ᠪᠡᠭᠡᠵᠢᠩ ᠲᠢᠶᠠᠨᠵᠢᠨ ᠾᠸᠪᠸᠢ ᠥᠪᠥᠷ ᠮᠣᠩᠭᠣᠯ᠎ᠬᠦᠴᠤ ᠪᠡᠨ ᠲᠦᠪᠯᠡᠷᠡᠬᠦᠯᠤᠨ ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠴᠢᠨᠠᠷ ᠰᠠᠶ᠋ᠢᠲᠠᠶ ᠬᠥᠭᠵᠢᠯᠲᠡ᠎ᠶᠢᠨ ᠶᠡᠬᠡ ᠪᠣᠳᠣᠯᠭ᠎ᠠ ᠵᠢ ᠬᠠᠮᠲᠤ᠎ᠪᠠᠷ ᠵᠥᠪᠳᠡᠯᠴᠡᠪᠠ
2026-08-09 11:39:34
ᠵᠣᠬᠢᠶᠠᠭ᠍ᠴᠢ᠄
​ᠯᠢᠶᠠᠩ ᠯᠢᠶᠠᠩ ᠮᠸᠩ ᠴᠢᠩ ᠯᠢ
ᠣᠩᠱᠢᠭ᠍ᠰᠠᠨ ᠣᠳᠠᠭ᠎ᠠ᠄
★★★☆☆

8 ᠰᠠᠷ᠎ᠠ᠎ᠶᠢᠨ 7 ᠤ᠋ ᠡᠳᠦᠷ᠂ ᠪᠡᠭᠡᠵᠢᠩ ᠲᠢᠶᠠᠨᠵᠢᠨ ᠾᠸᠪᠸᠢ ᠥᠪᠥᠷ ᠮᠣᠩᠭᠣᠯ ᠬᠠᠮᠵᠢᠯᠴᠠᠨ ᠳᠤᠮᠳᠠᠳᠤ ᠤᠯᠤᠰ(ᠥᠪᠥᠷ ᠮᠣᠩᠭᠣᠯ)ᠤ᠋ᠨ ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠴᠢᠨᠠᠷ ᠰᠠᠶ᠋ᠢᠲᠠᠢ ᠬᠥᠭᠵᠢᠯᠲᠡ᠎ᠶᠢ ᠠᠬᠢᠭᠤᠯᠬᠤ ᠶᠠᠷᠢᠯᠴᠠᠬᠤ ᠬᠤᠷᠠᠯ ᠮᠠᠨᠵᠤᠤᠷ ᠬᠤᠳᠠ᠎ᠳᠤ ᠬᠤᠷᠠᠯᠳᠤᠪᠠ᠃

ᠲᠤᠰ ᠤᠳᠠᠭ᠎ᠠ᠎ᠶᠢᠨ ᠬᠤᠷᠠᠯ᠎ᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠎ᠡᠴᠡ ᠭᠣᠣᠯᠯᠠᠨ ᠡᠷᠬᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠭᠦᠨ ᠤᠬᠠᠭᠠᠨ ᠨᠡᠶ᠋ᠢᠭᠡᠮ᠎ᠦᠨ ᠰᠢᠨᠵᠢᠯᠡᠬᠦ᠌ ᠤᠬᠠᠭᠠᠨ᠎ᠤ ᠭᠣᠣᠯᠳᠠᠯᠭ᠎ᠠ᠎ᠲᠠᠶ ᠰᠤᠳᠤᠯᠭᠠᠨ᠎ᠤ ᠰᠠᠭᠤᠷᠢᠨ᠎ᠤ ᠥᠪᠥᠷ ᠮᠣᠩᠭᠣᠯ᠎ᠤᠨ ᠠᠵᠤ ᠦᠢᠯᠡᠰ᠎ᠦᠨ ᠬᠥᠭᠵᠢᠯᠲᠡ᠎ᠶᠢᠨ ᠰᠤᠳᠤᠯᠭᠠᠨ᠎ᠤ ᠰᠠᠭᠤᠷᠢᠨ᠎ᠡᠴᠡ ᠳᠠᠭᠠᠭᠠᠴᠢᠯᠠᠨ ᠡᠷᠬᠢᠯᠡᠪᠡ᠃ ᠲᠢᠶᠠᠨᠵᠢᠨ ᠬᠣᠲᠠ᠎ᠶᠢᠨ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂ ᠾᠧᠪᠧᠶ ᠮᠤᠵᠢ᠎ᠶᠢᠨ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂ ᠪᠡᠭᠡᠵᠢᠩ ᠬᠣᠲᠠ᠎ᠶᠢᠨ ᠨᠡᠶ᠋ᠢᠭᠡᠮ᠎ᠦᠨ ᠰᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠬᠤᠪᠢᠳᠠᠨ ᠬᠠᠮᠢᠶᠠᠷᠴᠤ᠌ ᠪᠥᠬᠥᠶ ᠤᠳᠤᠷᠢᠳᠤᠯᠭ᠎ᠠ ᠵᠢᠴᠢ ᠬᠤᠯᠪᠤᠬᠳᠠᠯ ᠪᠥᠬᠥᠶ ᠭᠠᠵᠠᠷ ᠲᠠᠰᠤᠭ ᠤ᠋ᠨ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠎ᠦᠨ ᠬᠤᠯᠪᠤᠬᠳᠠᠯ ᠪᠥᠬᠥᠶ ᠬᠠᠷᠢᠭᠤᠴᠠᠯᠭᠠᠲᠠᠨ ᠨᠥᠬᠥᠳ᠂ ᠦᠬᠦᠯᠡᠯ ᠲᠤᠰᠢᠶᠠᠬᠤ ᠬᠡᠯᠪᠡᠷᠢ ᠪᠡᠷ ᠬᠤᠷᠠᠯ᠎ᠳᠤ ᠣᠷᠣᠯᠴᠠᠭᠰᠠᠨ ᠲᠤᠰᠬᠠᠶ ᠮᠡᠷᠭᠡᠵᠢᠯᠲᠡᠨ ᠵᠡᠷᠭᠡ 40 ᠬᠥᠮᠦᠨ ᠬᠤᠷᠠᠯ᠎ᠳᠤ ᠣᠷᠣᠯᠴᠠᠵᠤ᠂ ᠬᠤᠷᠠᠯ᠎ᠳᠤ ᠣᠷᠣᠯᠴᠠᠭᠰᠠᠳ ᠣᠷᠣᠨ ᠪᠦᠰᠡ ᠠᠯᠤᠰᠯᠠᠨ ᠬᠠᠮᠵᠢᠯᠴᠠᠨ ᠬᠣᠯᠪᠣᠭᠠᠯᠠᠨ ᠬᠥᠳᠡᠯᠦᠯᠴᠡᠬᠦ᠌᠂ ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠲᠦᠷᠢᠮ᠎ᠦᠨ ᠰᠢᠨ᠎ᠡ ᠵᠢ ᠡᠭᠦᠳᠬᠦ᠎ᠶᠢᠨ ᠲᠣᠭᠣᠷᠢᠨ᠎ᠳᠤ ᠭᠦᠨᠵᠡᠭᠡᠶ ᠰᠣᠯᠢᠯᠴᠠᠨ ᠰᠤᠳᠤᠯᠤᠨ ᠶᠠᠷᠢᠯᠴᠠᠵᠤ᠂ ᠤᠮᠠᠷᠠᠰᠢ ᠨᠡᠭᠡᠭᠡᠯᠲᠡ ᠬᠢᠬᠦ᠌ ᠬᠥᠭᠵᠢᠯᠲᠡ᠎ᠶᠢᠨ ᠬᠠᠮᠲᠤᠷᠠᠯ ᠬᠦᠴᠦᠨ᠎ᠢ ᠨᠢᠭᠲᠠᠷᠠᠭᠤᠯᠪᠠ᠃

ᠥᠪᠥᠷ ᠮᠣᠩᠭᠣᠯ ᠨᠢ ᠣᠷᠣᠰ ᠮᠣᠩᠭᠣᠯ ᠤᠯᠤᠰ᠎ᠲᠠᠶ ᠬᠥᠷᠰᠢᠯᠡᠵᠦ᠍᠂ ᠧᠦ᠋ᠷᠣᠫᠠ ᠠᠽᠢᠶ᠎ᠠ᠎ᠶᠢ ᠬᠣᠯᠪᠣᠵᠤ᠂ 《ᠳᠣᠲᠣᠭᠠᠳᠤ᠎ᠳᠠᠭᠠᠨ ᠨᠠᠢ᠍ᠮᠠᠨ ᠮᠤᠵᠢ᠎ᠲᠠᠶ ᠵᠠᠯᠭᠠᠯᠳᠤᠵᠤ ᠨᠠᠢᠰᠯᠠᠯ ᠡᠴᠡ ᠤᠢᠷᠠᠬᠠᠨ ᠪᠠᠢᠵᠤ᠂ ᠭᠠᠳᠠᠭᠰᠢ᠎ᠪᠠᠨ ᠣᠷᠣᠰ ᠮᠣᠩᠭᠣᠯ᠎ᠲᠠᠶ ᠬᠦᠷᠰᠢᠯᠡᠨ ᠧᠦ᠋ᠷᠣᠫᠠ ᠠᠽᠢᠶ᠎ᠠ᠎ᠲᠠᠶ ᠨᠡᠪᠲᠡᠷᠡᠯᠴᠡᠭᠰᠡᠨ》 ᠥᠪᠡᠷᠮᠢᠴᠡ ᠣᠷᠣᠨ ᠪᠠᠶ᠋ᠢᠷᠢ᠎ᠶᠢᠨ ᠳᠠᠪᠠᠭᠤᠯᠢᠭ᠎ᠲᠠᠶ ᠶᠤᠮ᠃ ᠪᠡᠭᠡᠵᠢᠩ ᠲᠢᠶᠠᠨᠵᠢᠨ ᠾᠸᠪᠸᠢ ᠣᠷᠣᠨ᠎ᠤ ᠰᠢᠨ᠎ᠡ᠎ᠶᠢ ᠡᠭᠦᠳᠬᠦ᠌ ᠡᠯᠧᠮᠧᠨ᠋ᠲ ᠡᠯᠪᠡᠭᠵᠢᠨ ᠲᠦᠪᠯᠡᠷᠡᠵᠤ᠂ ᠭᠠᠳᠠᠭᠠᠳᠤ ᠨᠡᠭᠡᠭᠡᠯᠳᠠ᠎ᠶᠢᠨ ᠰᠠᠭᠤᠷᠢ ᠪᠠᠲᠤ᠌ ᠪᠠᠢᠵᠤ᠂ ᠲᠦᠷᠪᠡᠨ ᠭᠠᠵᠠᠷ᠎ᠤᠨ ᠠᠵᠤ ᠦᠢᠯᠡᠰ ᠬᠠᠷᠢᠯᠴᠠᠨ ᠨᠥᠬᠥᠪᠥᠷᠢᠯᠡᠵᠦ᠍᠂ ᠵᠠᠬ᠎ᠠ ᠳᠡᠯᠭᠡᠭᠦᠷ ᠬᠠᠷᠢᠯᠴᠠᠨ ᠨᠡᠪᠳᠡᠷᠡᠯᠴᠡᠵᠤ᠂ ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠢ ᠬᠠᠮᠵᠢᠯᠴᠠᠨ ᠬᠠᠮᠲᠤ᠎ᠪᠠᠷ ᠪᠦᠳᠦᠭᠡᠨ ᠪᠠᠶ᠋ᠢᠭᠤᠯᠬᠤ ᠪᠣᠯ ᠣᠷᠣᠨ ᠪᠦᠰᠡ᠎ᠶᠢᠨ ᠵᠣᠬᠢᠴᠠᠩᠭᠤᠢ ᠬᠥᠭᠵᠢᠯᠲᠡ᠂ ᠤᠯᠤᠰ᠎ᠤᠨ ᠤᠮᠠᠷᠠᠰᠢ ᠨᠡᠭᠡᠭᠡᠯᠳᠠ ᠬᠢᠬᠦ᠌ ᠪᠠᠶ᠋ᠢᠯᠳᠤᠬᠤ ᠪᠤᠳᠤᠯᠭ᠎ᠠ᠎ᠶᠢ ᠨᠠᠶ᠋ᠢᠳᠠᠪᠤᠷᠢᠵᠢᠭᠤᠯᠬᠤ ᠴᠢᠬᠤᠯᠠ ᠭᠠᠷᠳᠠᠴᠠ ᠮᠥᠨ᠃ ᠲᠤᠰ ᠤᠳᠠᠭ᠎ᠠ ᠵᠢᠨ ᠶᠠᠷᠢᠯᠴᠠᠬᠤ ᠬᠤᠷᠠᠯ ᠨᠢ ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠢ ᠥᠨᠳᠥᠷ ᠪᠠᠷᠢᠮᠵᠢᠶ᠎ᠠ᠎ᠪᠠᠷ ᠪᠦᠲᠦᠭᠡᠨ ᠪᠠᠶ᠋ᠢᠭᠤᠯᠬᠤ ᠭᠣᠣᠯ ᠰᠢᠵᠢᠮ᠎ᠲᠡᠶ ᠨᠢᠭᠲᠠ ᠤᠶᠠᠯᠳᠤᠭᠤᠯᠤᠨ᠂ ᠨᠠᠮ᠎ᠤᠨ ᠲᠥᠪ ᠬᠣᠷᠢᠶ᠎ᠠ᠂ ᠲᠦᠷᠦ᠎ᠶᠢᠨ ᠶᠠᠪᠤᠳᠠᠯ᠎ᠤᠨ ᠬᠣᠷᠢᠶ᠎ᠠ ᠵᠢᠨ ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠦᠲᠦᠭᠡᠨ ᠪᠠᠶ᠋ᠢᠭᠤᠯᠤᠯᠲᠠ᠎ᠶᠢᠨ ᠪᠠᠶ᠋ᠢᠷᠢᠯᠠᠭᠤᠯᠤᠯᠲᠠ᠎ᠶᠢᠨ ᠱᠠᠭᠠᠷᠳᠠᠯᠭ᠎ᠠ᠎ᠶᠢ ᠪᠦᠬᠦ᠌ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠲᠦᠷᠢᠮ᠎ᠦᠨ ᠰᠢᠨ᠎ᠡ᠎ᠶᠢ ᠡᠭᠦᠳᠬᠦ᠌᠎ᠪᠡᠷ ᠭᠤᠤᠯ ᠡᠭᠦᠷᠭᠡ ᠪᠣᠯᠭᠠᠵᠤ᠂ ᠠᠷᠠᠯᠵᠢᠶ᠎ᠠ ᠪᠠᠯᠠ ᠣᠷᠣᠭᠤᠯᠤᠯᠲᠠ ᠳ᠋ᠤ ᠳᠥᠭᠥᠮ ᠦᠵᠡᠬᠦᠯᠬᠦ᠂ ᠳᠠᠪᠠᠭᠤᠯᠢᠭ ᠠᠵᠤ ᠦᠢᠯᠡᠰ᠎ᠢ ᠲᠥᠪᠯᠡᠷᠡᠭᠦᠯᠬᠦ᠂ ᠬᠢᠯᠢ ᠠᠯᠤᠰᠯᠠᠨ ᠰᠢᠨ᠎ᠡ᠎ᠶᠢ ᠡᠭᠦᠳᠦᠨ ᠪᠣᠶ᠋ᠢᠵᠢᠭᠤᠯᠬᠤ᠂ ᠣᠯᠠᠨ ᠤᠯᠤᠰ᠎ᠤᠨ ᠠᠵᠤ ᠠᠬᠤᠶ ᠠᠷᠠᠯᠵᠢᠶᠠᠨ᠎ᠤ ᠶᠠᠪᠤᠯᠴᠠᠭ᠎ᠠ ᠵᠡᠷᠭᠡ ᠵᠠᠩᠭᠢᠯᠠᠭ᠎ᠠ᠎ᠶᠢᠨ ᠬᠦᠷᠢᠶᠡᠨ᠎ᠦ ᠰᠣᠯᠢᠯᠴᠠᠭ᠎ᠠ ᠬᠢᠬᠦ᠌ ᠰᠡᠳᠬᠢᠮᠵᠢ᠂ ᠪᠣᠳᠠᠲᠠᠶ᠎ᠶᠢ ᠡᠷᠬᠢᠮᠯᠡᠭᠰᠡᠨ ᠠᠷᠭ᠎ᠠ ᠬᠡᠮᠵᠢᠶ᠎ᠡ᠎ᠶᠢ ᠲᠥᠯᠥᠪᠵᠢᠭᠦᠯᠬᠦ ᠳ᠋ᠦ᠍ ᠠᠩᠬᠠᠷᠤᠯ᠎ᠢᠶᠠᠨ ᠲᠥᠪᠯᠡᠷᠡᠭᠦᠯᠪᠡ᠃

ᠬᠤᠷᠠᠯ ᠳᠡᠭᠡᠷ᠎ᠡ᠂ ᠦᠬᠦᠯᠡᠯ ᠲᠤᠰᠢᠶᠠᠬᠤ ᠬᠡᠯᠪᠡᠷᠢ ᠪᠡᠷ ᠬᠤᠷᠠᠯ᠎ᠳᠦ ᠤᠷᠤᠯᠴᠠᠭᠰᠠᠨ 28 ᠲᠤᠰᠬᠠᠶ ᠮᠡᠷᠭᠡᠵᠢᠯᠲᠡᠨ ᠲᠠᠰ ᠳᠠᠷᠠᠭᠠᠯᠠᠨ ᠶᠠᠷᠢᠯᠴᠠᠵᠤ ᠰᠠᠨᠠᠯ᠎ᠢᠶᠠᠨ ᠰᠣᠯᠢᠯᠴᠠᠪᠠ᠃ ᠲᠠᠳᠠ ᠪᠡᠭᠡᠵᠢᠩ ᠲᠢᠶᠠᠨᠵᠢᠨ ᠾᠸᠪᠸᠢ ᠵᠢᠨ ᠠᠵᠤ ᠦᠢᠯᠡᠰ᠎ᠦᠨ ᠡᠬᠢ ᠪᠠᠶᠠᠯᠢᠭ᠎ᠤᠨ ᠳᠠᠪᠠᠭᠤᠯᠢᠭ ᠪᠣᠯᠤᠨ ᠥᠪᠥᠷ ᠮᠣᠩᠭᠣᠯ᠎ᠤᠨ ᠬᠢᠯᠢ ᠳᠠᠭᠠᠤ ᠬᠢᠯᠢ ᠵᠢᠨ ᠪᠣᠭᠣᠮᠲᠠ᠎ᠶᠢᠨ ᠣᠨᠴᠠᠯᠢᠭ᠎ᠲᠠᠶ ᠤᠶᠠᠯᠳᠤᠭᠤᠯᠤᠨ᠂ ᠬᠢᠯᠢ ᠵᠢᠨ ᠪᠣᠭᠣᠮᠲᠠ᠎ᠶᠢᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠰᠢᠭᠦᠯᠬᠦ᠌᠂ ᠬᠢᠯᠢ ᠠᠯᠤᠰᠯᠠᠭᠰᠠᠨ ᠠᠵᠤ ᠦᠢᠯᠡᠰ᠎ᠦᠨ ᠬᠡᠯᠬᠢᠶ᠎ᠡ᠎ᠶᠢ ᠪᠠᠶ᠋ᠢᠭᠤᠯᠬᠤ᠂ ᠳᠥᠷᠪᠡᠨ ᠭᠠᠵᠠᠷ ᠬᠠᠮᠵᠢᠯᠴᠠᠨ ᠰᠢᠨ᠎ᠡ᠎ᠶᠢ ᠡᠭᠦᠳᠬᠦ᠌ ᠲᠣᠭᠲᠠᠴᠠ᠂ ᠣᠷᠣᠰ ᠮᠣᠩᠭᠣᠯ᠎ᠤᠨ ᠠᠵᠤ ᠠᠬᠤᠶ ᠠᠷᠠᠯᠵᠢᠶᠠᠨ᠎ᠤ ᠬᠠᠮᠲᠤᠷᠠᠯᠴᠠᠭ᠎ᠠ ᠵᠡᠷᠭᠡ ᠵᠥᠪᠯᠡᠬᠦ᠌ ᠰᠡᠳᠦᠪ᠎ᠦᠨ ᠲᠣᠭᠣᠷᠢᠨ᠎ᠳᠤ ᠭᠦᠨᠵᠡᠭᠡᠶ ᠰᠤᠳᠤᠯᠤᠨ ᠶᠠᠷᠢᠯᠴᠠᠭᠰᠠᠨ ᠪᠥᠭᠡᠳ ᠣᠷᠣᠨ ᠪᠦᠰᠡ᠎ᠶᠢᠨ ᠬᠠᠮᠵᠢᠯᠴᠠᠭ᠎ᠠ᠂ ᠬᠢᠯᠢ ᠬᠢᠵᠠᠭᠠᠷ᠎ᠤᠨ ᠨᠡᠭᠡᠭᠡᠯᠲᠡ᠂ ᠲᠦᠷᠢᠮ᠎ᠦᠨ ᠰᠢᠨ᠎ᠡ ᠵᠢ ᠡᠭᠦᠳᠬᠦ ᠵᠡᠷᠭᠡ᠎ᠳᠦ ᠰᠠᠭᠤᠷᠢᠯᠠᠨ ᠣᠯᠠᠨ ᠲᠠᠯ᠎ᠠ᠎ᠡᠴᠡ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠲᠤᠷᠰᠢᠯᠲᠠ᠎ᠶᠢᠨ ᠣᠷᠣᠨ᠎ᠤ ᠬᠥᠭᠵᠢᠯᠲᠡ᠎ᠶᠢᠨ ᠪᠣᠳᠠᠲᠤ᠌ ᠪᠠᠶ᠋ᠢᠳᠠᠯ᠎ᠲᠠᠶ ᠨᠡᠶ᠋ᠢᠴᠡᠭᠰᠡᠨ᠂ ᠪᠣᠳᠠᠲᠠᠶ ᠨᠠᠶ᠋ᠢᠳᠠᠪᠤᠷᠢᠵᠢᠭᠤᠯᠬᠤ ᠦᠨ᠎ᠡ ᠥᠷᠲᠡᠭ᠎ᠲᠡᠶ ᠪᠣᠯᠤᠭᠰᠠᠨ ᠠᠯᠢ ᠣᠯᠠᠨ ᠰᠡᠳᠬᠢᠮᠵᠢ ᠠᠷᠭ᠎ᠠ ᠬᠡᠮᠵᠢᠶ᠎ᠡ᠎ᠶᠢ ᠳᠤᠷᠠᠳᠤᠨ ᠭᠠᠷᠭᠠᠵᠤ᠂ ᠴᠢᠯᠥᠭᠡᠲᠦ᠍ ᠠᠷᠠᠯᠵᠢᠶᠠᠨ᠎ᠤ ᠣᠷᠣᠨ᠎ᠤ ᠪᠥᠲᠥᠭᠡᠨ ᠪᠠᠶ᠋ᠢᠭᠤᠯᠤᠯᠲᠠ᠎ᠶᠢ ᠥᠨᠳᠥᠷ ᠪᠠᠷᠢᠮᠵᠢᠶ᠎ᠠ᠎ᠪᠠᠷ ᠠᠬᠢᠭᠤᠯᠬᠤ᠎ᠳᠤ ᠣᠨᠣᠯ᠎ᠤᠨ ᠬᠦᠴᠦᠲᠡᠶ ᠲᠤᠯᠭᠠᠭᠤᠷᠢᠯᠠᠯ ᠪᠠ ᠦᠢᠯᠡᠳᠦᠯᠭᠡ᠎ᠶᠢᠨ ᠯᠠᠪᠯᠠᠯᠲᠠ ᠬᠠᠩᠭᠠᠪᠠ᠃ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠥᠬᠥᠶ ᠬᠠᠷᠢᠭᠤᠴᠠᠯᠭᠠᠲᠠᠨ ᠨᠥᠬᠥᠳ ᠥᠪᠥᠷ ᠮᠣᠩᠭᠣᠯ᠎ᠤᠨ ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠥᠲᠥᠭᠡᠨ ᠪᠠᠶ᠋ᠢᠭᠤᠯᠤᠯᠲᠠ᠎ᠶᠢᠨ ᠣᠳᠣᠬᠢ ᠪᠠᠶ᠋ᠢᠳᠠᠯ᠂ ᠪᠠᠶ᠋ᠢᠯᠳᠤᠬᠤ ᠪᠣᠳᠣᠯᠭ᠎ᠠ᠎ᠶᠢᠨ ᠪᠠᠶ᠋ᠢᠷᠢ ᠲᠣᠭᠲᠠᠭᠠᠯᠲᠠ ᠬᠢᠭᠡᠳ ᠬᠥᠭᠵᠢᠯᠲᠡ᠎ᠶᠢᠨ ᠬᠦᠰᠡᠯ ᠱᠠᠭᠠᠷᠳᠠᠯᠭ᠎ᠠ᠎ᠶᠢ ᠲᠠᠨᠢᠯᠴᠠᠭᠤᠯᠵᠤ᠂ ᠪᠡᠭᠡᠵᠢᠩ ᠲᠢᠶᠠᠨᠵᠢᠨ ᠾᠸᠪᠸᠢ ᠵᠢᠨ ᠡᠳ᠋ ᠬᠥᠷᠥᠩᠭᠡ᠂ ᠮᠡᠷᠭᠡᠵᠢᠯ᠂ ᠴᠢᠳᠠᠪᠤᠷᠢᠲᠠᠨ᠎ᠤ ᠳᠠᠪᠠᠭᠤᠯᠢᠭ᠎ᠢ ᠭᠦᠨᠵᠡᠭᠡᠶ ᠵᠣᠯᠭᠠᠭᠤᠯᠵᠤ᠂ ᠨᠡᠭᠡᠭᠡᠯᠲᠡ ᠬᠥᠭᠵᠢᠯᠲᠡ᠎ᠶᠢᠨ ᠲᠤᠮᠳᠠᠬᠢ  ᠪᠣᠭᠣᠮᠢ ᠵᠢ ᠰᠢᠢᠳᠪᠦᠷᠢᠯᠡᠬᠦ᠎ᠶᠢ ᠬᠦᠰᠡᠪᠡ᠃

ᠲᠤᠰ ᠤᠳᠠᠭ᠎ᠠ᠎ᠶᠢᠨ ᠶᠠᠷᠢᠯᠴᠠᠬᠤ ᠬᠤᠷᠠᠯ ᠨᠢ ᠪᠡᠭᠡᠵᠢᠩ ᠲᠢᠶᠠᠨᠵᠢᠨ ᠾᠸᠪᠸᠢ ᠥᠪᠥᠷ ᠮᠣᠩᠭᠣᠯ᠎ᠤᠨ ᠪᠠᠢ᠌ᠩᠭᠤᠵᠢᠭᠰᠠᠨ ᠰᠣᠯᠢᠯᠴᠠᠭᠠᠨ᠎ᠤ ᠲᠠᠪᠴᠠᠩ᠎ᠢ ᠪᠠᠶ᠋ᠢᠭᠤᠯᠪᠠ᠃ ᠲᠠᠷᠠᠭᠠᠴᠢ᠎ᠶᠢᠨ ᠠᠯᠬᠤᠮ᠎ᠳᠤ᠂ ᠳᠥᠷᠪᠡᠨ ᠮᠤᠵᠢ ᠣᠷᠣᠨ ᠬᠣᠲᠠ ᠲᠣᠰ ᠤᠳᠠᠭᠠᠨ᠎ᠤ ᠶᠠᠷᠢᠯᠴᠠᠬᠤ ᠬᠤᠷᠠᠯ᠎ᠢᠶᠠᠷ ᠠᠵᠠ ᠲᠣᠬᠢᠶᠠᠯ ᠪᠣᠯᠭᠠᠵᠤ᠂ ᠣᠯᠠᠨ ᠲᠠᠰ ᠳᠠᠪᠬᠤᠷᠭ᠎ᠠ᠎ᠶᠢᠨ ᠬᠠᠮᠵᠢᠯᠴᠠᠭ᠎ᠠ ᠬᠠᠮᠲᠤᠷᠠᠯᠴᠠᠭ᠎ᠠ᠎ᠶᠢ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠰᠤᠳᠤᠯᠤᠨ ᠶᠠᠷᠢᠯᠴᠠᠬᠤ ᠬᠠᠮᠲᠤ᠎ᠶᠢᠨ ᠲᠠᠨᠢᠯᠲᠠ᠎ᠪᠠᠨ ᠲᠦᠷᠢᠮ᠎ᠦᠨ ᠰᠢᠨ᠎ᠡ᠎ᠶᠢ ᠡᠭᠦᠳᠬᠦ᠌ ᠪᠣᠳᠠᠲᠤ᠌ ᠦᠷ᠎ᠡ ᠪᠦᠲᠦᠮᠵᠢ ᠪᠣᠯᠭᠠᠨ ᠬᠤᠪᠢᠷᠠᠭᠤᠯᠬᠤ᠎ᠶᠢ ᠲᠦᠷᠭᠡᠳᠬᠡᠵᠦ᠍᠂ ᠥᠪᠥᠷ ᠮᠣᠩᠭᠣᠯ᠎ᠤᠨ ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠣᠭᠣᠮᠲᠠ᠎ᠶᠢᠨ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ ᠧᠦ᠋ᠷᠣᠫᠠ ᠠᠽᠢᠶ᠎ᠠ᠎ᠶᠢᠨ ᠠᠵᠤ ᠠᠬᠤᠶ ᠠᠷᠠᠯᠵᠢᠶᠠᠨ᠎ᠤ ᠵᠠᠮ᠎ᠢ ᠰᠠᠭᠠᠳ ᠥᠬᠡᠶ ᠨᠡᠪᠲᠡᠷᠡᠭᠦᠯᠵᠦ᠍᠂ ᠣᠷᠣᠨ ᠪᠦᠰᠡ᠎ᠶᠢᠨ ᠬᠠᠮᠵᠢᠯᠴᠠᠨ ᠬᠥᠭᠵᠢᠬᠦ᠌ ᠪᠠ ᠥᠨᠳᠥᠷ ᠲᠦᠪᠰᠢᠨ ᠪᠥᠬᠥᠶ ᠭᠠᠳᠠᠭᠠᠳᠤ ᠨᠡᠭᠡᠭᠡᠯᠲᠡ ᠬᠢᠬᠦ᠌ ᠬᠤᠤᠰ ᠴᠢᠭᠯᠡᠯ ᠵᠢᠡᠷ ᠡᠨᠧᠷᠭᠢ ᠤᠯᠭᠤᠬᠤ ᠵᠢ ᠠᠬᠢᠭᠤᠯᠵᠤ᠂ ᠬᠢᠯᠢ ᠬᠢᠵᠠᠭᠠᠷ ᠣᠷᠣᠨ᠎ᠤ ᠴᠢᠨᠠᠷ ᠰᠠᠶ᠋ᠢᠲᠠᠶ ᠬᠥᠭᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠬᠦ᠌ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号