ᠲᠥᠷᠥ᠎ᠶᠢᠨ ᠶᠠᠪᠤᠳᠠᠯ᠎ᠤᠨ ᠬᠣᠷᠢᠶ᠎ᠠ ᠴᠦᠩᠴᠢᠩ᠎ᠦᠨ ᠫᠧᠩ ᠱᠦᠶ ᠵᠢᠨ ᠬᠠᠨᠵᠢᠶᠠ ᠵᠡᠭᠡᠯᠢ ᠭᠤᠳᠤᠮᠵᠢ᠎ᠶᠢᠨ 《7·17》 ᠤ᠋ ᠠᠭᠤᠯᠠ ᠨᠤᠷᠠᠭᠰᠠᠨ ᠤᠨᠴᠠ ᠬᠦᠨᠳᠦ ᠶᠡᠬᠡ ᠭᠠᠮᠰᠢᠭ᠎ᠢ ᠪᠠᠶ᠋ᠢᠴᠠᠭᠠᠨ ᠦᠨᠡᠯᠡᠬᠦ᠌ ᠳᠤᠭᠤᠶ᠋ᠢᠯᠠᠩ ᠪᠠᠶ᠋ᠢᠭᠤᠯᠪᠠ
2026-08-07 09:41:56
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 17 ᠤ᠋ ᠡᠳᠦᠷ᠂ ᠴᠦᠩᠴᠢᠩ᠎ᠦᠨ ᠫᠸᠩ ᠱᠦᠢ ᠰᠢᠶᠠᠨ᠎ᠤ ᠬᠠᠨᠵᠢᠶᠠ ᠵᠡᠭᠡᠯᠢ ᠭᠤᠳᠤᠮᠵᠢ᠎ᠳᠤ ᠠᠭᠤᠯᠠ ᠨᠤᠷᠠᠵᠤ᠂ ᠬᠥᠮᠦᠨ ᠬᠠᠷ᠎ᠠ ᠬᠦᠨᠳᠦ ᠨᠣᠴᠢᠲᠠᠢ ᠦᠬᠦᠵᠦ᠍ ᠰᠢᠷᠬᠠᠲᠤᠪᠠ᠃ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠶᠡᠷᠦᠩᠬᠡᠶ ᠰᠠᠶ᠋ᠢᠳ ᠯᠢ ᠴᠢᠶᠠᠩ ᠵᠡᠷᠭᠡ ᠲᠥᠪ᠎ᠦᠨ ᠤᠳᠤᠷᠢᠳᠬᠤ ᠨᠥᠬᠥᠳ᠎ᠦᠨ ᠴᠣᠬᠣᠯᠠᠪᠤᠷᠢ᠎ᠶᠢᠨ ᠱᠠᠭᠠᠷᠳᠠᠯᠭ᠎ᠠ᠎ᠶᠢ ᠨᠠᠶ᠋ᠢᠳᠠᠪᠤᠷᠢᠵᠢᠭᠤᠯᠬᠤ᠎ᠶᠢᠨ ᠲᠥᠯᠥᠭᠡ᠂ ᠤᠯᠤᠰ᠎ᠤᠨ ᠬᠣᠯᠪᠣᠭᠳᠠᠯ ᠪᠥᠬᠥᠶ ᠬᠠᠤᠯᠢ ᠴᠠᠭᠠᠵᠠ ᠬᠠᠤᠯᠢ ᠲᠣᠭᠲᠠᠭᠠᠯ᠎ᠢ ᠦᠨᠳᠦᠰᠦᠯᠡᠨ᠂ ᠲᠥᠷᠥ᠎ᠶᠢᠨ ᠶᠠᠪᠤᠳᠠᠯ᠎ᠤᠨ ᠬᠣᠷᠢᠶ᠎ᠠ ᠪᠠᠶ᠋ᠢᠴᠠᠭᠠᠨ ᠦᠨᠡᠯᠡᠬᠦ᠌ ᠳᠤᠭᠤᠶ᠋ᠢᠯᠠᠩ ᠪᠠᠶ᠋ᠢᠭᠤᠯᠵᠤ᠂ ᠪᠠᠴᠢᠮ ᠪᠠᠶ᠋ᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠶᠠᠮᠤᠨ ᠲᠦᠷᠦᠭᠦᠯᠡᠨ᠂ ᠪᠠᠶ᠋ᠢᠭᠠᠯᠢ᠎ᠶᠢᠨ ᠡᠬᠢ ᠪᠠᠶᠠᠯᠢᠭ᠎ᠤᠨ ᠶᠠᠮᠤᠨ᠂ ᠳᠣᠲᠣᠭᠠᠳᠤ᠎ᠶᠢ ᠬᠠᠮᠠᠭᠠᠯᠠᠬᠤ ᠶᠠᠮᠤᠨ᠂ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠥᠲᠥᠭᠡᠨ ᠪᠠᠶ᠋ᠢᠭᠤᠯᠤᠯᠲᠠ᠎ᠶᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ᠎ᠶᠢᠨ ᠶᠠᠮᠤᠨ᠂ ᠳᠤᠮᠳᠠᠳᠤ ᠤᠯᠤᠰ᠎ᠤᠨ ᠴᠠᠭ ᠠᠭᠤᠷ᠎ᠤᠨ ᠲᠣᠪᠴᠢᠶ᠎ᠠ ᠪᠣᠯᠤᠨ ᠴᠦᠩᠴᠢᠩ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ ᠵᠡᠷᠭᠡ ᠬᠣᠯᠪᠣᠭᠳᠠᠯ ᠪᠥᠬᠥᠶ ᠲᠠᠯ᠎ᠠ᠎ᠶᠢᠨ᠎ᠬᠢᠨ ᠣᠷᠣᠯᠴᠠᠵᠤ᠂ ᠴᠦᠩᠴᠢᠩ᠎ᠦᠨ ᠫᠸᠩ ᠱᠦᠶ ᠵᠢᠨ ᠬᠠᠨᠵᠢᠶᠠ ᠵᠡᠭᠡᠯᠢ ᠭᠤᠳᠤᠮᠵᠢ᠎ᠶᠢᠨ 《7·17》 ᠎ᠤ᠋ ᠠᠭᠤᠯᠠ ᠨᠤᠷᠠᠭᠰᠠᠨ ᠣᠨᠴᠠ ᠬᠦᠨᠳᠦ ᠶᠡᠬᠡ ᠭᠠᠮᠰᠢᠭ᠎ᠲᠤ᠌ ᠪᠠᠶ᠋ᠢᠴᠠᠭᠠᠨ ᠦᠨᠡᠯᠡᠯᠲᠡ ᠬᠢᠨ᠎ᠠ᠃

8 ᠰᠠᠷ᠎ᠠ᠎ᠶᠢᠨ 4 ᠤ᠋ ᠡᠳᠦᠷ᠂ ᠲᠥᠷᠥ᠎ᠶᠢᠨ ᠶᠠᠪᠤᠳᠠᠯ᠎ᠤᠨ ᠬᠣᠷᠢᠶ᠎ᠠ ᠵᠢᠨ ᠴᠦᠩᠴᠢᠩ᠎ᠦᠨ ᠫᠸᠩ ᠱᠦᠶ᠎ᠶᠢᠨ ᠬᠠᠨᠵᠢᠶᠠ ᠵᠡᠭᠡᠯᠢ ᠭᠤᠳᠤᠮᠵᠢ᠎ᠶᠢᠨ 《7·17》 ᠤ᠋  ᠠᠭᠤᠯᠠ ᠨᠤᠷᠠᠭᠰᠠᠨ ᠣᠨᠴᠠ ᠬᠦᠨᠳᠦ ᠶᠡᠬᠡ ᠭᠠᠮᠰᠢᠭ᠎ᠢ ᠪᠠᠶ᠋ᠢᠴᠠᠭᠠᠨ ᠦᠨᠡᠯᠡᠬᠦ᠌ ᠳᠤᠭᠤᠶ᠋ᠢᠯᠠᠩ ᠴᠦᠩᠴᠢᠩ᠎ᠦᠨ ᠫᠸᠩ ᠱᠦᠶ᠎ᠳᠦ ᠠᠩᠬᠠᠳᠤᠭᠠᠷ ᠤᠳᠠᠭᠠᠨ᠎ᠤ ᠪᠥᠬᠥᠳᠡ ᠬᠤᠷᠠᠯ ᠬᠢᠪᠠ᠂ ᠪᠠᠶ᠋ᠢᠴᠠᠭᠠᠨ ᠦᠨᠡᠯᠡᠬᠦ᠌ ᠳᠤᠭᠤᠶ᠋ᠢᠯᠠᠩ᠎ᠤᠨ ᠳᠠᠷᠤᠭ᠎ᠠ᠂ ᠪᠠᠴᠢᠮ ᠪᠠᠶ᠋ᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠶᠠᠮᠤᠨ᠎ᠤ ᠨᠠᠮ᠎ᠤᠨ ᠬᠣᠷᠢᠶ᠎ᠠ ᠵᠢᠨ ᠭᠡᠰᠢᠭᠦᠨ᠂ ᠳᠤᠮᠳᠠᠳᠤ ᠤᠯᠤᠰ᠎ᠤᠨ ᠭᠠᠵᠠᠷ ᠬᠥᠳᠡᠯᠦᠯᠲᠡ᠎ᠶᠢᠨ ᠲᠣᠪᠴᠢᠶᠠᠨ᠎ᠤ ᠳᠠᠷᠤᠭ᠎ᠠ ᠸᠠᠩ ᠺᠦᠨ ᠬᠤᠷᠠᠯ ᠢ᠋ ᠡᠷᠭᠢᠯᠡᠵᠦ᠍᠂ ᠪᠠᠶ᠋ᠢᠴᠠᠭᠠᠨ ᠦᠨᠡᠯᠡᠬᠦ᠌ ᠠᠵᠢᠯ᠎ᠤᠨ ᠲᠣᠬᠢᠷᠠᠭᠤᠯᠤᠯᠲᠠ᠎ᠶᠢ ᠵᠠᠷᠯᠠᠨ ᠮᠡᠳᠡᠭᠳᠡᠵᠦ᠍᠂ ᠠᠵᠢᠯ᠎ᠤᠨ ᠱᠠᠭᠠᠷᠳᠠᠯᠭ᠎ᠠ ᠳᠤᠷᠠᠳᠪᠠ᠃ ᠪᠠᠶ᠋ᠢᠴᠠᠭᠠᠨ ᠦᠨᠡᠯᠡᠬᠦ᠌ ᠳᠤᠭᠤᠶ᠋ᠢᠯᠠᠩ᠎ᠤᠨ ᠪᠦᠬᠦ᠌ ᠪᠦᠷᠢᠯᠳᠦᠬᠦᠨ ᠬᠤᠷᠠᠯ᠎ᠳᠤ ᠣᠷᠣᠯᠴᠠᠵᠠᠢ᠃

ᠬᠤᠷᠠᠯ ᠡᠬᠢᠯᠡᠬᠦ᠌᠎ᠡᠴᠡ ᠡᠮᠦᠨ᠎ᠡ᠂ ᠬᠤᠷᠠᠯ᠎ᠳᠤ ᠣᠷᠣᠯᠴᠠᠭᠰᠠᠨ ᠪᠦᠬᠦ᠌ ᠨᠥᠬᠥᠳ ᠲᠥᠪ ᠵᠣᠭᠰᠣᠵᠤ᠂ ᠴᠦᠩᠴᠢᠩ᠎ᠦᠨ ᠫᠸᠩ ᠱᠦᠢ ᠵᠢᠨ ᠬᠠᠨᠵᠢᠶᠠ ᠵᠡᠭᠡᠯᠢ ᠭᠤᠳᠤᠮᠵᠢ ᠵᠢᠨ 《7·17》 ᠤ᠋ ᠠᠭᠤᠯᠠ ᠨᠤᠷᠠᠭᠰᠠᠨ ᠣᠨᠴᠠ ᠬᠦᠨᠳᠦ ᠶᠡᠬᠡ ᠭᠠᠮᠰᠢᠭ᠎ᠲᠤ᠌ ᠡᠨᠳᠡᠭᠰᠡᠳ᠎ᠢ ᠨᠠᠮᠠᠨᠴᠢᠯᠠᠨ ᠭᠠᠰᠢᠭᠤᠳᠠᠪᠠ᠃

ᠬᠤᠷᠠᠯ ᠡᠴᠡ᠂ ᠪᠠᠶ᠋ᠢᠴᠠᠭᠠᠵᠤ ᠦᠨᠡᠯᠡᠬᠦ ᠳᠤᠭᠤᠶ᠋ᠢᠯᠠᠩ᠎ᠤᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠰᠠᠶ᠋ᠢᠳ ᠯᠢ ᠴᠢᠶᠠᠩ ᠵᠡᠷᠭᠡ ᠲᠥᠪ᠎ᠦᠨ ᠤᠳᠤᠷᠢᠳᠤᠯᠭ᠎ᠠ᠎ᠶᠢᠨ ᠴᠣᠬᠣᠯᠠᠪᠤᠷᠢ᠎ᠶᠢᠨ ᠱᠠᠭᠠᠷᠳᠠᠯᠭ᠎ᠠ᠎ᠶᠢ ᠨᠠᠶ᠋ᠢᠳᠠᠪᠤᠷᠢᠵᠢᠭᠤᠯᠵᠤ᠂ 《ᠰᠢᠨᠵᠢᠯᠡᠬᠦ᠌ ᠤᠬᠠᠭᠠᠨᠴᠢ ᠴᠢᠩᠭ᠎ᠠ ᠬᠢᠨᠠᠮᠠᠭᠠᠢ᠂ ᠬᠠᠤᠯᠢ ᠴᠠᠭᠠᠵᠠ ᠲᠦᠷᠢᠮ ᠲᠣᠭᠲᠠᠭᠠᠯ ᠢ᠋ ᠵᠢᠷᠤᠮᠯᠠᠨ᠂ ᠦᠨᠡᠨ᠎ᠡᠴᠡ ᠵᠥᠪ᠎ᠢ ᠡᠷᠢᠵᠦ᠍᠂ ᠪᠣᠳᠠᠲᠤ᠌ ᠦᠷ᠎ᠡ ᠪᠦᠲᠦᠮᠵᠢ᠎ᠶᠢ ᠴᠢᠬᠤᠯᠠᠴᠢᠯᠠᠬᠤ》 ᠵᠠᠷᠴᠢᠮ ᠶᠣᠰᠣᠭᠠᠷ᠂ ᠭᠠᠮᠰᠢᠭ ᠡᠭᠦᠰᠦᠭᠰᠡᠨ ᠶᠠᠪᠤᠴᠠ᠎ᠶᠢ ᠪᠦᠬᠦ᠌ ᠲᠠᠯ᠎ᠠ᠎ᠪᠠᠷ ᠪᠤᠰᠤᠳᠴᠢ᠎ᠪᠠᠷ ᠲᠠᠬᠢᠨ ᠰᠤᠳᠤᠯᠵᠤ᠂ ᠭᠠᠮᠰᠢᠭ᠎ᠤᠨ ᠰᠢᠯᠲᠠᠭᠠᠨ᠎ᠢ ᠪᠠᠶ᠋ᠢᠴᠠᠭᠠᠨ ᠲᠤᠳᠤᠯᠠᠵᠤ᠂ ᠭᠠᠮᠰᠢᠭ᠎ᠢ ᠰᠡᠷᠭᠡᠶ᠋ᠢᠯᠡᠭᠰᠡᠨ ᠪᠠ ᠪᠠᠴᠢᠮ ᠪᠠᠶ᠋ᠢᠳᠠᠯ᠎ᠢ ᠠᠷᠭᠠᠴᠠᠭᠠᠨ ᠰᠢ᠌ᠳᠪᠦᠷᠢᠯᠡᠭᠰᠡᠨ ᠪᠠᠶ᠋ᠢᠳᠠᠯ᠎ᠢ ᠪᠦᠬᠦ᠌ ᠬᠡᠯᠬᠢᠶ᠎ᠡ᠎ᠪᠡᠷ ᠭᠦᠢᠴᠡᠳ ᠪᠠᠶ᠋ᠢᠴᠠᠭᠠᠨ ᠳᠤᠳᠤᠯᠠᠬᠤ ᠬᠡᠷᠡᠭᠲᠡᠢ ᠭᠡᠵᠤ ᠴᠢᠬᠤᠯᠠᠴᠢᠯᠠᠵᠠᠢ᠃ ᠬᠤᠷᠠᠯ ᠡᠴᠡ᠂ ᠡᠯ᠎ᠡ ᠭᠠᠵᠠᠷ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠢᠨ ᠠᠮᠤᠷ ᠲᠦᠪᠰᠢᠨ᠎ᠦ ᠠᠵᠢᠯ᠎ᠤᠨ ᠬᠠᠷᠢᠭᠤᠴᠠᠯᠭ᠎ᠠ᠎ᠪᠠᠨ ᠤᠯᠠᠮ ᠨᠢᠭᠡ ᠠᠯᠬᠤᠮ ᠨᠠᠶ᠋ᠢᠳᠠᠪᠤᠷᠢᠵᠢᠭᠤᠯᠵᠤ᠂ ᠭᠠᠵᠠᠷ ᠤ᠋ᠨ ᠭᠠᠢ ᠭᠠᠮᠰᠢᠭ ᠵᠡᠷᠭᠡ ᠬᠡᠮ ᠰᠣᠭᠣᠭ᠎ᠢ ᠭᠦᠨᠵᠡᠭᠡᠢ ᠵᠢᠭᠰᠠᠭᠠᠨ ᠪᠠᠶ᠋ᠢᠴᠠᠭᠠᠵᠤ ᠠᠷᠢᠯᠭᠠᠨ᠂ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠪᠠ ᠲᠣᠭᠣᠷᠢᠨ ᠪᠠᠶ᠋ᠢᠴᠠᠭᠠᠵᠤ ᠠᠶᠤᠯ ᠲᠦᠭᠰᠢᠭᠦᠷᠢ᠎ᠶᠢ ᠵᠢᠭᠰᠠᠭᠠᠨ ᠪᠠᠶ᠋ᠢᠴᠠᠭᠠᠬᠤ᠎ᠪᠠᠨ ᠴᠢᠩᠭᠠᠳᠬᠠᠵᠤ᠂ ᠭᠠᠮᠰᠢᠭ᠎ᠢ ᠰᠡᠷᠭᠡᠶ᠋ᠢᠯᠡᠬᠦ᠌ ᠭᠠᠮᠰᠢᠭ᠎ᠢ ᠪᠠᠭᠠᠰᠬᠠᠬᠤ ᠭᠠᠮᠰᠢᠭ ᠡᠴᠡ ᠠᠪᠤᠷᠠᠬᠤ ᠡᠯ᠎ᠡ ᠵᠦᠢᠯ᠎ᠦᠨ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠍᠂ ᠠᠷᠠᠳ ᠤᠯᠠᠨ᠎ᠤ ᠠᠮᠢ ᠨᠠᠰᠤ ᠡᠳ᠋ ᠬᠦᠷᠦᠩᠭᠡ᠎ᠶᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ᠍ ᠱᠠᠭᠠᠷᠳᠠᠪᠠ᠃

ᠨᠡᠶ᠋ᠢᠭᠡᠮ ᠤ᠋ᠨ ᠣᠯᠠᠨ ᠲᠦᠮᠡᠨ᠎ᠦ ᠪᠠᠶ᠋ᠢᠳᠠᠯ᠎ᠢᠶᠠᠨ ᠲᠤᠰᠬᠠᠬᠤ᠎ᠳᠤ ᠲᠥᠬᠥᠮ ᠦᠵᠡᠭᠦᠯᠬᠦ᠌᠎ᠶᠢᠨ ᠲᠥᠯᠥᠭᠡ᠂ ᠲᠣᠰ ᠡᠳᠦᠷ᠎ᠡᠴᠡ ᠡᠬᠢᠯᠡᠨ 8 ᠰᠠᠷ᠎ᠠ᠎ᠶᠢᠨ 31 ᠤ᠋ ᠡᠳᠦᠷ ᠪᠣᠯᠲᠠᠯ᠎ᠠ᠂ ᠲᠥᠷᠥ᠎ᠶᠢᠨ ᠶᠠᠪᠤᠳᠠᠯ᠎ᠤᠨ ᠬᠣᠷᠢᠶ᠎ᠠ ᠵᠢᠨ ᠪᠠᠶ᠋ᠢᠴᠠᠭᠠᠨ ᠦᠨᠡᠯᠡᠬᠦ᠌ ᠳᠤᠭᠤᠶ᠋ᠢᠯᠠᠩ ᠢᠯᠡᠴᠢᠯᠡᠨ ᠮᠡᠳᠡᠭᠦᠯᠬᠦ᠌ ᠬᠠᠷᠢᠯᠴᠠᠬᠤ ᠤᠲᠠᠰᠤ ᠲᠤᠬᠢᠷᠠᠭᠤᠯᠪᠠ᠄ 023 — 78897616 (ᠠᠵᠢᠯᠯᠠᠬᠤ ᠴᠠᠭ᠄ 8᠄ 00 — 20᠄ 00)᠂ ᠰᠢᠤᠳᠠᠨ᠎ᠤ᠎ᠬᠠᠶ᠋ᠢᠷᠴᠠᠭ᠄ ᠴᠦᠩᠴᠢᠩ ᠬᠣᠲᠠ᠎ᠶᠢᠨ ᠫᠸᠩ ᠱᠦᠶ ᠵᠢᠨ ᠮᠢᠶᠣᠣ ᠦᠨᠳᠦᠰᠦᠲᠡᠨ ᠲᠦᠵᠢᠶᠠ ᠦᠨᠳᠦᠰᠦᠲᠡᠨ᠎ᠦ ᠥᠪᠡᠷᠲᠡᠭᠡᠨ ᠵᠠᠰᠠᠬᠤ ᠰᠢᠶᠠᠨ᠎ᠤ A 09706 ᠨᠣᠮᠧᠷᠲᠤ᠌ ᠰᠢᠤᠳᠠᠨ ᠤ᠋ ᠬᠠᠶ᠋ᠢᠷᠴᠠᠭ᠃

(ᠰᠢᠨᠬᠤᠸᠠ ᠬᠣᠷᠢᠶ᠎ᠠ ᠵᠢᠨ ᠪᠡᠭᠡᠵᠢᠩ᠎ᠦᠨ 8 ᠰᠠᠷ᠎ᠠ᠎ᠶᠢᠨ 4 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号