠡᠰᠦ ᠢ᠋ᠢ ᠬᠣᠷᠢᠭᠯᠠᠬᠤ ᠵᠠᠩᠭᠢᠯᠠᠭ᠎ᠠ ᠢ᠋ᠢᠨ ᠢᠨᠵᠧᠨᠧᠷᠢᠩ ᠪᠠᠢᠵᠤ᠂ ᠵᠢᠯ ᠳ᠋ᠤ ᠪᠠᠷᠤᠭ 59 ᠲᠦᠮᠡᠨ ᠪᠣᠰᠣᠭ᠎ᠠ ᠳᠥᠷᠪᠡᠯᠵᠢᠨ ᠮᠧᠲ᠋ᠷ ᠡᠯᠡᠰᠦ ᠢ᠋ᠢ ᠬᠠᠰᠢᠨ ᠰᠡᠷᠭᠡᠢᠯᠡᠬᠦ ᠪᠤᠯᠤᠨ᠎ᠠ᠃