ᠤᠢᠷ᠎ᠠ᠎ᠳᠤ ᠥᠪᠥᠷ ᠮᠣᠩᠭᠣᠯ᠎ᠤᠨ ᠵᠡᠮᠳᠡᠭᠴᠦᠳ᠎ᠦᠨ ᠬᠤᠯᠪᠤᠭ᠎ᠠ᠎ᠡᠴᠡ ᠭᠣᠣᠯᠯᠠᠨ ᠡᠷᠭᠢᠯᠡᠵᠦ᠂ ᠥᠪᠥᠷ ᠮᠣᠩᠭᠣᠯ᠎ᠤᠨ ᠣᠨᠴᠠᠭᠠᠶ ᠠᠵᠢᠯ ᠮᠡᠷᠭᠡᠵᠢᠯ᠎ᠦᠨ ᠰᠤᠷᠭᠠᠭᠤᠯᠢ ᠡᠴᠡ ᠳᠠᠭᠠᠭᠠᠴᠢᠯᠠᠨ ᠡᠷᠭᠢᠯᠡᠭᠰᠡᠨ ᠥᠪᠥᠷ ᠮᠣᠩᠭᠣᠯ᠎ᠤᠨ 2026 ᠣᠨ᠎ᠤ ᠳᠣᠬᠢᠶᠠᠨ᠎ᠤ ᠬᠡᠯᠡᠨ᠎ᠦ ᠣᠷᠴᠢᠭᠤᠯᠭ᠎ᠠ᠎ᠶᠢᠨ ᠨᠢᠭᠡᠳᠦᠭᠡᠷ ᠬᠤᠭᠤᠴᠠᠭᠠᠨ᠎ᠤ ᠲᠤᠰᠬᠠᠢ ᠲᠦᠷᠦᠯ᠎ᠤᠨ ᠠᠵᠢᠯ ᠮᠡᠷᠭᠡᠵᠢᠯ᠎ᠦᠨ ᠴᠢᠳᠠᠪᠤᠷᠢ᠎ᠶᠢᠨ ᠪᠣᠯᠪᠠᠰᠤᠷᠠᠯ᠎ᠤᠨ ᠠᠩᠭᠢ ᠬᠥᠬᠡᠬᠣᠲᠠ᠎ᠳᠤ ᠵᠢᠩᠬᠢᠨᠢ᠎ᠪᠡᠷ ᠬᠢᠴᠢᠶᠡᠯ ᠡᠬᠢᠯᠡᠪᠡ᠃
ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ᠂ ᠲᠠᠭᠠᠭᠠᠴᠢᠯᠠᠨ ᠡᠷᠬᠢᠯᠡᠭᠰᠡᠨ ᠨᠢᠭᠡᠴᠢ᠎ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠡᠴᠡ᠂ ᠲᠤᠬᠢᠶᠠᠨ᠎ᠤ ᠬᠡᠯᠡ ᠪᠣᠯ ᠰᠣᠨᠣᠷ᠎ᠤᠨ ᠰᠠᠭᠠᠳ ᠲᠠᠢ ᠵᠡᠮᠳᠡᠭᠴᠦᠳ᠎ᠤᠨ ᠨᠡᠢᠭᠡᠮ ᠨᠡᠢᠲᠡ᠎ᠳᠦ ᠠᠭᠤᠰᠤᠯᠴᠠᠬᠤ᠂ ᠮᠡᠳᠡᠭᠡ ᠵᠠᠩᠭᠢ ᠣᠯᠬᠤ᠂ ᠬᠠᠢᠷ᠎ᠠ ᠰᠡᠳᠬᠢᠯᠭᠡ᠎ᠪᠡᠨ ᠢᠯᠡᠳᠬᠡᠬᠦ ᠣᠨᠴᠠᠭᠠᠢ ᠬᠡᠯᠡ ᠪᠣᠯᠣᠨ᠎ᠠ᠂ ᠲᠤᠬᠢᠶᠠᠨ᠎ᠤ ᠬᠡᠯᠡᠨ᠎ᠦ ᠣᠷᠴᠢᠭᠤᠯᠭ᠎ᠠ ᠪᠣᠯ ᠲᠠᠭᠤ᠎ᠲᠠᠢ ᠶᠢᠷᠲᠢᠨᠴᠦ ᠪᠠ ᠲᠠᠭᠤ ᠦᠭᠡᠢ ᠶᠢᠷᠲᠢᠨᠴᠦ᠎ᠶᠢ ᠬᠣᠯᠪᠣᠬᠤ 《ᠡᠯᠴᠢ》 ᠪᠣᠯᠣᠨ᠎ᠠ᠃ ᠥᠨᠳᠥᠷ ᠬᠡᠪ ᠪᠣᠯᠪᠠᠰᠤᠷᠠᠯ᠎ᠲᠠᠢ᠂ ᠲᠤᠰᠬᠠᠢ ᠮᠡᠷᠭᠡᠵᠢᠭᠰᠡᠨ᠂ ᠬᠠᠢᠷ᠎ᠠ ᠰᠡᠳᠬᠢᠯᠭᠡ᠎ᠲᠠᠢ ᠲᠤᠬᠢᠶᠠᠨ᠎ᠤ ᠬᠡᠯᠡᠨ᠎ᠦ ᠣᠷᠴᠢᠭᠤᠯᠭ᠎ᠠ᠎ᠶᠢᠨ ᠡᠩᠨᠡᠭᠡ᠎ᠶᠢ ᠬᠥᠮᠥᠵᠢᠭᠦᠯᠬᠦ ᠪᠣᠯ ᠵᠡᠮᠳᠡᠭᠴᠦᠳ᠎ᠦᠨ ᠦᠢᠯᠡᠴᠢᠯᠡᠭᠡᠨ᠎ᠦ ᠡᠴᠦᠰ᠎ᠦᠨ ᠨᠢᠭᠡ ᠺᠢᠯᠣᠮᠧᠲᠷ᠎ᠢ ᠨᠡᠪᠲᠡᠷᠡᠭᠦᠯᠬᠦ ᠵᠠᠩᠭᠢᠯᠠᠭ᠎ᠠ᠎ᠶᠢᠨ ᠠᠷᠭ᠎ᠠ ᠬᠡᠮᠵᠢᠶ᠎ᠡ ᠮᠥᠨ᠂ ᠪᠠᠰᠠ ᠴᠤ᠌ ᠨᠡᠢᠭᠡᠮ᠎ᠦᠨ ᠪᠣᠯᠪᠠᠰᠤᠨ᠎ᠤ ᠲᠠᠪᠰᠢᠯᠲᠠ᠎ᠶᠢ ᠬᠡᠮᠵᠢᠬᠦ ᠴᠢᠬᠤᠯᠠ ᠬᠡᠮᠵᠢᠭᠦᠷ ᠮᠥᠨ ᠭᠡᠵᠦ ᠵᠢᠭᠠᠵᠦ ᠭᠠᠷᠭᠠᠪᠠ᠃ ᠪᠤᠯᠪᠠᠰᠤᠷᠠᠯ᠎ᠤᠨ ᠠᠩᠬᠢ ᠡᠴᠡ᠂ ᠰᠤᠷᠤᠯᠭᠠᠲᠠᠳ ᠡᠴᠡ ᠤᠯᠤᠰ ᠲᠥᠷᠥ᠎ᠶᠢᠨ ᠵᠣᠭᠰᠣᠴᠠ᠎ᠪᠠᠨ ᠳᠡᠭᠡᠭᠰᠢᠯᠡᠭᠦᠯᠵᠦ᠂ ᠳᠣᠬᠢᠶᠠᠨ᠎ᠤ ᠬᠡᠯᠡᠨ᠎ᠦ ᠣᠷᠴᠢᠭᠤᠯᠭ᠎ᠠ᠎ᠶᠢᠨ ᠠᠵᠢᠯ᠎ᠤᠨ ᠴᠠᠭ ᠦᠶ᠎ᠡ᠎ᠶᠢᠨ ᠠᠭᠤᠯᠤᠭᠳᠠᠬᠤᠨ᠎ᠢ ᠭᠦᠨᠵᠡᠭᠡᠢ ᠣᠢᠯᠠᠭᠠᠵᠤ᠂ ᠴᠠᠭᠠᠷᠠᠭᠰᠠᠨ ᠡᠷᠳᠡᠮ ᠴᠢᠳᠠᠪᠤᠷᠢ᠎ᠶᠢ ᠳᠠᠪᠲᠠᠨ ᠪᠣᠯᠪᠠᠰᠤᠷᠠᠭᠤᠯᠵᠤ᠂ ᠲᠤᠰᠬᠠᠢ ᠮᠡᠷᠭᠡᠵᠢᠯ᠎ᠦᠨ ᠦᠢᠯᠡᠴᠢᠯᠡᠭᠡᠨ᠎ᠦ ᠴᠢᠳᠠᠪᠤᠷᠢ ᠪᠠ ᠶᠡᠷᠦᠩᠬᠡᠢᠯᠡᠭᠰᠡᠨ ᠬᠡᠪ ᠪᠣᠯᠪᠠᠰᠤᠷᠠᠯ ᠵᠢᠡᠨ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠮᠡᠳᠡᠭᠡ ᠵᠠᠩᠭᠢ᠎ᠶᠢ ᠣᠨᠣᠪᠴᠢᠲᠠᠢ ᠳᠠᠮᠵᠢᠭᠤᠯᠬᠤ᠎ᠪᠠᠷ ᠪᠠᠷᠠᠬᠤ ᠦᠭᠡᠢ᠂ ᠨᠡᠩ ᠴᠤ᠌ ᠬᠠᠢᠷ᠎ᠠ ᠰᠡᠳᠬᠢᠯᠭᠡ ᠪᠠ ᠬᠦᠨᠳᠦᠳᠬᠡᠯ᠎ᠢ ᠳᠠᠮᠵᠢᠭᠤᠯᠵᠤ᠂ ᠰᠣᠨᠣᠷ᠎ᠤᠨ ᠰᠠᠭᠠᠳ᠎ᠲᠠᠢ ᠵᠡᠮᠳᠡᠭᠴᠤᠳ᠎ᠤᠨ ᠢᠲᠡᠭᠡᠮᠵᠢᠲᠡᠢ᠂ ᠨᠠᠢᠳᠠᠪᠤᠷᠢᠲᠠᠢ 《ᠲᠤᠲᠤᠨᠤ ᠬᠦᠮᠦᠨ》 ᠪᠣᠯᠬᠤ ᠬᠡᠷᠡᠭᠲᠡᠢ;ᠠᠵᠢᠯ᠎ᠤᠨ ᠪᠠᠢᠷᠢ᠎ᠳᠠᠭᠠᠨ ᠰᠠᠭᠤᠷᠢᠯᠠᠨ ᠦᠢᠯᠡᠳᠦᠯᠭᠡᠵᠢᠭᠦᠯᠵᠦ᠂ ᠵᠡᠮᠳᠡᠭᠴᠦᠳ᠎ᠦᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠳᠦ ᠢᠳᠡᠪᠬᠢᠲᠡᠢ ᠣᠷᠣᠯᠴᠠᠵᠤ᠂ ᠲᠦᠷᠦ᠎ᠶᠢᠨ ᠪᠣᠳᠣᠯᠭ᠎ᠠ᠎ᠶᠢᠨ ᠤᠬᠠᠭᠤᠯᠤᠭ᠍ᠴᠢ᠂ ᠡᠷᠬᠡ ᠠᠰᠢᠭ᠋᠎ᠤᠨ ᠬᠠᠮᠠᠭᠠᠯᠠᠭ᠍ᠴᠢ ᠪᠤᠯᠬᠤ ᠬᠡᠷᠡᠭᠲᠡᠢ ᠭᠡᠵᠦ ᠱᠠᠭᠠᠷᠳᠠᠪᠠ᠃
ᠲᠣᠰ ᠤᠳᠠᠭᠠᠨ᠎ᠤ ᠪᠣᠯᠪᠠᠰᠤᠷᠠᠯ᠎ᠤᠨ ᠠᠩᠭᠢ᠎ᠨᠢ ᠪᠥᠬᠥ ᠣᠷᠣᠨ᠎ᠤ ᠳᠣᠬᠢᠶᠠᠨ᠎ᠤ ᠬᠡᠯᠡᠨ᠎ᠦ ᠣᠷᠴᠢᠭᠤᠯᠭ᠎ᠠ᠎ᠶᠢᠨ ᠴᠢᠳᠠᠪᠤᠷᠢᠲᠠᠨ᠎ᠤ ᠡᠩᠨᠡᠭᠡ᠎ᠶᠢᠨ ᠪᠠᠢᠭᠤᠯᠤᠯᠲᠠ᠎ᠵᠢ ᠤᠯᠠᠮ ᠨᠢᠭᠡ ᠠᠯᠬᠤᠮ ᠲᠡᠬᠦᠯᠳᠡᠷᠵᠢᠬᠦᠯᠬᠦ ᠪᠤᠯᠤᠨ᠎ᠠ᠃ ᠬᠣᠢᠰᠢᠳᠠ᠂ ᠦᠪᠦᠷ ᠮᠤᠩᠭᠤᠯ᠎ᠤᠨ ᠵᠡᠮᠳᠡᠭᠴᠦᠳ᠎ᠦᠨ ᠬᠣᠯᠪᠣᠭ᠎ᠠ ᠨᠢ ᠲᠤᠰᠬᠠᠢ ᠮᠡᠷᠭᠡᠵᠢᠯ᠎ᠦᠨ ᠳᠠᠪᠠᠭᠤᠯᠢᠭ᠋᠎ᠢᠶᠠᠨ ᠦᠷᠭᠦᠯᠵᠢᠯᠡᠨ ᠪᠠᠳᠠᠷᠠᠭᠤᠯᠵᠤ᠂ ᠤᠯᠤᠰ᠎ᠤᠨ ᠨᠡᠢᠳᠡᠮ ᠬᠡᠷᠡᠭᠯᠡᠬᠦ ᠳᠣᠬᠢᠶᠠᠨ᠎ᠤ ᠬᠡᠯᠡ᠎ᠶᠢ ᠰᠤᠳᠤᠯᠬᠤ ᠪᠠ ᠳᠡᠯᠭᠡᠷᠡᠭᠦᠯᠦᠨ ᠬᠡᠷᠡᠭᠯᠡᠬᠦ᠎ᠶᠢ ᠭᠦᠨᠵᠡᠭᠡᠢᠷᠡᠭᠦᠯᠵᠦ᠂ ᠨᠠᠩ ᠪᠠᠭᠲᠠᠭᠠᠮᠵᠢᠲᠠᠢ᠂ ᠨᠥᠬᠥᠷᠰᠡᠭ᠂ ᠳᠥᠭᠥᠮ ᠳᠥᠲᠡ ᠵᠡᠮᠳᠡᠭᠴᠦᠳ᠎ᠦᠨ ᠦᠢᠯᠡᠴᠢᠯᠡᠭᠡᠨ᠎ᠦ ᠰᠢᠰᠲᠧᠮ᠎ᠢ ᠪᠠᠶ᠋ᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠬᠦ ᠪᠤᠯᠤᠨ᠎ᠠ᠃