《ᠤᠯᠤᠰ᠎ᠤᠨ ᠡᠨᠧᠷᠭᠢ᠎ᠶᠢᠨ ᠪᠦᠯᠦᠭᠯᠡᠯ ᠬᠤᠨᠳᠠᠭᠠᠲᠤ》 ᠵᠡᠪᠰᠡᠭ᠎ᠤᠨ ᠡᠷᠳᠡᠮ᠎ᠤᠨ ᠲᠥᠷᠥᠯ ᠵᠦᠢᠯ᠎ᠤᠨ ᠴᠥᠷᠬᠡᠯᠡᠭᠡ ᠤᠷᠤᠯᠳᠤᠭᠠᠨ᠎ᠡᠬᠢᠯᠡᠪᠡ
2026-08-09 11:50:31
ᠵᠣᠬᠢᠶᠠᠭ᠍ᠴᠢ᠄
ᠴᠸᠨ ᠨᠠᠷᠠᠠᠳᠤᠨᠭᠭᠠᠯᠠᠭ ᠨᠠᠮᠤᠭ ᠠᠯᠤᠰ ᠸ • ᠭᠡᠷᠡᠯᠳᠤ
ᠣᠩᠱᠢᠭ᠍ᠰᠠᠨ ᠣᠳᠠᠭ᠎ᠠ᠄
★★★☆☆

8 ᠰᠠᠷ᠎ᠠ᠎ᠶᠢᠨ 6 ᠎ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ ᠎ᠤ 《ᠤᠯᠤᠰ᠎ᠤᠨ ᠡᠨᠧᠷᠭᠢ᠎ᠶᠢᠨ ᠪᠦᠯᠦᠭᠯᠡᠯ ᠬᠤᠨᠳᠠᠭᠠᠲᠤ》 ᠵᠡᠪᠰᠡᠭ᠎ᠤᠨ ᠡᠷᠳᠡᠮ᠎ᠤᠨ ᠲᠦᠷᠦᠯ ᠵᠦᠢᠯ᠎ᠤᠨ ᠴᠥᠷᠬᠡᠯᠡᠭᠡ ᠤᠷᠤᠯᠳᠤᠭᠠᠨ ᠪᠤᠭᠤᠲᠤ ᠬᠣᠲᠠ᠎ᠶᠢᠨ ᠶᠡᠷᠡᠨ ᠭᠤᠷᠪᠠᠳᠤᠭᠠᠷ ᠳᠤᠮᠳᠠᠳᠤ ᠰᠤᠷᠭᠠᠭᠤᠯᠢ᠎ᠶᠢᠨ ᠪᠡᠶ᠎ᠡ᠎ᠶᠢᠨ ᠲᠠᠮᠢᠷ᠎ᠤᠨ ᠣᠷᠳᠣᠨ᠎ᠳᠤ ᠡᠬᠢᠯᠡᠪᠡ᠃

ᠲᠤᠰ ᠤᠷᠤᠯᠳᠤᠭᠠᠨ᠎ᠢ ᠦᠪᠦᠷ ᠮᠤᠨᠭᠭᠤᠯ᠎ᠤᠨ ᠦᠪᠡᠷᠲᠡᠭᠡᠨ ᠵᠠᠰᠠᠬᠤ ᠣᠷᠣᠨ ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠭᠣᠣᠯᠯᠠᠨ ᠡᠷᠬᠢᠯᠡᠵᠤ᠂ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ᠂ ᠪᠤᠭᠤᠲᠤ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ ᠳᠠᠭᠠᠭᠠᠴᠢᠯᠠᠨ ᠡᠷᠬᠢᠯᠡᠪᠡ᠃ ᠤᠷᠤᠯᠳᠤᠭᠠᠨ᠎ᠤ ᠬᠤᠭᠤᠴᠠᠭ᠎ᠠ ᠨᠢ 4 ᠡᠳᠦᠷ ᠪᠠᠢᠵᠤ᠂ ᠡᠷᠡᠭᠲᠡᠢ᠂ ᠡᠮᠡᠭᠲᠡᠢ᠎ᠶᠢᠨ ᠬᠥᠬᠡ ᠬᠥᠬᠡᠭᠴᠢᠨ 4 ᠳᠤᠭᠤᠢᠯᠠᠩ᠎ᠤᠨ 16 ᠤᠷᠤᠯᠳᠤᠭᠠᠨ᠎ᠤ ᠵᠦᠢᠯ᠎ᠢ ᠲᠣᠬᠢᠷᠠᠭᠤᠯᠵᠤ᠂ ᠪᠦᠬᠦ ᠣᠷᠣᠨ᠎ᠤ 10 ᠠᠢᠮᠠᠭ ᠬᠣᠲᠠ᠎ᠶᠢᠨ 200 ᠭᠠᠷᠤᠢ ᠲᠠᠰᠬᠠᠯᠵᠢᠭᠤᠯᠤᠭᠴᠢ᠂ ᠲᠠᠮᠢᠷᠴᠢᠨ ᠤᠷᠤᠯᠳᠤᠭᠠᠨ᠎ᠳᠤ ᠣᠷᠣᠯᠴᠠᠪᠠ ᠃

ᠤᠷᠤᠯᠳᠤᠭᠠᠨ᠎ᠳᠤ ᠣᠷᠣᠯᠴᠠᠭᠰᠠᠳ ᠢᠳᠡᠪᠬᠢ ᠦᠭᠡᠳᠡᠷᠭᠡᠭ ᠲᠦᠷᠰᠦ ᠪᠠᠢᠳᠠᠯ ᠵᠢᠡᠷ ᠤᠯᠠᠮᠵᠢᠯᠠᠯᠲᠤ ᠵᠡᠪᠰᠡᠭ᠎ᠦᠨ ᠡᠷᠳᠡᠮ᠎ᠦᠨ ᠲᠠᠳᠠᠬᠤ ᠬᠦᠴᠦᠨ ᠪᠠ ᠵᠠᠯᠠᠭᠤᠴᠤᠳ ᠪᠠᠭᠠᠴᠤᠳ᠎ᠤᠨ ᠪᠡᠶ᠎ᠡ᠎ᠶᠢᠨ ᠲᠠᠮᠢᠷ᠎ᠤᠨ ᠴᠣᠭ ᠵᠢᠪᠬᠤᠭ᠎ᠠ᠎ᠶᠢ ᠭᠦᠢᠴᠡᠳ ᠢᠯᠡᠷᠡᠭᠦᠯᠦᠭᠰᠡᠨ ᠪᠠᠢᠨ᠎ᠠ᠃

ᠤᠷᠤᠯᠳᠤᠭᠠᠨ᠎ᠤ ᠤᠷᠤᠭᠰᠢᠲᠠᠢ ᠶᠠᠪᠤᠭᠳᠠᠬᠤ᠎ᠶᠢ ᠪᠠᠲᠤᠯᠠᠬᠤ᠎ᠶᠢᠨ ᠲᠥᠯᠥᠭᠡ  ᠪᠤᠭᠤᠲᠤ ᠬᠣᠲᠠ᠎ᠶᠢᠨ ᠪᠡᠶ᠎ᠡ᠎ᠶᠢᠨ ᠲᠠᠮᠢᠷ᠎ᠤᠨ ᠲᠣᠪᠴᠢᠶ᠎ᠠ ᠠ᠋ᠴᠠ ᠡᠯ᠎ᠡ ᠵᠦᠢᠯ᠎ᠦᠨ ᠤᠷᠤᠯᠳᠤᠭᠠᠨ᠎ᠤ ᠪᠠᠲᠤᠯᠠᠭ᠎ᠠ᠎ᠶᠢᠨ ᠠᠵᠢᠯ᠎ᠢ ᠰᠠᠢᠳᠤᠷ ᠬᠢᠵᠦ᠂ ᠠᠮᠤᠷ ᠲᠦᠪᠰᠢᠨ᠎ᠦ ᠬᠠᠮᠠᠭᠠᠯᠠᠯᠲᠠ᠎ᠶᠢᠨ ᠲᠥᠬᠦᠭᠡᠷᠦᠮᠵᠢ᠎ᠶᠢ ᠵᠤᠬᠢᠴᠠᠭᠤᠯᠵᠤ᠂ ᠤᠷᠤᠯᠳᠤᠭᠠᠨ᠎ᠤ ᠶᠠᠪᠤᠴᠠ᠎ᠶᠢ ᠵᠢᠷᠤᠮᠵᠢᠭᠤᠯᠤᠨ᠂ ᠤᠷᠤᠯᠳᠤᠭᠠᠨ᠎ᠤ ᠶᠠᠪᠤᠳᠠᠯ᠎ᠤᠨ ᠲᠦᠪ ᠭᠤᠤᠯᠴᠢ ᠡᠮᠬᠢ ᠲᠢᠭᠯᠢᠮ ᠲᠠᠢ ᠶᠠᠪᠤᠭᠳᠠᠬᠤ᠎ᠶᠢ ᠪᠠᠲᠤᠯᠠᠵᠠᠢ᠃ ᠡᠬᠦᠨ ᠡᠴᠡ ᠭᠠᠳᠠᠨ᠎ᠠ᠂ ᠬᠣᠭᠣᠯᠠ ᠬᠣᠨᠣᠭ᠂ ᠵᠠᠮ ᠬᠠᠷᠢᠯᠴᠠᠭᠠᠨ᠎ᠤ  ᠪᠠᠳᠤᠯᠠᠭ᠎ᠠ ᠵᠢᠨ ᠠᠵᠢᠯ᠎ᠢ ᠰᠠᠢᠳᠤᠷ ᠬᠢᠵᠦ᠂ ᠦᠢᠯᠡᠴᠢᠯᠡᠭᠡᠨ᠎ᠢ  ᠪᠦᠬᠦ ᠲᠠᠯ᠎ᠠ᠎ᠪᠠᠷ ᠨᠠᠷᠢᠯᠢᠭ᠍ᠵᠢᠭᠤᠯᠵᠤ᠂ ᠤᠷᠤᠯᠳᠤᠭᠠᠨ᠎ᠳᠤ ᠣᠷᠣᠯᠴᠠᠭᠰᠠᠳ᠎ᠲᠤ ᠠᠮᠤᠷ ᠲᠦᠪᠰᠢᠨ ᠲᠠᠭᠠᠯᠠᠮᠵᠢᠲᠠᠢ ᠤᠷᠤᠯᠳᠤᠭᠠᠨ᠎ᠤ ᠣᠷᠴᠢᠨ ᠲᠣᠭᠣᠷᠢᠨ᠎ᠢ ᠪᠤᠢ ᠪᠣᠯᠭᠠᠵᠤ᠂ ᠤᠷᠤᠯᠳᠤᠭᠠᠨ᠎ᠤ ᠶᠠᠪᠤᠳᠠᠯ᠎ᠢ ᠠᠮᠵᠢᠯᠲᠠ᠎ᠲᠠᠢ ᠡᠷᠬᠢᠯᠡᠬᠦ᠎ᠳᠦ ᠬᠦᠴᠦᠨ ᠨᠡᠮᠡᠷᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号