《ᠪᠢ ᠬᠦᠷᠢᠶᠡᠯᠡᠩ ᠲᠣᠭᠤᠷᠢᠭ᠎ᠲᠤ ᠬᠤᠷᠤᠳ ᠬᠢᠬᠦ ᠠᠵᠢᠯ ᠬᠢᠭᠡᠳ ᠰᠠᠷ᠎ᠠ ᠳ᠋ᠠᠭᠠᠨ 3000 ᠭᠠᠷᠤᠢ ᠲᠥᠭᠦᠷᠢᠭ᠎ᠤᠨ ᠤᠷᠤᠯᠭ᠎ᠠ ᠣᠯᠵᠤ ᠪᠠᠢᠨ᠎ᠠ᠂ ᠭᠡᠷ ᠡᠴᠡ ᠪᠠᠨ ᠬᠡᠳᠦᠬᠡᠨ ᠠᠯᠬᠤᠮ ᠠᠯᠬᠤᠪᠠᠯ ᠠᠵᠢᠯ ᠬᠢᠬᠦ ᠭᠠᠵᠠᠷ ᠲᠠᠭᠠᠨ ᠬᠦᠷᠴᠢᠬᠡᠨ᠎ᠡ》 ᠭᠡᠵᠦ ᠤᠯᠠᠭᠠᠨᠬᠠᠳᠠ ᠬᠤᠲᠠ ᠵᠢᠨ ᠣᠩᠨᠢᠭᠤᠳ ᠬᠤᠱᠢᠭᠤᠨ᠎ᠤ ᠬᠠᠢᠯᠠᠰᠤ ᠪᠠᠯᠭᠠᠰᠤᠨ᠎ᠤ ᠮᠠᠯᠴᠢᠨ ᠱᠢᠦ ᠴᠢᠨ ᠪᠠᠶᠠᠷᠯᠠᠨ᠎ᠠ᠃
ᠡᠨᠡ ᠵᠢᠯ ᠣᠩᠨᠢᠭᠤᠳ ᠬᠤᠱᠢᠭᠤ ᠤᠯᠠᠮᠵᠢᠯᠠᠯᠲᠤ ᠴᠠᠭᠠᠨ ᠢᠳᠡᠭᠡᠨ᠎ᠤ ᠠᠵᠤ ᠦᠢᠯᠡᠰ᠎ᠤᠨ ᠬᠦᠷᠢᠶᠡᠯᠡᠩ ᠲᠣᠭᠤᠷᠢᠭ᠎ᠢ ᠪᠠᠢᠭᠤᠯᠵᠤ᠂ ᠤᠯᠠᠮᠵᠢᠯᠠᠯᠲᠤ ᠴᠠᠭᠠᠨ ᠢᠳᠡᠭᠡᠨ᠎ᠤ ᠵᠢᠵᠢᠭ ᠦᠢᠯᠡᠳᠭᠡᠯ᠎ᠤᠨ ᠭᠠᠵᠠᠷ ᠪᠠ ᠵᠢᠵᠢᠭ ᠠᠵᠤ ᠠᠬᠤᠢᠯᠠᠯ᠎ᠢ ᠤᠷᠤᠭᠤᠯᠤᠨ ᠠᠪᠴᠢᠷᠠᠵᠤ᠂ ᠱᠢᠦ ᠴᠢᠨ ᠮᠡᠲᠦ᠍᠎ᠶ᠋ᠢᠨ 39 ᠮᠠᠯᠴᠢᠨ ᠲᠠᠷᠢᠶᠠᠴᠢᠨ᠎ᠳᠤ ᠭᠡᠷ ᠤ᠋ᠨ ᠵᠢᠡᠨ ᠣᠢᠷᠠᠯᠴᠠᠭ᠎ᠠ ᠠᠵᠢᠯ ᠣᠯᠬᠤ ᠲᠣᠬᠢᠶᠠᠯ ᠬᠠᠩᠭᠠᠵᠠᠢ᠃ ᠮᠠᠯᠴᠢᠨ ᠲᠠᠷᠢᠶᠠᠴᠢᠨ ᠢ ᠳᠠᠢᠴᠢᠯᠠᠨ ᠣᠷᠣᠯᠭ᠎ᠠ᠎ᠶ᠋ᠢ᠎ᠨᠢ ᠨᠡᠮᠡᠭ᠌ᠳᠡᠭᠦᠯᠦᠨ ᠪᠠᠶᠠᠵᠢᠭᠤᠯᠬᠤ ᠠᠷᠭ᠎ᠠ ᠬᠡᠮᠵᠢᠶ᠎ᠡ᠎ᠨᠢ ᠣᠩᠨᠢᠭᠤᠳ ᠬᠤᠱᠢᠭᠤᠨ᠎ᠤ 《ᠨᠠᠮ ᠤᠨ ᠠᠴᠢ᠎ᠳᠤ ᠲᠠᠯᠠᠷᠬᠠᠨ᠂ ᠨᠠᠮ᠎ᠤᠨ ᠦᠭᠡ᠎ᠶ᠋ᠢ ᠰᠣᠨᠣᠰᠴᠤ᠂ ᠨᠠᠮ᠎ᠢᠶᠠᠨ ᠳᠠᠭᠠᠨ ᠤᠷᠤᠬᠰᠢᠯᠠᠬᠤ》 ᠣᠯᠠᠨ ᠲᠦᠮᠡᠨᠴᠢ ᠬᠥᠮᠦᠵᠢᠯ ᠦᠢᠯᠡᠳᠦᠯᠭᠡ ᠵᠢᠨ ᠠᠵᠢᠯᠯᠠᠭ᠎ᠠ ᠵᠢ ᠯᠠᠪᠳᠠᠭᠤᠨ ᠪᠠᠲᠤᠲᠠᠶ ᠠᠬᠢᠭᠤᠯᠤᠭ᠍ᠰᠠᠨ ᠪᠤᠳᠠᠲᠠᠢ ᠢᠯᠡᠷᠡᠯ ᠪᠣᠯᠣᠨ᠎ᠠ᠃
《ᠨᠠᠮ ᠤᠨ ᠠᠴᠢ᠎ᠳᠤ ᠲᠠᠯᠠᠷᠬᠠᠨ᠂ ᠨᠠᠮ ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭᠠᠨ ᠤᠷᠤᠬᠰᠢᠯᠠᠬᠤ》ᠣᠯᠠᠨ ᠲᠦᠮᠡᠨᠴᠢ ᠬᠥᠮᠦᠵᠢᠯ ᠢ ᠤᠯᠠᠮ ᠨᠢᠭᠡ ᠠᠯᠬᠤᠮ ᠭᠦᠨᠵᠡᠭᠡᠢᠷᠡᠭᠦᠯᠦᠭ᠌ᠰᠡᠨ ᠠᠴᠠ ᠨᠠᠭᠠᠰᠢ᠂ ᠣᠩᠨᠢᠭᠤᠳ ᠬᠤᠱᠢᠭᠤ ᠳᠤᠮᠳᠠᠳᠤ᠎ᠶ᠋ᠢᠨ ᠦᠨᠳᠦᠰᠦᠲᠡᠨ ᠤ ᠬᠠᠮᠲᠤ ᠶ᠋ᠢᠨ ᠴᠣᠭ᠍ᠴᠠ᠎ᠶ᠋ᠢᠨ ᠤᠬᠠᠮᠰᠠᠷ ᠢ ᠪᠠᠲᠤ ᠴᠤᠭᠴᠠᠯᠠᠬᠤ ᠠᠵᠢᠯ᠎ᠤᠨ ᠭᠤᠤᠯ ᠰᠢᠵᠢᠮ ᠢ ᠪᠥᠬᠦ᠌ ᠲᠠᠯ᠎ᠠ᠎ᠪᠠᠷ ᠲᠤᠭᠤᠰᠢᠯᠠᠭᠤᠯᠵᠤ᠂ ᠨᠠᠮ ᠤᠨ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠠᠢᠯᠪᠤᠷᠢᠯᠠᠬᠤ᠂ ᠠᠷᠠᠳ᠎ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠢᠲᠤᠷ ᠬᠢᠬᠦ᠂ ᠨᠡᠢᠲᠡᠯᠢᠭ ᠵᠢᠱ᠌ᠢᠶ᠎ᠡ ᠪᠠᠷ ᠬᠥᠲᠥᠯᠥᠨ ᠳᠠᠭᠠᠭᠤᠯᠬᠤ ᠶ᠋ᠢ ᠴᠢᠩᠭᠠᠳᠭᠠᠬᠤ᠎ᠶ᠋ᠢᠨ ᠲᠣᠭᠤᠷᠢᠨ᠎ᠳᠤ ᠪᠥᠬᠦ᠌ ᠬᠤᠱᠢᠭᠤᠨ ᠤ ᠦᠨᠳᠦᠰᠦᠲᠡᠨ᠎ᠨᠦᠭᠦᠳ ᠤᠨ ᠣᠯᠠᠨ ᠲᠦᠮᠡᠨ᠎ᠤ᠋ ᠣᠭ ᠰᠠᠨᠠᠭ᠎ᠠ᠎ᠪᠠᠨ ᠥᠯᠥ᠍ ᠮᠠᠷᠲᠠᠨ ᠨᠠᠮ ᠤᠨ ᠠᠴᠢ᠎ᠳ᠋ᠤ ᠲᠠᠯᠠᠷᠬᠠᠵᠤ᠂ ᠦᠨᠡᠨ ᠰᠡᠳᠭᠢᠯ᠎ᠠᠴᠠ᠎ᠪᠠᠨ ᠨᠠᠮ᠎ᠤᠨ ᠦᠭᠡ᠎ᠶ᠋ᠢ ᠰᠣᠨᠣᠰᠴᠤ᠌᠂ ᠭᠤᠢᠪᠢᠰᠢ ᠥᠬᠡᠶ ᠪᠡᠷᠨᠠᠮᠢᠶᠠᠨ ᠳᠠᠭᠠᠨ ᠤᠷᠤᠬᠰᠢᠯᠠᠬᠤ᠎ᠶ᠋ᠢ ᠬᠥᠲᠦᠯᠦᠨ ᠵᠢᠯᠤᠭᠤᠳᠴᠠᠢ᠃
《 ᠲᠠ ᠬᠤᠶᠠᠷ ᠤ᠋ᠨ ᠡᠨᠡ ᠵᠢᠯ ᠤ᠋ᠨ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ ᠵᠢᠨ ᠨᠥᠬᠦᠪᠦᠷᠢ ᠮᠥᠨᠭᠭᠦ 14040 ᠲᠥᠭᠥᠷᠢᠭ᠌᠂ ᠵᠡᠮᠳᠡᠭ᠌ᠴᠦᠳ᠎ᠤ᠋ᠨ ᠨᠥᠬᠦᠪᠦᠷᠢ 3000 ᠲᠥᠭᠥᠷᠢᠭ᠌ ᠁》ᠭᠡᠵᠦ ᠴᠢᠤᠸᠠᠨ ᠨᠢᠩ ᠵᠡᠭᠡᠯᠢ ᠭᠤᠳᠤᠮᠵᠢ᠎ᠶ᠋ᠢᠨ ᠾᠧᠨᠠᠨ ᠨᠡᠢᠭᠡᠮ ᠲᠣᠭᠤᠷᠢᠭ᠎ᠤᠨ ᠠᠵᠢᠯᠲᠠᠨ ᠶᠠᠳᠠᠭᠤ᠎ᠠᠴᠠ ᠠᠩᠭᠢᠵᠢᠷᠠᠭ᠍ᠰᠠᠨ ᠡᠷᠦᠬᠡ ᠢᠦᠶ ᠨᠠᠰᠤᠲᠠᠨ ᠤ᠋ ᠬᠢᠨ ᠤ᠋《ᠠᠷᠠᠳ ᠲᠤ ᠠᠱᠢᠭ ᠬᠦᠷᠲᠡᠭᠡᠬᠦ᠌ ᠳᠠᠩᠰᠠ》 ᠶ᠋ᠢ ᠨᠢ ᠨᠢᠭᠡᠳ ᠨᠢᠭᠡ᠎ᠪᠠᠷ ᠪᠣᠳᠣᠵᠤ ᠥᠭᠴᠠᠢ᠃
ᠣᠩᠨᠢᠭᠤᠳ ᠬᠤᠱᠢᠭᠤ ᠨᠠᠮ ᠤᠨ ᠠᠷᠠᠳ᠎ᠲᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ ᠵᠡᠷᠭᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 《ᠡᠷᠦᠬᠡ ᠳᠤ ᠬᠦᠷᠴᠦ᠍ ᠰᠤᠷᠪᠤᠯᠵᠢᠯᠠᠬᠤ + ᠤᠬᠠᠭᠤᠯᠤᠨ ᠲᠠᠢᠯᠪᠤᠷᠢᠯᠠᠬᠤ》᠂ 《ᠨᠠᠮ ᠤ᠋ᠨ ᠬᠡᠰᠢᠭᠦᠨ ᠪᠠ ᠣᠯᠠᠨ ᠲᠦᠮᠡᠨᠴᠢ ᠠᠵᠢᠯᠯᠠᠭ᠎ᠠ + ᠤᠬᠠᠭᠤᠯᠤᠨ ᠲᠠᠢᠯᠪᠤᠷᠢᠯᠠᠬᠤ》 ᠵᠡᠷᠭᠡ ᠠᠷᠭ᠎ᠠ ᠬᠡᠯᠪᠡᠷᠢ ᠪᠡᠷ ᠤᠬᠠᠭᠤᠯᠤᠨ ᠲᠠᠢᠯᠪᠤᠷᠢᠯᠠᠬᠤ ᠠᠵᠢᠯ ᠥᠷᠨᠢᠭᠦᠯᠪᠡ᠃ ᠮᠠᠯᠵᠢᠬᠤ ᠲᠠᠷᠢᠶᠠᠯᠠᠬᠤ ᠣᠷᠣᠨ᠎ᠳᠤ ᠡᠯ᠎ᠡ ᠭᠠᠴᠠᠭ᠎ᠠ ᠲᠣᠰᠭᠤᠨ᠎ᠤ ᠨᠠᠮ᠎ᠤᠨ ᠵᠣᠬᠢᠶᠠᠨ ᠪᠠᠢᠭᠤᠯᠤᠯᠲᠠ ᠭᠠᠴᠠᠭ᠎ᠠ ᠲᠣᠰᠭᠤᠨ᠎ᠤ ᠨᠠᠮ᠎ᠤᠨ ᠡᠭᠦᠷ ᠠᠷᠠᠳ᠎ᠤᠨ ᠵᠥᠪᠯᠡᠯ᠎ᠤ᠋ᠨ ᠪᠠᠭ᠎ᠤᠨ ᠪᠦᠷᠢᠯᠳᠦᠬᠦᠨ᠂ ᠲᠣᠰᠭᠤᠨ᠎ᠳᠤ ᠰᠠᠭᠤᠭ᠎ᠠ ᠠᠵᠢᠯᠯᠠᠬᠤ ᠠᠩᠭᠢ᠂ ᠨᠠᠮ᠎ᠤᠨ ᠭᠡᠱᠢᠭᠦᠨ ᠵᠡᠷᠭᠡ ᠬᠦᠴᠦᠨ ᠢ ᠢᠳᠡᠪᠬᠢᠲᠡᠶ ᠳᠠᠢᠴᠢᠯᠠᠵᠤ᠂ ᠠᠷᠠᠳ ᠤ᠋ᠨ ᠪᠠᠢᠳᠠᠯ ᠢ᠋ ᠶᠠᠷᠢᠯᠴᠠᠬᠤ ᠪᠡᠷ ᠳᠠᠮᠵᠢᠭᠤᠯᠤᠨ᠂ 《ᠠᠷᠠᠳ᠎ᠲᠤ ᠠᠱᠢᠭ ᠬᠦᠷᠲᠡᠭᠡᠬᠦ᠌ ᠲᠠᠩᠰᠠ》᠂ 《ᠬᠥᠭ᠌ᠵᠢᠯᠲᠡ ᠵᠢᠨ ᠲᠠᠩᠰᠠ》 ᠶ᠋ᠢ ᠰᠠᠢᠲᠤᠷ ᠪᠤᠳᠤᠵᠠᠢ᠃ ᠬᠤᠲᠠ᠎ᠶ᠋ᠢᠨ ᠨᠡᠢᠭᠡᠮ ᠲᠣᠭᠤᠷᠢᠭ᠎ᠲᠤ᠌ ᠡᠷᠬᠢᠨ ᠦᠵᠡᠵᠦ᠍ ᠲᠣᠬᠤᠨᠢᠭᠤᠯᠬᠤ᠂ ᠣᠯᠠᠨ ᠲᠦᠮᠡᠨᠴᠢ ᠴᠢᠨᠠᠷᠲᠠᠶ ᠠᠵᠢᠯᠯᠠᠭ᠎ᠠ ᠵᠡᠷᠭᠡ᠎ᠪᠠᠷ ᠳᠠᠮᠵᠢᠭᠤᠯᠤᠨ᠂ ᠨᠡᠢᠭᠡᠮ᠎ᠤᠨ ᠪᠠᠲᠤᠯᠠᠭ᠎ᠠ ᠪᠠ ᠡᠮ ᠡᠮᠨᠡᠯᠭᠡ᠎ᠶ᠋ᠢᠨ ᠳᠠᠭᠠᠳᠭᠠᠯ᠂ ᠠᠪᠤᠷᠠᠨ ᠲᠤᠰᠠᠯᠠᠬᠤ ᠨᠥᠬᠦᠪᠥᠷᠢ᠂ ᠠᠵᠢᠯ ᠣᠯᠭᠤᠯᠲᠠ ᠵᠢᠨ ᠳᠡᠮᠵᠢᠯᠭᠡ ᠵᠡᠷᠭᠡ ᠲᠥᠷᠥ᠎ᠶ᠋ᠢᠨ ᠪᠣᠳᠣᠯᠭ᠎ᠠ᠎ᠶ᠋ᠢ ᠲᠣᠳᠣᠷᠬᠠᠶ ᠤᠬᠠᠭᠤᠯᠤᠨ ᠲᠠᠢᠯᠪᠤᠷᠢᠯᠠᠪᠠ᠃ ᠡᠭᠦᠨ ᠡᠴᠠ ᠭᠠᠳᠠᠨ᠎ᠠ᠂ ᠡᠳ᠋᠎ᠤᠨ ᠵᠠᠰᠠᠭ᠂ ᠮᠠᠯ ᠠᠵᠤ ᠠᠬᠤᠢ ᠲᠠᠷᠢᠶᠠᠯᠠᠩ ᠵᠡᠷᠭᠡ ᠰᠠᠯᠠᠭ᠎ᠠ ᠮᠥᠴᠢᠷ《ᠨᠢᠭᠡ ᠺᠠᠷᠲ ᠵᠢᠡᠷ ᠨᠡᠪᠲᠡᠷᠡᠭᠦᠯᠬᠦ》 ᠱᠢᠰᠲ᠋ᠧᠮ᠎ᠲᠠᠢ ᠤᠶᠠᠯᠳᠤᠭᠤᠯᠤᠨ᠂ ᠡᠯ᠎ᠡ ᠲᠥᠷᠥᠯ᠎ᠤᠨ ᠪᠡᠯᠡ ᠮᠥᠩᠭᠦ᠌ ᠣᠯᠭᠤᠬᠤ ᠠᠵᠢᠯ᠎ᠢ ᠰᠠᠢᠲᠤᠷ ᠬᠢᠵᠦ᠍᠂ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ᠎ᠶ᠋ᠢᠨ ᠴᠠᠬᠢᠮ ᠴᠢᠮᠡᠭᠡ ᠶᠠᠪᠤᠭᠤᠯᠵᠤ᠂ ᠡᠯ᠎ᠡ ᠲᠥᠷᠥᠯ᠎ᠤᠨ ᠨᠥᠬᠦᠪᠥᠷᠢ ᠮᠥᠩᠭᠦ᠌ ᠵᠢ 3519.48 ᠲᠦᠮᠡᠨ ᠲᠥᠭᠦᠷᠢᠭ ᠲᠠᠷᠬᠠᠭᠠᠬᠰᠠᠨ ᠪᠠᠢᠨ᠎ᠠ᠃
ᠣᠩᠨᠢᠭᠤᠳ ᠬᠤᠱᠢᠭᠤ ᠨᠡᠢᠲᠡᠯᠢᠭ ᠵᠢᠱ᠌ᠢᠶ᠎ᠡ ᠪᠡᠷ ᠬᠥᠲᠥᠯᠥᠨ ᠳᠠᠭᠠᠭᠤᠯᠬᠤ᠎ᠶ᠋ᠢ ᠤᠯᠠᠨ ᠲᠦᠮᠡᠨᠴᠢ ᠬᠥᠮᠦᠵᠢᠯ ᠦᠢᠯᠡᠳᠦᠯᠭᠡ ᠵᠢᠨ ᠪᠦᠬᠦ᠌ ᠶᠠᠪᠤᠴᠠ᠎ᠳᠤ ᠲᠤᠭᠤᠰᠢᠯᠠᠭᠤᠯᠵᠤ᠂《ᠱᠦᠵᠢ᠎ᠡᠴᠡ ᠱᠦᠵᠢ᠎ᠳᠤ ᠶᠠᠷᠢᠵᠤ ᠥᠭ᠌ᠬᠦ》᠂ 《ᠨᠠᠮ᠎ᠤᠨ ᠭᠡᠱᠢᠭᠦᠨ ᠡᠴᠡ ᠤᠯᠠᠨ ᠲᠦᠮᠡᠨ᠎ᠳᠤ ᠲᠠᠢᠯᠪᠤᠷᠢᠯᠠᠨ ᠶᠠᠷᠢᠬᠤ》᠂《ᠵᠠᠭᠤᠴᠢᠯᠠᠭᠤᠷ ᠤ᠋ᠨ᠎ᠬᠢᠨ ᠨᠡᠢᠭᠡᠮ᠎ᠳᠤ ᠲᠠᠢᠯᠪᠤᠷᠢᠯᠠᠨ ᠰᠣᠨᠣᠰᠬᠠᠬᠤ》 ᠶ᠋ᠢ ᠭᠦᠨᠵᠡᠭᠡᠢᠷᠡᠭᠦᠯᠵᠦ᠍᠂ ᠲᠡᠷᠢᠭᠦᠨ ᠤᠬᠢ᠎ᠠᠴᠠ ᠰᠤᠷᠤᠯᠴᠠᠨ᠂ ᠨᠠᠮ ᠤᠨ ᠠᠴᠢ ᠳ᠋ᠤ ᠲᠠᠯᠠᠷᠬᠠᠨ ᠡᠷᠡᠮᠡᠬᠡᠢᠯᠡᠨ ᠤᠷᠤᠭ᠍ᠰᠢᠯᠠᠬᠤ ᠭᠦᠨ ᠵᠤᠵᠠᠭᠠᠨ ᠠᠭᠤᠷ ᠠᠮᠢᠰᠭᠤᠯ᠎ᠢ ᠪᠤᠢ ᠪᠣᠯᠭᠠᠪᠠ᠃ 3 ᠱᠢᠯᠢᠳᠡᠭ ᠭᠠᠴᠠᠭ᠎ᠠ ᠲᠣᠰᠭᠤᠨ (ᠨᠡᠢᠭᠡᠮ ᠲᠣᠭᠤᠷᠢᠭ) ᠤ᠋ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠦᠵᠢ᠎ᠶ᠋ᠢ ᠰᠣᠩᠭᠤᠨ ᠤᠬᠠᠭᠤᠯᠤᠨ ᠲᠠᠢᠯᠪᠤᠷᠢᠯᠠᠬᠤ ᠪᠦᠯᠬᠦᠮ ᠪᠠᠢᠭᠤᠯᠵᠤ᠂ ᠬᠥᠮᠦ ᠰᠤᠨ ᠣᠷᠣᠱᠢᠨ ᠰᠠᠭᠤᠬᠤ ᠣᠷᠴᠢᠨ ᠲᠣᠭᠤᠷᠢᠨ ᠢ ᠴᠡᠭ᠌ᠴᠡᠯᠡᠨ ᠵᠠᠰᠠᠬᠤ᠂ ᠦᠨᠳᠦᠰᠦᠨ ᠱᠠᠲᠤᠨ ᠤ ᠵᠠᠰᠠᠯᠲᠠ᠂ ᠬᠠᠮᠲᠤ᠎ᠶ᠋ᠢᠨ ᠠᠵᠤ ᠠᠬᠤᠶ ᠶ᠋ᠢᠨ ᠬᠥᠭ᠌ᠵᠢᠯᠲᠡ ᠵᠡᠷᠭᠡ ᠠᠭᠤᠯᠭ᠎ᠠ᠎ᠶ᠋ᠢᠨ ᠲᠣᠭᠤᠷᠢᠨ᠎ᠳᠤ ᠪᠥᠬᠦ᠌ ᠬᠤᠱᠢᠭᠤᠨ ᠤ ᠭᠠᠴᠠᠭ᠎ᠠ ᠲᠣᠰᠭᠤᠨ᠎ᠤ ᠨᠠᠮ᠎ᠤᠨ ᠡᠭᠦᠷ ᠠᠷᠠᠳ᠎ᠤᠨ ᠵᠥᠪᠯᠡᠯ᠎ᠤ᠋ᠨ ᠺᠠᠳ᠋ᠷ᠎ᠢ ᠲᠥᠪᠯᠡᠷᠡᠭᠦᠯᠦᠨ ᠬᠢᠴᠢᠶᠡᠯ ᠤᠷᠤᠵᠤ᠂ ᠣᠯᠠᠨ ᠲᠦᠮᠡᠨᠴᠢ ᠠᠵᠢᠯ᠎ᠤᠨ ᠴᠢᠳᠠᠪᠤᠷᠢ᠎ᠶ᠋ᠢ ᠳᠡᠭᠡᠭ᠌ᠰᠢᠯᠡᠭᠦᠯᠪᠡ᠃ ᠦᠨᠳᠦᠰᠦᠨ ᠱᠠᠲᠤᠨ᠎ᠤ 26 ᠨᠠᠮ᠎ᠤᠨ ᠭᠡᠱᠢᠭᠦᠨ ᠲᠥᠯᠥᠭᠡᠯᠡᠭ᠌ᠴᠢ᠂ ᠬᠥᠳᠡᠯᠮᠦᠷᠢ᠎ᠶ᠋ᠢᠨ ᠵᠢᠱ᠌ᠢᠶᠡᠴᠢ ᠵᠡᠷᠭᠡᠬᠥᠮᠦᠰ ᠢ᠋ ᠵᠣᠬᠢᠶᠠᠨ ᠪᠠᠢᠭᠤᠯᠤᠭᠠᠳ ᠤᠬᠠᠭᠤᠯᠤᠨ ᠲᠠᠢᠯᠪᠤᠷᠢᠯᠠᠬᠤ ᠪᠦᠯᠬᠦᠮ ᠪᠠᠢᠭᠤᠯᠵᠤ᠂ ᠪᠡᠶ᠎ᠡ᠎ᠪᠠᠷ᠎ᠢᠶᠠᠨ ᠥᠩᠭᠡᠷᠡᠭᠦᠯᠦᠭ᠌ᠴᠢ᠂ ᠭᠡᠷᠡᠴᠢᠯᠡᠭ᠌ᠴᠢ᠂ ᠬᠠᠮᠲᠤ ᠪᠠᠷ ᠡᠳ᠋ᠯᠡᠭᠴᠢ ᠵᠢᠨ ᠬᠤᠪᠢ ᠪᠡᠷ ᠬᠥᠭ᠌ᠵᠢᠯᠲᠡ᠎ᠶ᠋ᠢᠨ ᠲᠤᠬᠠᠢ ᠣᠢᠯᠠᠭᠠᠯᠲᠠ᠂ ᠠᠮᠢᠳᠤᠷᠠᠯ᠎ᠤᠨ ᠬᠤᠪᠢᠷᠠᠯᠲᠠ ᠶ᠋ᠢ ᠶᠠᠷᠢᠵᠤ᠂ ᠤᠯᠠᠨ ᠲᠦᠮᠡᠨ᠎ᠳᠤ ᠨᠠᠮ᠎ᠤᠨ ᠰᠠᠢᠨ ᠲᠦᠷᠦ᠍᠎ᠶ᠋ᠢᠨ ᠪᠤᠳᠤᠯᠭ᠎ᠠ᠎ᠶ᠋ᠢ ᠦᠨᠡᠨ ᠬᠦ᠌ ᠮᠡᠳᠡᠷᠡᠭᠦᠯᠵᠦ᠍᠂ ᠪᠦᠬᠦ᠌ ᠬᠤᠱᠢᠭᠤᠨ᠎ᠤ ᠠᠵᠤ ᠠᠬᠤᠢ ᠨᠡᠢᠭᠡᠮ᠎ᠤᠨ ᠬᠥᠭ᠌ᠵᠢᠯᠲᠡ ᠪᠣᠯᠤᠨ ᠭᠤᠣᠯᠳᠠᠯᠭ᠎ᠠ᠎ᠲᠠᠢ ᠠᠵᠢᠯ᠎ᠤᠨ ᠲᠤᠬᠠᠢ ᠦᠵᠡᠯ ᠰᠠᠨᠠᠭᠠᠨ᠎ᠤ ᠰᠠᠭᠤᠷᠢ᠎ᠶ᠋ᠢ ᠪᠠᠬᠢᠵᠢᠭᠦᠯᠵᠦ᠍᠂ ᠤᠯᠠᠨ ᠲᠦᠮᠡᠨ᠎ᠤ ᠬᠦᠴᠦᠨ᠎ᠢ ᠨᠢᠭ᠍ᠲᠠᠷᠠᠭᠤᠯᠵᠠᠢ᠃