ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠣᠷᠣᠨ ᠰᠠᠭᠤᠴᠠ ᠪᠠ ᠬᠣᠲᠠ ᠬᠥᠳᠡᠭᠡ ᠶ᠋ᠢᠨ ᠪᠥᠲᠥᠭᠡᠨ ᠪᠠᠶ᠋ᠢᠭᠤᠯᠤᠯᠲᠠ ᠶ᠋ᠢᠨ ᠲᠢᠩᠬᠢᠮ ᠤ᠋ᠨ ᠮᠡᠳᠡᠭᠡ ᠵᠢ ᠦᠨᠳᠦᠰᠦᠯᠡᠪᠡᠯ᠂ ᠣᠶ᠋ᠢᠷ᠎ᠠ ᠳ᠋ᠤ᠂ ᠣᠷᠣᠨ ᠰᠠᠭᠤᠴᠠ ᠪᠠ ᠬᠣᠲᠠ ᠬᠥᠳᠡᠭᠡ ᠶ᠋ᠢᠨ ᠪᠥᠲᠥᠭᠡᠨ ᠪᠠᠶ᠋ᠢᠭᠤᠯᠤᠯᠲᠠ ᠶ᠋ᠢᠨ ᠶᠠᠮᠤᠨ ᠡᠴᠡ 《ᠬᠣᠲᠠ ᠶ᠋ᠢᠨ ᠪᠡᠶ᠎ᠡ ᠶ᠋ᠢᠨ ᠪᠠᠶ᠋ᠢᠴᠠᠭᠠᠯᠲᠠ ᠵᠢᠨ ᠳᠡᠯᠭᠡᠷᠡᠭᠦᠯᠵᠦ ᠪᠣᠯᠬᠤᠢᠴᠠ ᠲᠤᠷᠰᠢᠯᠭ᠎ᠠ ᠪᠠ ᠠᠷᠭ᠎ᠠ ᠬᠡᠮᠵᠢᠶ᠎ᠡ ᠶ᠋ᠢᠨ ᠨᠠᠷᠢᠨ ᠳᠠᠨᠭᠰᠠ (ᠬᠣᠶᠠᠳᠤᠭᠠᠷ ᠪᠦᠯᠦᠭ)》 ᠵᠢ ᠨᠡᠶ᠋ᠢᠲᠡᠯᠡᠵᠦ᠂ ᠬᠥᠬᠡᠡᠡᠣᠲᠠ ᠶ᠋ᠢᠨ ᠬᠣᠲᠠ ᠶ᠋ᠢᠨ ᠪᠡᠶ᠎ᠡ ᠶ᠋ᠢᠨ ᠪᠠᠶ᠋ᠢᠴᠠᠭᠠᠯᠲᠠ ᠶ᠋ᠢᠨ ᠠᠵᠢᠯ ᠤ᠋ᠨ ᠰᠢᠨ᠎ᠡ ᠵᠢ ᠡᠭᠦᠳᠦᠭᠰᠡᠨ ᠦᠢᠯᠡᠳᠦᠯᠭᠡ ᠨᠢ ᠨᠠᠷᠢᠨ ᠳᠠᠨᠭᠰᠠᠨ ᠳ᠋ᠤ ᠠᠮᠵᠢᠯᠲᠠ ᠲᠠᠢ ᠪᠡᠷ ᠰᠣᠩᠭᠣᠭᠳᠠᠨ ᠤᠷᠤᠭᠰᠠᠨ ᠪᠥᠭᠡᠳ ᠪᠥᠬᠥ᠌ ᠤᠯᠤᠰ ᠲᠦ᠍ ᠳᠡᠯᠭᠡᠷᠡᠭᠦᠯᠬᠦ ᠠᠷᠭ᠎ᠠ ᠬᠡᠮᠵᠢᠶ᠎ᠡ ᠪᠤᠯᠪᠠ᠃
《ᠬᠣᠲᠠ ᠶ᠋ᠢᠨ ᠪᠡᠶ᠎ᠡ ᠶ᠋ᠢᠨ ᠪᠠᠶ᠋ᠢᠴᠠᠭᠠᠯᠲᠠ ᠵᠢᠨ ᠳᠡᠯᠭᠡᠷᠡᠭᠦᠯᠵᠦ ᠪᠣᠯᠬᠤᠢᠴᠠ ᠲᠤᠷᠰᠢᠯᠭ᠎ᠠ ᠪᠠ ᠠᠷᠭ᠎ᠠ ᠬᠡᠮᠵᠢᠶ᠎ᠡ ᠶ᠋ᠢᠨ ᠨᠠᠷᠢᠨ ᠳᠠᠨᠭᠰᠠ (ᠬᠣᠶᠠᠳᠤᠭᠠᠷ ᠪᠦᠯᠦᠭ)》 ᠨᠢ ᠡᠯ᠎ᠡ ᠭᠠᠵᠠᠷ ᠤ᠋ᠨ ᠬᠣᠲᠠ ᠶ᠋ᠢᠨ ᠪᠡᠶ᠎ᠡ ᠶ᠋ᠢᠨ ᠪᠠᠶ᠋ᠢᠴᠠᠭᠠᠯᠲᠠ ᠶ᠋ᠢᠨ ᠠᠵᠢᠯ ᠤ᠋ᠨ ᠠᠷᠭ᠎ᠠ ᠳ᠋ᠤ ᠰᠢᠨ᠎ᠡ ᠵᠢ ᠡᠭᠦᠳᠦᠭᠰᠡᠨ᠂ ᠬᠣᠲᠠ ᠶ᠋ᠢᠨ ᠪᠡᠶ᠎ᠡ ᠶ᠋ᠢᠨ ᠪᠠᠶ᠋ᠢᠴᠠᠭᠠᠯᠲᠠ ᠬᠢᠭᠡᠳ ᠬᠣᠲᠠ ᠶ᠋ᠢᠨ ᠰᠢᠨᠡᠴᠢᠯᠡᠯᠲᠡ ᠶ᠋ᠢ ᠨᠢᠭᠡ ᠴᠤᠭᠴᠠᠵᠢᠭᠤᠯᠤᠨ ᠠᠬᠢᠭᠤᠯᠬᠤ ᠲᠣᠭᠲᠠᠴᠠ ᠵᠢ ᠪᠠᠶ᠋ᠢᠭᠤᠯᠤᠭᠰᠠᠨ᠂ ᠬᠣᠲᠠ ᠶ᠋ᠢᠨ ᠪᠡᠶ᠎ᠡ ᠶ᠋ᠢᠨ ᠪᠠᠶ᠋ᠢᠴᠠᠭᠠᠯᠲᠠ ᠳ᠋ᠤ ᠢᠯᠡᠷᠡᠭᠦᠯᠦᠭᠰᠡᠨ ᠠᠰᠠᠭᠤᠳᠠᠯ ᠢ᠋ ᠰᠢᠢᠳᠪᠦᠷᠢᠯᠡᠬᠦ ᠵᠢ ᠠᠬᠢᠭᠤᠯᠤᠭᠰᠠᠨ᠂ ᠬᠣᠲᠠ ᠶ᠋ᠢᠨ ᠪᠡᠶ᠎ᠡ ᠶ᠋ᠢᠨ ᠪᠠᠶ᠋ᠢᠴᠠᠭᠠᠯᠲᠠ ᠶ᠋ᠢᠨ ᠠᠵᠢᠯ ᠤ᠋ᠨ ᠪᠠᠲᠤᠯᠠᠭ᠎ᠠ ᠵᠢ ᠴᠢᠩᠭᠠᠳᠬᠠᠭᠰᠠᠨ ᠵᠡᠷᠭᠡ ᠲᠠᠯ᠎ᠠ ᠶ᠋ᠢᠨ ᠲᠤᠷᠰᠢᠯᠭ᠎ᠠ ᠠᠷᠭ᠎ᠠ ᠬᠡᠮᠵᠢᠶ᠎ᠡ ᠵᠢ ᠳ᠋ᠦᠩᠨᠡᠵᠦ᠍᠂ ᠡᠯ᠎ᠡ ᠭᠠᠵᠠᠷ ᠤ᠋ᠨ ᠪᠣᠳᠠᠲᠠᠶ ᠲᠠᠢ ᠪᠠᠨ ᠤᠶᠠᠯᠳᠤᠭᠤᠯᠤᠨ ᠰᠤᠷᠤᠯᠴᠠᠵᠤ ᠳᠡᠯᠭᠡᠷᠡᠭᠦᠯᠬᠦ ᠳ᠋ᠤ ᠯᠠᠪᠯᠠᠯᠲᠠ ᠬᠠᠨᠭᠭᠠᠪᠠ᠃
ᠣᠶ᠋ᠢᠯᠠᠭᠠᠭᠰᠠᠨ ᠢ᠋ᠶ᠋ᠡᠷ᠂ ᠬᠣᠲᠠ ᠶ᠋ᠢᠨ ᠪᠡᠶ᠎ᠡ ᠶ᠋ᠢᠨ ᠪᠠᠶ᠋ᠢᠴᠠᠭᠠᠯᠲᠠ ᠶ᠋ᠢᠨ ᠠᠵᠢᠯ ᠢ᠋ ᠭᠦᠨᠵᠡᠭᠡᠶ ᠠᠬᠢᠭᠤᠯᠬᠤ ᠶ᠋ᠢᠨ ᠲᠥᠯᠥᠭᠡ᠂ ᠬᠥᠬᠡᠡᠡᠣᠲᠠ ᠬᠣᠲᠠ ᠶ᠋ᠢᠨ ᠬᠥᠭᠵᠢᠯᠲᠡ ᠶ᠋ᠢᠨ ᠪᠣᠳᠠᠲᠤ᠌ ᠪᠠᠢᠳᠠᠯ ᠪᠠ ᠲᠤᠰ ᠭᠠᠵᠠᠷ ᠤ᠋ᠨ ᠪᠦᠲᠦᠭᠡᠨ ᠪᠠᠶ᠋ᠢᠭᠤᠯᠤᠯᠲᠠ ᠶ᠋ᠢᠨ ᠣᠨᠴᠠᠯᠢᠭ ᠲᠠᠭᠠᠨ ᠰᠠᠭᠤᠷᠢᠯᠠᠨ᠂ ᠠᠮᠢ ᠠᠬᠤᠶ ᠶ᠋ᠢᠨ ᠰᠡᠷᠭᠦᠭᠡᠯᠲᠡ᠂ ᠰᠣᠶᠣᠯ ᠤ᠋ᠨ ᠤᠯᠠᠮᠵᠢᠯᠠᠯ᠂ ᠴᠢᠳᠠᠮᠵᠢ ᠵᠢ ᠲᠡᠭᠦᠯᠳᠡᠷᠵᠢᠭᠦᠯᠬᠦ᠌ ᠵᠡᠷᠭᠡ ᠬᠣᠲᠠ ᠵᠢᠨ ᠰᠢᠨᠡᠴᠢᠯᠡᠯᠲᠡ ᠶ᠋ᠢᠨ ᠭᠤᠤᠯᠳᠠᠯᠭ᠎ᠠ ᠲᠠᠢ ᠡᠭᠦᠷᠭᠡ ᠲᠡᠶ ᠤᠶᠠᠯᠳᠤᠭᠤᠯᠵᠤ᠂ ᠪᠡᠶ᠎ᠡ ᠶ᠋ᠢᠨ ᠪᠠᠶ᠋ᠢᠴᠠᠭᠠᠯᠲᠠ ᠶ᠋ᠢᠨ ᠭᠦᠢᠴᠡᠳᠭᠡᠯ ᠲᠣᠭ᠎ᠠ ᠶ᠋ᠢᠨ ᠰᠢᠰᠲ᠋ᠧᠮ ᠢ᠋ ᠦᠷᠭᠦᠯᠵᠢᠯᠡᠨ ᠲᠡᠭᠦᠯᠳᠡᠷᠵᠢᠭᠦᠯᠵᠦ᠂ 32 ᠵᠦᠢᠯ ᠤ᠋ᠨ ᠣᠷᠣᠨ ᠨᠤᠲᠤᠭ ᠤ᠋ᠨ ᠣᠨᠴᠠᠯᠢᠭᠲᠤ᠌ ᠭᠦᠢᠴᠡᠳᠭᠡᠯ ᠲᠣᠭ᠎ᠠ ᠵᠢ ᠨᠡᠮᠡᠵᠦ᠍ ᠲᠣᠬᠢᠷᠠᠭᠤᠯᠵᠤ᠂ 《60 ᠵᠦᠢᠯ ᠤ᠋ᠨ ᠰᠠᠭᠤᠷᠢ ᠭᠦᠢᠴᠡᠳᠭᠡᠯ ᠲᠣᠭ᠎ᠠ + 8 ᠵᠦᠢᠯ ᠤ᠋ᠨ ᠮᠤᠵᠢ ᠶ᠋ᠢᠨ ᠱᠠᠲᠤᠨ ᠤ᠋ ᠣᠨᠴᠠᠯᠢᠭᠲᠤ ᠭᠦᠢᠴᠡᠳᠭᠡᠯ ᠲᠤᠭ᠎ᠠ + 32 ᠵᠦᠢᠯ ᠤ᠋ᠨ ᠬᠣᠲᠠ ᠶ᠋ᠢᠨ ᠱᠠᠲᠤᠨ ᠤ᠋ ᠣᠨᠴᠠᠯᠢᠭᠲᠤ ᠭᠦᠢᠴᠡᠳᠭᠡᠯ ᠲᠤᠭ᠎ᠠ》 ᠶ᠋ᠢᠨ ᠭᠦᠢᠴᠡᠳᠭᠡᠯ ᠲᠣᠭ᠎ᠠ ᠶ᠋ᠢᠨ ᠰᠢᠰᠲ᠋ᠧᠮ ᠢ᠋ ᠪᠦᠷᠢᠯᠳᠦᠭᠦᠯᠵᠦ᠂ ᠪᠡᠶ᠎ᠡ ᠶ᠋ᠢᠨ ᠪᠠᠶ᠋ᠢᠴᠠᠭᠠᠯᠲᠠ ᠶ᠋ᠢᠨ ᠦᠷ᠎ᠡ ᠪᠦᠲᠦᠭᠡᠯ ᠢ᠋ ᠬᠣᠲᠠ ᠶ᠋ᠢᠨ ᠰᠢᠨᠡᠴᠢᠯᠡᠯᠲᠡ ᠶ᠋ᠢᠨ ᠲᠦᠷᠦᠯ ᠵᠦᠢᠯ ᠳ᠋ᠤ ᠰᠢᠭᠤᠳ ᠦᠢᠯᠡᠴᠢᠯᠡᠭᠦᠯᠬᠦ ᠵᠢ ᠠᠬᠢᠭᠤᠯᠵᠤ᠂ ᠬᠦᠬᠡᠡᠡᠤᠲᠠ ᠶ᠋ᠢᠨ ᠬᠣᠲᠠ ᠶ᠋ᠢᠨ ᠪᠡᠶ᠎ᠡ ᠶ᠋ᠢᠨ ᠪᠠᠶ᠋ᠢᠴᠠᠭᠠᠯᠲᠠ᠂ ᠬᠣᠲᠠ ᠶ᠋ᠢᠨ ᠰᠢᠨᠡᠴᠢᠯᠡᠯᠲᠡ ᠶ᠋ᠢᠨ ᠬᠦᠷᠢᠶᠡᠨ ᠤ᠋ ᠰᠢᠨ᠎ᠡ ᠵᠢ ᠡᠭᠦᠳᠬᠦ᠌ ᠠᠮᠢᠵᠢᠷᠠᠯ ᠤ᠋ᠨ ᠬᠦᠴᠦᠨ ᠪᠠ ᠪᠣᠳᠠᠲᠠᠶ ᠠᠵᠢᠯᠯᠠᠬᠤ ᠦᠷ᠎ᠡ ᠪᠦᠲᠦᠮᠵᠢ ᠵᠢ ᠢᠯᠡᠷᠡᠭᠦᠯᠪᠡ᠃