ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠲᠤᠪᠴᠢᠶ᠎ᠡ ᠡᠴᠡ ᠤᠢᠯᠠᠭᠠᠭᠰᠠᠨ ᠵᠢᠡᠷ᠂ ᠲᠦᠷᠦᠬᠦᠭᠡᠨ ᠬᠤᠷᠢᠨᠭᠡᠷ (ᠱᠠᠩᠬᠠᠢ) ᠤ᠋ᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠰᠢᠨ᠎ᠡ᠎ᠶ᠋ᠢ ᠡᠭᠦᠳᠬᠦ᠌ ᠲᠥᠪ ᠱᠠᠩᠬᠠᠢ᠎ᠳᠤ ᠫᠠᠶ᠋ᠢᠰᠠ ᠰᠡᠬᠦᠪᠡ᠃ ᠡᠨᠡ ᠨᠢ ᠬᠤᠷᠢᠨᠭᠡᠷ ᠱᠠᠩᠬᠠᠢ᠎ᠶ᠋ᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶ᠋ᠢ ᠡᠭᠦᠳᠬᠦ᠌ ᠡᠬᠢ ᠪᠠᠶᠠᠯᠢᠭ ᠪᠣᠯᠤᠨ ᠬᠥᠬᠡᠬᠤᠲᠠ᠎ᠶ᠋ᠢᠨ ᠠᠵᠤ ᠦᠢᠯᠡᠰ᠎ᠤᠨ ᠣᠷᠤᠨ ᠪᠦᠰᠡ ᠠᠯᠤᠰᠯᠠᠨ ᠬᠠᠮᠵᠢᠯᠴᠠᠨ ᠰᠢᠨ᠎ᠡ᠎ᠶ᠋ᠢ ᠡᠭᠦᠳᠬᠦ᠌ ᠬᠥᠭᠦᠷᠭᠡ ᠪᠠᠶ᠋ᠢᠭᠤᠯᠤᠭᠳᠠᠭᠰᠠᠨ ᠢ ᠬᠠᠷᠠᠭᠤᠯᠵᠤ ᠪᠠᠶ᠋ᠢᠨ᠎ᠠ᠃
ᠣᠶ᠋ᠢᠯᠠᠭᠠᠭᠰᠠᠨ᠎ᠢᠶᠠᠷ᠂ ᠬᠤᠷᠢᠨᠭᠡᠷ (ᠱᠠᠩᠬᠠᠢ) ᠤ᠋ᠨ ᠴᠢᠳᠠᠪᠤᠷᠢᠲᠠᠨ ᠤ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠰᠢᠨ᠎ᠡ᠎ᠶ᠋ᠢ ᠡᠭᠦᠳᠬᠦ᠌ ᠲᠥᠪ᠎ᠨᠢ 《ᠱᠠᠩᠬᠠᠢ ᠳ᠋ᠤ ᠰᠤᠳᠤᠯᠤᠨ ᠨᠡᠭᠡᠭᠡᠵᠦ᠍ ᠨᠡᠪᠴᠢᠭᠦᠯᠬᠦ᠂ ᠬᠤᠷᠢᠨᠭᠡᠷ ᠲᠸ᠋ ᠨᠠᠶ᠋ᠢᠳᠠᠪᠤᠷᠢᠵᠢᠭᠤᠯᠵᠤ ᠤᠨᠳᠤᠤᠰᠢᠭᠤᠯᠬᠤ》 ᠪᠠᠷ ᠭᠤᠤᠯ ᠪᠠᠶ᠋ᠢᠷᠢ ᠲᠣᠭᠲᠠᠭᠠᠯᠲᠠ ᠪᠣᠯᠭᠠᠵᠤ᠂ ᠬᠤᠤᠰ ᠴᠢᠭᠯᠡᠯ᠎ᠢᠶᠠᠷ ᠬᠦᠴᠦᠨ ᠣᠯᠭᠤᠬᠤ᠂ ᠪᠢᠲᠡᠭᠦᠮᠵᠢ᠎ᠳᠤ ᠬᠤᠯᠪᠤᠭᠠᠯᠠᠨ ᠬᠥᠳᠡᠯᠦᠯᠴᠡᠬᠦ᠌ ᠰᠢᠨ᠎ᠡ ᠶ᠋ᠢ ᠡᠭᠦᠳᠦᠨ ᠬᠥᠭᠵᠢᠭᠦᠯᠬᠦ᠌ ᠲᠣᠭᠲᠠᠴᠠ ᠶ᠋ᠢ ᠪᠠᠢᠭᠤᠯᠵᠤ᠂ ᠪᠠᠷᠢᠮᠵᠢᠶᠠᠵᠢᠭᠰᠠᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶ᠋ᠢ ᠡᠭᠦᠳᠬᠦ᠌ ᠪᠣᠳᠠᠲᠤ᠌ ᠴᠣᠭᠴᠠ᠎ᠳᠤ ᠣᠷᠤᠨ ᠵᠠᠢ᠎ᠶ᠋ᠢ ᠲᠥᠯᠦᠪᠵᠢᠭᠦᠯᠦᠨ ᠪᠦᠳᠦᠭᠡᠨ ᠪᠠᠶ᠋ᠢᠭᠤᠯᠵᠤ᠂ ᠰᠤᠳᠤᠯᠤᠨ ᠨᠡᠭᠡᠭᠡᠵᠦ᠍ ᠨᠡᠪᠴᠢᠭᠦᠯᠬᠦ᠂ ᠲᠦᠷᠦᠯ ᠵᠦᠢᠯ᠎ᠢ ᠳᠡᠯᠭᠡᠨ ᠦᠵᠡᠭᠦᠯᠬᠦ᠂ ᠴᠢᠳᠠᠪᠤᠷᠢᠲᠠᠨ᠎ᠤ ᠦᠢᠯᠡᠴᠢᠯᠡᠭᠡ᠂ ᠮᠥᠩᠭᠦᠨ ᠭᠦᠢᠯᠭᠡᠭᠡᠨ᠎ᠤ ᠮᠡᠳᠡᠯᠭᠡ᠎ᠶ᠋ᠢᠨ ᠦᠮᠴᠢᠯᠡᠯ ᠤ᠋ᠨ ᠡᠷᠬᠡ ᠵᠡᠷᠭᠡ ᠲᠦᠷᠪᠡᠨ ᠶᠡᠭᠡ ᠭᠤᠤᠯᠯᠠᠬᠤ ᠴᠢᠳᠠᠮᠵᠢ ᠵᠢ ᠰᠢᠨᠵᠢᠯᠡᠬᠦ᠌ ᠤᠬᠠᠭᠠᠨᠴᠢ᠎ᠪᠠᠷ ᠪᠠᠶ᠋ᠢᠷᠢᠰᠢᠭᠤᠯᠵᠤ᠂ ᠬᠠᠮᠲᠤ ᠪᠠᠷ ᠡᠳ᠋ᠯᠡᠬᠦ᠌ ᠲᠤᠷᠰᠢᠯᠲᠠ᠎ᠶ᠋ᠢᠨ ᠲᠠᠰᠤᠭ᠂ ᠬᠠᠮᠲᠤ ᠪᠠᠷ ᠡᠳ᠋ᠯᠡᠬᠦ᠌ ᠠᠵᠢᠯ᠎ᠤᠨ ᠪᠠᠶ᠋ᠢᠷᠢ᠂ ᠬᠠᠮᠳᠤ ᠪᠡᠷ ᠡᠳ᠋ᠯᠡᠬᠦ ᠴᠢᠳᠠᠪᠤᠷᠢᠲᠠᠨ᠎ᠤ ᠦᠷᠳᠡᠭᠡ ᠵᠡᠷᠭᠡ ᠬᠠᠲᠠᠭᠤ ᠲᠥᠬᠦᠭᠡᠷᠦᠮᠵᠢ᠎ᠶ᠋ᠢ ᠢᠵᠢ ᠪᠦᠷᠢᠳᠦᠭᠦᠯᠦᠨ ᠪᠠᠶ᠋ᠢᠭᠤᠯᠵᠤ᠂ ᠱᠠᠩᠬᠠᠢ ᠶ᠋ᠢᠨ ᠶᠡᠭᠡ ᠳᠡᠭᠡᠳᠦ ᠰᠤᠷᠭᠠᠭᠤᠯᠢ᠎ᠶ᠋ᠢᠨ ᠲᠤᠮᠤ ᠬᠡᠯᠪᠡᠷᠢ᠎ᠶ᠋ᠢᠨ ᠬᠡᠮᠵᠢᠭᠦᠷᠯᠢᠭ᠂ ᠲᠤᠷᠰᠢᠯᠲᠠ᠎ᠶ᠋ᠢᠨ ᠲᠠᠪᠴᠠᠩ ᠵᠡᠷᠭᠡ ᠴᠢᠨᠠᠷ ᠰᠠᠶ᠋ᠢᠲᠠᠢ ᠰᠢᠨ᠎ᠡ᠎ᠶ᠋ᠢ ᠡᠭᠦᠳᠬᠦ᠌ ᠡᠬᠢ ᠪᠠᠶᠠᠯᠢᠭ᠎ᠲᠠᠢ ᠬᠤᠯᠪᠤᠭᠠᠯᠠᠨ ᠬᠦᠳᠡᠯᠦᠯᠴᠡᠨᠡ᠃ ᠡᠭᠦᠨ ᠤ ᠬᠠᠮᠲᠤ᠌᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤᠨ ᠰᠢᠨ᠎ᠡ᠎ᠶ᠋ᠢ ᠡᠭᠦᠳᠬᠦ᠌ ᠪᠦᠯᠬᠦᠮ ᠨᠢ ᠬᠤᠷᠢᠨᠭᠡᠷ᠎ᠦᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤᠨ ᠰᠢᠨ᠎ᠡ᠎ᠶ᠋ᠢ ᠡᠭᠦᠳᠬᠦ ᠲᠥᠷᠦ᠎ᠶ᠋ᠢᠨ ᠪᠣᠳᠤᠯᠭ᠎ᠠ᠎ᠵᠢᠨ ᠲᠡᠮᠵᠢᠯᠭᠡ ᠵᠢ ᠬᠦᠷᠳᠡᠵᠦ᠂ ᠰᠢᠨ᠎ᠡ᠎ᠶ᠋ᠢ ᠡᠭᠦᠳᠴᠦ᠍ ᠦᠢᠯᠡᠰ ᠪᠤᠰᠬᠠᠵᠤ ᠰᠤᠳᠤᠯᠤᠨ ᠨᠡᠭᠡᠭᠡᠬᠦ᠌ ᠥᠪᠡᠷ᠎ᠤᠨ ᠥᠷᠲᠡᠭ᠂ ᠡᠵᠡᠩᠨᠡᠯᠲᠡ᠎ᠶ᠋ᠢᠨ ᠥᠪᠡᠷ᠎ᠤᠨ ᠥᠷᠲᠡᠭ᠎ᠢ ᠪᠦᠲᠦᠮᠵᠢᠲᠡᠢ ᠪᠠᠭᠤᠷᠠᠭᠤᠯᠵᠤ᠂ ᠮᠠᠰᠢ ᠶᠡᠭᠡ ᠲᠠᠲᠠᠬᠤ ᠬᠦᠴᠦᠨ᠎ᠪᠦᠬᠦᠢ ᠰᠢᠨ᠎ᠡ᠎ᠶ᠋ᠢ ᠡᠭᠦᠳᠬᠦ᠌ ᠰᠠᠭᠤᠷᠢᠨ᠎ᠢ ᠪᠠᠢᠭᠤᠯᠬᠤ ᠪᠣᠯᠤᠨ᠎ᠠ᠃
《ᠡᠨᠡ ᠪᠣᠯ ᠬᠤᠷᠢᠨᠭᠡᠷ ᠦᠨ ᠬᠥᠬᠡᠮᠦ᠋ᠷᠡᠨ ᠦ ᠭᠤᠷᠪᠠᠯᠵᠢᠨ ᠬᠤᠶ᠋ᠢᠭ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤᠨ ᠰᠢᠨ᠎ᠡ᠎ᠶ᠋ᠢ ᠡᠭᠦᠳᠬᠦ᠌ ᠠᠮᠢ ᠠᠬᠤᠢ᠎ᠶ᠋ᠢᠨ ᠲᠣᠭᠤᠷᠢᠭ᠎ᠲᠤ᠌ ᠰᠠᠨᠠᠭᠠᠴᠢᠯᠠᠭ᠎ᠠ᠎ᠠᠴᠠ᠎ᠪᠠᠨ ᠠᠭᠤᠰᠤᠯᠴᠠᠵᠤ᠂ ᠳᠡᠭᠡᠳᠦ ᠲᠠᠰ᠎ᠤᠨ ᠰᠢᠨ᠎ᠡ ᠶ᠋ᠢ ᠡᠭᠦᠳᠬᠦ᠌ ᠡᠬᠢ ᠪᠠᠶᠠᠯᠢᠭ᠎ᠢ ᠠᠰᠢᠭᠯᠠᠨ᠂ ᠰᠦ ᠶ᠋ᠢᠨ ᠦᠢᠯᠡᠰ ᠤᠨ ᠠᠵᠤ ᠦᠢᠯᠡᠰ ᠤᠨ ᠪᠦᠯᠦᠭᠵᠢᠯ᠎ᠢ ᠪᠤᠵᠠᠭᠠᠶ᠋ᠢᠷᠠᠭᠤᠯᠵᠤ᠂ ᠰᠢᠨ᠎ᠡ ᠴᠢᠨᠠᠷ ᠦᠨ ᠬᠥᠭᠵᠢᠯᠲᠡ᠎ᠶ᠋ᠢᠨ ᠰᠢᠰᠲᠧᠮ᠎ᠢ ᠲᠠᠰ ᠳᠡᠪᠰᠢᠭᠦᠯᠬᠦ᠌ ᠵᠠᠩᠭᠢᠯᠠᠭ᠎ᠠ᠎ᠶ᠋ᠢᠨ ᠠᠷᠭ᠎ᠠ ᠬᠡᠮᠵᠢᠶ᠎ᠡ ᠪᠣᠯᠤᠨ᠎ᠠ᠂ ᠨᠠᠩᠴᠤ᠌ ᠰᠢᠶᠠᠨ᠎ᠤ ᠬᠡᠪᠴᠢᠶᠡᠨ᠎ᠤ ᠣᠷᠤᠨ ᠪᠦᠰᠡ ᠠᠯᠤᠰᠯᠠᠭᠰᠠᠨ ᠠᠵᠤ ᠠᠬᠤᠢ ᠶ᠋ᠢ ᠬᠠᠶ᠋ᠢᠨ ᠰᠦᠪᠡᠭᠴᠢᠯᠡᠵᠦ᠍᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠰᠢᠨ᠎ᠡ᠎ᠶ᠋ᠢ ᠡᠭᠦᠳᠬᠦ᠌ ᠭᠦᠨᠵᠡᠭᠡᠢ ᠠᠭᠤᠰᠤᠯᠴᠠᠯ᠎ᠢ ᠠᠬᠢᠭᠤᠯᠬᠤ ᠴᠢᠬᠤᠯᠠ ᠰᠢᠪᠲᠤᠯᠤᠯᠲᠠ ᠪᠣᠯᠤᠨ᠎ᠠ》ᠭᠡᠵᠦ ᠬᠤᠷᠢᠨᠭᠡᠷ ᠰᠢᠶᠠᠨ᠎ᠤ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠨᠢᠯᠴᠠᠭᠤᠯᠤᠯ᠎ᠠ᠃ ᠬᠤᠷᠢᠨᠭᠡᠷ ᠰᠢᠶᠠᠨ ᠱᠠᠩᠬᠠᠢᠳ᠋ᠡᠬᠢ ᠴᠢᠳᠠᠪᠤᠷᠢᠲᠠᠨ᠎ᠤ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠰᠢᠨ᠎ᠡ ᠶ᠋ᠢ ᠡᠭᠦᠳᠬᠦ᠌ ᠲᠥᠪ ᠢᠶᠠᠷ ᠠᠷᠠᠯᠵᠢᠶᠠᠴᠢᠨ ᠤᠷᠢᠬᠤ ᠴᠤᠩᠬᠤᠪᠴᠢ᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠰᠢᠨ᠎ᠡ᠎ᠶ᠋ᠢ ᠡᠭᠦᠳᠬᠦ᠌ ᠵᠢᠭᠰᠠᠭᠠᠯ᠎ᠤᠨ ᠭᠠᠵᠠᠷ ᠪᠣᠯᠭᠠᠵᠤ᠂ ᠣᠷᠤᠨ ᠪᠦᠰᠡ᠎ᠶ᠋ᠢᠨ ᠠᠵᠤ ᠦᠢᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠭᠦᠯᠬᠦ᠎ᠳᠤ ᠤᠳᠠᠭᠠᠨ ᠳᠠᠭᠠᠭᠠᠮᠠᠭᠠᠢ ᠬᠥᠳᠡᠯᠭᠡᠬᠦ᠌ ᠬᠦᠴᠦᠨ ᠨᠡᠮᠡᠷᠢᠯᠡᠨ᠎ᠡ ᠃