ᠲᠡᠷᠢᠭᠦᠨ ᠨᠢᠭᠤᠷ>ᠠᠮᠢᠳᠤᠷᠠᠯ ᠥᠷᠲᠡᠭᠡ>ᠦᠯᠢᠭᠡᠷ

2026-11-11 11:34:09

ᠵᠣᠬᠢᠶᠠᠭ᠍ᠴᠢ᠄ ​ ᠬᠤᠤ ᠪᠢᠶᠣᠣ ᠣᠩᠱᠢᠭ᠍ᠰᠠᠨ ᠣᠳᠠᠭ᠎ᠠ᠄ 3

ᠥᠷᠯᠥᠭᠡ ᠡᠷᠲᠡ᠂ ᠦᠬᠠᠢ ᠬᠤᠳᠠ᠎ᠶᠢᠨ ᠬᠠᠢᠷᠤᠪ᠎ᠤᠨ ᠲᠣᠬᠣᠢ ᠲᠣᠭᠣᠷᠢᠭ᠋᠎ᠤᠨ ᠯᠢᠨ ᠶᠢᠨ ᠵᠡᠭᠡᠯᠢ ᠭᠤᠳᠤᠮᠵᠢ᠎ᠶᠢᠨ ᠬᠠᠢ ᠰᠢᠨ ᠨᠡᠢᠭᠡᠮ ᠲᠣᠭᠣᠷᠢᠭ᠋᠎ᠤᠨ ᠠᠨ᠎ᠲᠠᠢ ᠵᠢᠶᠠ ᠶᠤᠸᠠᠨ ᠰᠠᠭᠤᠭᠠᠯᠢ ᠠᠷᠠᠳ᠎ᠤᠨ ᠲᠣᠭᠣᠷᠢᠭ᠋᠎ᠤᠨ ᠡᠭᠦᠳᠡᠨ᠎ᠳᠡᠬᠢ ᠨᠡᠭᠦᠳᠡᠯ ᠲᠡᠷᠭᠡ ᠵᠢ ᠦᠬᠡᠷᠡᠴᠢᠯᠡᠵᠦ ᠬᠢᠭᠰᠡᠨ 《ᠬᠠᠢ ᠰᠢᠨ ᠨᠡᠢᠭᠡᠮ ᠲᠣᠭᠣᠷᠢᠭ᠋᠎ᠤᠨ ᠰᠠᠢᠨ ᠳᠤᠷ᠎ᠠ᠎ᠶᠢᠨ ᠦᠢᠯᠡᠴᠢᠯᠡᠭᠡᠨ᠎ᠦ ᠵᠢᠵᠢᠭ ᠦᠷᠦᠭᠡ》 ᠳ᠋ᠤ᠌ ᠨᠢᠭᠡᠨᠲᠡ ᠶᠠᠭᠠᠷᠠᠯᠳᠤᠵᠦ ᠡᠬᠢᠯᠡᠪᠡ᠃ ᠲᠡᠷᠭᠡᠨ᠎ᠦ ᠡᠭᠦᠳᠡ ᠵᠢ ᠨᠡᠭᠡᠭᠡᠮᠡᠭᠴᠡ ᠦᠰᠦ ᠵᠠᠰᠠᠬᠤ ᠬᠠᠢᠴᠢ ᠢ᠋ᠢᠨ ᠲᠠᠭᠤᠨ ᠰᠣᠨᠣᠰᠳᠠᠵᠤ᠂ ᠨᠡᠢᠭᠡᠮ ᠲᠣᠭᠣᠷᠢᠭ᠋᠎ᠤᠨ ᠯᠢᠦ ᠰᠢᠨ ᠬᠤᠢ ᠠᠩᠬᠠᠷᠤᠯ ᠵᠢᠡᠨ ᠲᠥᠪᠯᠡᠷᠡᠭᠦᠯᠤᠨ ᠨᠢᠭᠡ ᠨᠠᠰᠤᠲᠠᠨ᠎ᠤ  ᠦᠰᠦ᠎ᠶᠢ  ᠵᠠᠰᠠᠨ᠎ᠠ᠃

ᠵᠢᠵᠢᠭ ᠥᠷᠥᠭᠡᠨ᠎ᠦ ᠡᠭᠦᠳᠡᠨ᠎ᠳᠦ ᠨᠢᠭᠡᠨ ᠦᠨ᠎ᠡ ᠬᠠᠩᠰᠢ ᠶ᠋ᠢᠨ ᠬᠦᠰᠦᠨᠦᠭᠲᠦ ᠢᠯᠡ ᠬᠠᠷᠠᠭᠳᠠᠨ᠎ᠠ᠃ ᠵᠡᠮᠳᠡᠭᠴᠦᠳ᠎ᠡᠴᠡ ᠰᠦᠢᠳᠬᠡᠯ ᠬᠤᠷᠢᠶᠠᠬᠤ  ᠦᠭᠡᠢ  ᠮᠦᠷᠳᠡᠭᠡᠨ ᠨᠠᠭᠠᠲᠤ ᠵᠠᠬ᠎ᠠ  ᠶ᠋ᠢᠨ ᠪᠠᠲᠤᠯᠠᠭ᠎ᠠ  ᠶ᠋ᠢᠨ ᠡᠷᠦᠬᠡ ᠪᠣᠯᠣᠨ ᠵᠡᠬᠡᠯᠢ ᠴᠡᠪᠡᠷᠯᠡᠭᠴᠢ  ᠡᠴᠨ 5 ᠲᠥᠭᠥᠷᠢᠭ ᠬᠤᠷᠢᠶᠠᠨ᠎ᠠ ᠃  ᠯᠢᠦ ᠰᠢᠨ ᠬᠤᠢ᠎ᠶᠢᠨ ᠭᠠᠷ᠎ᠲᠠᠬᠢ ᠴᠠᠬᠢᠯᠭᠠᠨ ᠬᠠᠢᠴᠢ ᠪᠠᠨ ᠨᠠᠭᠠᠰᠢ ᠴᠠᠭᠠᠰᠢ ᠲᠦᠯᠬᠢᠨ᠂ ᠨᠠᠰᠤᠳᠠᠨ᠎ᠦ ᠦᠰᠦ ᠵᠢ ᠳᠡᠮᠡᠢ ᠤᠳᠠᠯ ᠦᠭᠡᠢ ᠵᠠᠰᠠᠵᠤ ᠳᠠᠭᠤᠰᠬᠠᠪᠠ᠃ ᠨᠠᠰᠤᠲᠠᠨ ᠲᠣᠯᠢᠨ ᠎ᠳᠤ ᠦᠰᠦ ᠪᠠᠨ ᠦᠵᠡᠨ ᠮᠠᠰᠢ ᠬᠠᠨᠤᠮᠵᠢᠲᠠᠢ ᠪᠠᠢᠵᠦ᠂ ᠪᠠᠢᠨ ᠲᠠᠬᠢᠨ ᠲᠠᠯᠠᠷᠬᠠᠬᠤ᠎ᠳᠤ᠂ ᠯᠢᠦ ᠰᠢᠨ ᠬᠤᠢ ᠢᠨᠢᠶᠡᠮᠰᠦᠭᠯᠡᠨ ᠬᠦᠯᠢᠶᠡᠵᠦ ᠪᠠᠢᠭᠰᠠᠨ ᠦᠰᠦ ᠪᠠᠨ ᠵᠠᠰᠠᠬᠤ ᠬᠡᠵᠦ ᠪᠠᠢᠭ᠎ᠠ ᠰᠠᠭᠤᠭᠠᠯᠢ  ᠠᠷᠠᠳ᠎ᠢ  ᠳᠠᠭᠤᠳᠠᠪᠠ᠃

ᠬᠠᠢ ᠰᠢᠨ ᠨᠡᠢᠭᠡᠮ ᠲᠣᠭᠣᠷᠢᠭ᠋᠎ᠤᠨ ᠭᠠᠷ ᠤᠷᠠᠴᠤᠳ᠎ᠤᠨ ᠰᠠᠢᠨ ᠳᠤᠷ᠎ᠠ  ᠶ᠋ᠢᠨ ᠦᠢᠯᠡᠴᠢᠯᠡᠭᠡᠨ᠎ᠦ ᠠᠩᠭᠢ  ᠶ᠋ᠢᠨ ᠨᠢᠭᠡᠨ ᠭᠡᠰᠢᠭᠦᠨ ᠪᠣᠯᠤᠭᠰᠠᠨ᠎ᠤ ᠬᠤᠪᠢ᠎ᠳᠤ᠂ ᠯᠢᠦ ᠰᠢᠨ ᠬᠤᠢ ᠡᠳᠦᠷᠵᠢᠨ ᠵᠤᠬᠰᠤᠯ ᠦᠭᠡᠢ ᠶᠠᠭᠠᠷᠠᠲᠠᠭ᠃ ᠵᠢᠵᠢᠭ ᠦᠷᠦᠭᠡᠨ᠎ᠳᠡᠭᠡᠨ᠂ ᠲᠡᠷᠡ ᠨᠠᠰᠤᠲᠠᠢᠴᠤᠳ᠎ᠲᠤ ᠬᠢᠮᠳᠠ ᠦᠨ᠎ᠡ᠎ᠪᠡᠷ ᠦᠰᠦ ᠵᠠᠰᠠᠵᠤ ᠥᠭᠲᠡᠭ; ᠵᠢᠵᠢᠭ ᠥᠷᠥᠭᠡᠨ᠎ᠡᠴᠡ᠎ᠪᠡᠨ ᠭᠠᠳᠠᠨ᠎ᠠ᠂ ᠲᠡᠷᠡ ᠪᠠᠰᠠ ᠭᠠᠳᠠᠭ᠍ᠰᠢ ᠭᠠᠷᠬᠤ᠎ᠳᠤ ᠬᠦᠴᠢᠷᠲᠡᠢ ᠨᠠᠰᠤᠲᠠᠳ ᠢ᠋ ᠰᠠᠨᠠᠭᠠᠯᠵᠠᠵᠦ᠂ ᠬᠡᠨ ᠨᠢ ᠦᠰᠦ᠎ᠪᠡᠨ ᠵᠠᠰᠠᠭᠤᠯᠬᠤ ᠴᠢᠬᠤᠯᠠ᠎ᠲᠠᠢ ᠪᠣᠯ ᠨᠢᠭᠡ ᠯᠡ ᠤᠲᠠᠰᠤᠳᠠᠬᠤ᠎ᠳᠤ ᠲᠡᠷᠡ ᠲᠠᠷᠤᠢ ᠪᠠᠭᠠᠵᠢ᠎ᠶᠢᠨ ᠪᠣᠭᠴᠣ᠌᠎ᠪᠠᠨ ᠳᠡᠭᠦᠵᠢᠯᠡᠵᠦ ᠭᠡᠷ ᠲᠦ᠍ᠨᠢ ᠣᠴᠢᠵᠤ  ᠦᠢᠯᠡᠴᠢᠯᠡᠲᠡᠭ᠃

ᠬᠠᠢ ᠰᠢᠨ ᠨᠡᠢᠭᠡᠮ ᠲᠣᠭᠣᠷᠢᠭ᠋᠎ᠤᠨ ᠨᠠᠮ᠎ᠤᠨ ᠬᠣᠷᠢᠶᠠᠨ᠎ᠤ ᠱᠦᠵᠢ ᠸᠠᠩ ᠢᠦᠢ ᠵᠢᠩ᠎ᠦᠨ ᠲᠠᠨᠢᠯᠴᠠᠭᠤᠯᠤᠭᠰᠠᠨ᠎ᠢᠶᠠᠷ᠂ ᠡᠨᠡ ᠬᠦ᠌ 9 ᠬᠥᠮᠥᠨ᠎ᠢᠶᠡᠷ ᠪᠦᠷᠢᠯᠳᠦᠭᠰᠡᠨ ᠭᠠᠷ ᠤᠷᠠᠴᠤᠳ᠎ᠤᠨ ᠰᠠᠢᠨ ᠳᠤᠷ᠎ᠠ᠎ᠶᠢᠨ ᠦᠢᠯᠡᠴᠢᠯᠡᠭᠡᠨ᠎ᠦ ᠠᠩᠭᠢ᠎ᠳᠤ᠂ ᠬᠥᠮᠥᠨ ᠪᠦᠬᠦᠨ ᠥᠪᠡᠷ᠎ᠦᠨ ᠭᠠᠷ ᠎ᠦᠨ ᠡᠷᠳᠡᠮ᠎ᠢᠶᠠᠷ᠎ᠢᠶᠠᠨ ᠦᠨᠳᠦᠰᠦᠲᠡᠨ᠎ᠨᠦᠭᠦᠳ᠎ᠦᠨ ᠰᠠᠭᠤᠭᠠᠯᠢ ᠠᠷᠠᠳ᠎ᠲᠤ ᠦᠢᠯᠡᠴᠢᠯᠡᠨ ᠦᠰᠦ ᠵᠠᠰᠠᠲᠠᠭ᠂ ᠭᠡᠷ᠎ᠦᠨ ᠴᠠᠬᠢᠯᠭᠠᠨ ᠬᠡᠷᠡᠭᠰᠡᠯ᠎ᠢ ᠵᠠᠰᠠᠲᠠᠭ᠂ ᠣᠶᠣᠲᠠᠯ᠎ᠳᠠᠭᠠᠨ ᠴᠢᠳᠠᠮᠠᠭᠠᠢ ᠬᠦᠮᠦᠨ ᠴᠸ᠋ ᠪᠠᠢᠲᠠᠭ ᠁ 《ᠨᠡᠢᠭᠡᠮ ᠲᠣᠭᠣᠷᠢᠭ᠋᠎ᠤᠨ ᠬᠢᠨ ᠡᠳᠡᠭᠡᠷ ᠭᠠᠷ ᠤᠷᠠᠯᠠᠯ᠎ᠤᠨ ᠮᠡᠷᠭᠡᠵᠢᠯ᠎ᠲᠠᠢ ᠬᠥᠮᠥᠰ᠎ᠢ ᠨᠢᠭᠡ ᠳᠣᠣᠷ᠎ᠠ ᠴᠤᠭᠯᠠᠷᠠᠭᠤᠯᠵᠤ᠂ ᠮᠡᠷᠭᠡᠵᠢᠯ ᠴᠢᠳᠠᠪᠤᠷᠢ᠎ᠶᠢ ᠨᠢ ᠬᠡᠷᠡᠭᠯᠡᠬᠦ ᠭᠠᠵᠠᠷ᠎ᠲᠠᠢ ᠪᠣᠯᠭᠠᠵᠤ᠂ ᠬᠥᠷᠰᠢ ᠵᠡᠷᠭᠡᠯᠡᠳᠡᠭᠡ᠎ᠶᠢᠨ ᠬᠣᠭᠣᠷᠣᠨᠳᠤ᠎ᠪᠠᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠨᠥᠬᠥᠷᠯᠡᠯ᠎ᠢ ᠨᠡᠮᠡᠭᠳᠡᠭᠦᠯᠵᠦ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠰᠠᠢᠨ ᠰᠠᠢᠬᠠᠨ ᠭᠡᠷ ᠣᠷᠣᠨ᠎ᠢ ᠬᠠᠮᠲᠤ ᠪᠠᠷ ᠪᠠᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ᠎ᠶᠢ ᠠᠬᠢᠭᠤᠯᠵᠠᠢ》᠃ ᠸᠠᠩ ᠢᠦᠢ ᠵᠢᠩ᠂ ᠨᠡᠢᠭᠡᠮ ᠲᠣᠭᠣᠷᠢᠭ᠋᠎ᠤᠨ ᠬᠢᠨ ᠰᠠᠷ᠎ᠠ ᠪᠦᠷᠢ ᠬᠥᠷᠰᠢ ᠵᠡᠷᠭᠡᠯᠡᠳᠡᠭᠡ᠎ᠶᠢᠨ ᠠᠷᠠᠳ᠎ᠲᠤ ᠲᠥᠬᠥᠮ ᠦᠵᠡᠭᠦᠯᠬᠦ ᠡᠳᠦᠷ᠎ᠤᠨ ᠠᠵᠢᠯᠯᠠᠭ᠎ᠠ ᠵᠢ ᠡᠷᠭᠢᠯᠡᠳᠡᠭ᠂ ᠠᠵᠢᠯᠯᠠᠭ᠎ᠠ᠎ᠶᠢᠨ ᠲᠤᠬᠠᠢ ᠢ᠋ᠢᠨ ᠡᠳᠦᠷ ᠲᠦ᠍ᠨᠢ ᠡᠲᠡᠭᠡᠷ ᠭᠠᠷ ᠤᠷᠠᠴᠤᠳ ᠴᠥᠮ ᠲᠤᠬᠠᠢ᠎ᠶᠢᠨ ᠲᠠᠯᠠᠪᠤᠷ᠎ᠲᠤ ᠬᠦᠷᠴᠦ᠂ ᠰᠠᠭᠤᠭᠠᠯᠢ ᠠᠷᠠᠳ᠎ᠲᠤ ᠰᠦᠢᠳᠬᠡᠯ ᠬᠤᠷᠢᠶᠠᠬᠤ ᠦᠭᠡᠢ᠎ᠪᠡᠷ  ᠦᠢᠯᠡᠴᠢᠯᠡᠳᠡᠭ  ᠬᠡᠵᠦ  ᠬᠡᠯᠡᠪᠡ᠃

ᠰᠠᠭᠤᠭᠠᠯᠢ  ᠠᠷᠠᠳ  ᠪᠠᠭᠠᠲᠤᠷ ᠣᠯᠠᠨ ᠵᠢᠯ᠎ᠦᠨ ᠡᠮᠦᠨ᠎ᠡ ᠲᠡᠷᠭᠡᠨ ᠡᠨᠳᠡᠯ᠎ᠡᠴᠡ ᠪᠣᠯᠵᠤ ᠵᠡᠭᠦᠨ ᠬᠥᠯ ᠨᠢ ᠵᠡᠮᠳᠡᠭ ᠪᠣᠯᠵᠤ᠂ ᠬᠥᠳᠡᠯᠮᠦᠷᠢᠯᠡᠬᠦ  ᠴᠢᠳᠠᠪᠤᠷᠢ᠎ᠪᠠᠨ ᠠᠯᠳᠠᠵᠠᠢ᠃ ᠡᠳᠡᠭᠡᠷ ᠵᠢᠯ᠎ᠦᠳ᠎ᠲᠦ ᠲᠡᠷᠡ ᠨᠡᠢᠭᠡᠮ ᠲᠣᠭᠣᠷᠢᠭ᠋᠎ᠤᠨ ᠬᠠᠪᠰᠤᠷᠤᠯᠭ᠎ᠠ᠎ᠪᠠᠷ ᠠᠮᠢᠳᠤᠷᠠᠬᠤ ᠢᠲᠡᠭᠡᠯ᠎ᠢᠶᠡᠨ ᠲᠠᠬᠢᠨ ᠣᠯᠵᠤ᠂ ᠨᠢᠭᠡ ᠯᠡ ᠰᠡᠳᠬᠢᠯ᠎ᠢᠶᠡᠷ ᠨᠡᠢᠭᠡᠮ ᠲᠣᠭᠣᠷᠢᠭ᠋᠎ᠲᠤ ᠠᠴᠢ ᠬᠠᠷᠢᠭᠤᠯᠬᠤ᠎ᠶᠢ ᠪᠤᠳᠤᠳᠠᠭ᠃ ᠭᠡᠷ᠎ᠦᠨ ᠴᠠᠬᠢᠯᠭᠠᠨ ᠬᠡᠷᠡᠭᠰᠡᠯ ᠵᠠᠰᠠᠵᠤ ᠴᠢᠳᠠᠳᠠᠭ ᠮᠡᠷᠭᠡᠵᠢᠯ᠎ᠢᠶᠠᠷ᠎ᠢᠶᠠᠨ ᠲᠡᠷᠡ ᠪᠠᠰᠠ ᠭᠠᠷ ᠤᠷᠠᠴᠤᠳ᠎ᠤᠨ ᠰᠠᠢᠨ ᠳᠤᠷ᠎ᠠ᠎ᠶᠢᠨ ᠦᠢᠯᠡᠴᠢᠯᠡᠭᠡᠨ᠎ᠦ ᠠᠩᠭᠢ᠎ᠳᠤ ᠣᠷᠣᠯᠴᠠᠵᠤ᠂ᠨᠡᠢᠭᠡᠮ ᠲᠣᠭᠣᠷᠢᠭ᠋᠎ᠤᠨ ᠰᠠᠭᠤᠭᠠᠯᠢ ᠠᠷᠠᠳ᠎ᠲᠤ ᠦᠢᠯᠡᠴᠢᠯᠡᠪᠡ᠃ ᠡᠭᠦᠨ᠎ᠢᠶᠡᠷ ᠪᠠᠷᠠᠬᠤ ᠦᠭᠡᠢ᠂ ᠵᠡᠭᠡᠯᠢ ᠭᠤᠳᠤᠮᠵᠢ ᠨᠡᠢᠭᠡᠮ ᠲᠣᠭᠣᠷᠢᠭ᠋ ᠪᠠ ᠬᠠᠮᠢᠶ᠎ᠠ ᠪᠦᠬᠦᠢ ᠨᠢᠭᠡᠴᠢ᠎ᠶᠢᠨ ᠬᠠᠪᠰᠤᠷᠤᠯᠭ᠎ᠠ ᠳᠣᠣᠷ᠎ᠠ᠂ ᠪᠠᠭᠠᠲᠤᠷ ᠪᠠᠰᠠ ᠨᠢᠭᠡ ᠲᠠᠰᠤᠯᠭ᠎ᠠ ᠤᠨᠲᠠᠬᠤ ᠥᠷᠥᠭᠡ᠎ᠪᠡᠨ ᠰᠤᠯᠠᠯᠠᠨ ᠭᠠᠷᠭᠠᠵᠤ᠂ 《ᠬᠠᠢᠷ᠎ᠠ ᠬᠠᠯᠠᠮᠵᠢ᠎ᠶᠢᠨ ᠨᠣᠮ᠎ᠤᠨ ᠥᠷᠥᠭᠡ》 ᠡᠷᠭᠢᠯᠡᠵᠦ᠂ ᠨᠣᠮ᠎ᠤᠨ ᠵᠢᠶᠠᠰᠠᠨ ᠳᠡᠭᠡᠷᠡᠬᠢ 3000 ᠭᠠᠷᠤᠢ ᠡᠯ᠎ᠡ ᠲᠥᠷᠥᠯ᠎ᠦᠨ ᠨᠣᠮ ᠪᠢᠴᠢᠭ᠎ᠢ  ᠲᠠᠷᠢ  ᠲᠡᠭᠰᠢ ᠲᠠᠯᠪᠢᠵᠦ᠂ ᠰᠠᠭᠤᠭᠠᠯᠢ ᠠᠷᠠᠳ᠎ᠤᠨ ᠲᠣᠭᠣᠷᠢᠭ᠋᠎ᠤᠨ ᠬᠡᠦᠬᠡᠳ᠎ᠦᠳ ᠬᠡᠵᠢᠶ᠎ᠡ  ᠴᠦ᠍  ᠭᠡᠰᠡᠨ ᠦᠨ᠎ᠡ  ᠲᠥᠯᠥᠪᠦᠷᠢ ᠦᠭᠡᠢ᠎ᠪᠡᠷ ᠵᠢᠭᠡᠯᠡᠨ ᠤᠩᠰᠢᠵᠤ ᠪᠣᠯᠣᠨ᠎ᠠ᠃

《ᠪᠦᠷ ᠨᠢᠬᠡ ᠨᠡᠢᠭᠡᠮ ᠲᠣᠭᠣᠷᠢᠭ᠋᠎ᠤᠨ ᠬᠥᠮᠥᠰ ᠶᠤᠮ᠂ ᠬᠠᠷᠢᠯᠴᠠᠨ ᠬᠠᠪᠰᠤᠷᠴᠦ ᠬᠠᠷᠢᠯᠴᠠᠨ ᠬᠠᠷᠠᠭᠠᠯᠵᠠᠬᠤ  ᠨᠢ  ᠵᠦᠢᠲᠡᠢ  ᠶᠤᠮ》  ᠬᠡᠵᠦ ᠪᠠᠭᠠᠲᠤᠷ ᠳᠠᠩᠳᠠ  ᠢᠩᠭᠢᠵᠦ  ᠬᠡᠯᠡᠳᠡᠭ᠃

ᠬᠠᠢᠷᠤᠪ᠎ᠤᠨ ᠲᠣᠬᠣᠢ ᠲᠣᠭᠣᠷᠢᠭ᠋᠎ᠤᠨ ᠵᠡᠭᠦᠨ ᠲᠡᠭᠦᠷᠭᠡ᠎ᠳᠦ ᠪᠠᠢᠭ᠎ᠠ ᠬᠠᠢ ᠰᠢᠨ ᠨᠡᠢᠭᠡᠮ ᠲᠣᠭᠣᠷᠢᠭ᠋ 2013 ᠣᠨ᠎ᠳᠤ ᠪᠠᠢᠭᠤᠯᠤᠭᠳᠠᠵᠤ ᠂ 7 ᠰᠠᠭᠤᠭᠠᠯᠢ ᠠᠷᠠᠳ᠎ᠤᠨ ᠲᠣᠭᠣᠷᠢᠭ᠋᠎ᠢ ᠬᠠᠮᠢᠶᠠᠷᠴᠦ ᠂ ᠬᠢᠲᠠᠳ ᠦᠨᠳᠦᠰᠦᠲᠡᠨ᠂ ᠮᠣᠩᠭᠣᠯ ᠦᠨᠳᠦᠰᠦᠲᠡᠨ᠂ ᠮᠠᠨᠵᠤ ᠦᠨᠳᠦᠰᠦᠲᠡᠨ᠂ ᠬᠣᠲᠣᠩ ᠦᠨᠳᠦᠰᠦᠲᠡᠨ᠂ ᠰᠣᠯᠣᠩᠭᠣᠰ ᠦᠨᠳᠦᠰᠦᠲᠡᠨ᠂ ᠳᠠᠭᠤᠷ ᠦᠨᠳᠦᠰᠦᠲᠡᠨ ᠵᠡᠷᠭᠡ ᠤᠯᠠᠨ ᠦᠨᠳᠦᠰᠦᠲᠡᠨ᠎ᠦ ᠤᠯᠠᠨ ᠲᠦᠮᠡᠨ ᠨᠡᠢ᠍ᠢᠳᠡ 1.2 ᠲᠦᠮᠡᠨ ᠬᠥᠮᠥᠨ ᠲᠥᠪᠯᠡᠷᠡᠨ ᠰᠠᠭᠤᠷᠢᠰᠢᠵᠤ ᠪᠤᠢ᠃ ᠡᠨᠳᠡᠬᠢ ᠰᠠᠭᠤᠭᠠᠯᠢ ᠠᠷᠠᠳ᠎ᠤᠨ ᠣᠯᠠᠩᠬᠢ ᠨᠢ ᠨᠡᠭᠦᠷᠡᠰᠦ ᠮᠠᠯᠲᠠᠭᠰᠠᠨ᠎ᠠᠴᠠ ᠪᠤᠯᠵᠤ  ᠳᠣᠷᠣᠭ᠍ᠰᠢ ᠰᠠᠭᠤᠭᠰᠠᠨ ᠣᠷᠣᠨ᠂ ᠴᠥᠭᠥᠷᠥᠮ᠎ᠦᠨ ᠣᠷᠣᠨ᠂᠎ᠤᠰᠤᠨ᠎ᠳᠤ ᠠᠪᠲᠠᠭᠳᠠᠭᠰᠠᠨ ᠣᠷᠣᠨ᠂ ᠠᠭᠤᠷᠬᠠᠢ᠎ᠶᠢᠨ ᠣᠷᠣᠨ᠎ᠤ ᠳᠥᠭᠥᠮ ᠪᠦᠳᠦᠴᠡᠳᠦ ᠣᠷᠣᠨ ᠰᠠᠭᠤᠴᠠ ᠵᠢᠨ ᠲᠤᠭᠤᠷᠢᠭ᠎ᠠᠴᠠ ᠢᠷᠡᠵᠦ᠂ ᠣᠨᠳᠣᠣ ᠭᠠᠵᠠᠷ ᠨᠡᠭᠦᠯᠭᠡᠨ ᠲᠥᠪᠬᠢᠨᠡᠭᠦᠯᠦᠭᠰᠡᠨ ᠨᠡᠢᠲᠡᠯᠢᠭ ᠨᠡᠢᠭᠡᠮ ᠲᠣᠭᠣᠷᠢᠭ᠋ ᠪᠠᠢᠵᠤ᠂ ᠨᠠᠰᠤᠲᠠᠢᠴᠤᠳ ᠣᠯᠠᠨ ᠪᠠᠢᠬᠤ᠎ᠪᠠᠷ  ᠪᠠᠷᠠᠬᠤ  ᠦᠭᠡᠢ  ᠬᠦᠴᠢᠷᠳᠡᠯᠲᠡᠢ  ᠬᠥᠮᠥᠨ ᠠᠮᠠ ᠴᠤ᠌  ᠣᠯᠠᠨ ᠪᠠᠢᠳᠠᠭ᠃

ᠬᠠᠷᠢᠶ᠎ᠠ ᠣᠷᠣᠨ᠎ᠤ ᠬᠥᠮᠥᠨ ᠠᠮᠠ᠎ᠶᠢᠨ ᠪᠦᠲᠦᠴᠡ ᠣᠨᠴᠠᠭᠠᠶ᠂ ᠣᠯᠠᠨ ᠲᠦᠮᠡᠨ᠎ᠦ ᠪᠦᠷᠢᠯᠳᠦᠯ ᠣᠯᠠᠨ ᠡᠰᠢᠵᠢᠭᠰᠡᠨ᠂ ᠵᠠᠰᠠᠯᠲᠠ᠎ᠶᠢᠨ ᠡᠭᠦᠷᠭᠡ ᠬᠦᠨᠳᠦ ᠪᠠᠢᠬᠤ ᠪᠣᠳᠠᠲᠤ ᠪᠠᠢᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠬᠠᠢ ᠰᠢᠨ ᠨᠡᠢᠭᠡᠮ ᠲᠣᠭᠣᠷᠢᠭ᠋ ᠨᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭᠠᠵᠤ᠂ 《ᠠᠨᠠᠷ᠎ᠤᠨ ᠴᠡᠴᠡᠭᠡᠰ ᠳᠡᠯᠭᠡᠷᠡᠵᠦ᠂ ᠠᠨᠠᠷ ᠤ᠋ᠨ ᠦᠷ᠎ᠠ ᠰᠢᠭ ᠰᠡᠳᠬᠢᠯ ᠨᠢᠭᠡᠳᠦᠨᠡᠮ》 ᠭᠡᠭᠦ ᠥᠪᠡᠷᠮᠢᠴᠡ ᠣᠨᠴᠠᠯᠢᠭ᠋᠎ᠲᠠᠢ ᠲᠥᠷᠥᠯ ᠲᠡᠮᠳᠡᠭ᠎ᠢ ᠴᠣᠭᠴᠠᠯᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠥᠷᠭᠡᠨ ᠳᠡᠯᠭᠡᠷ ᠶᠠᠪᠤᠯᠴᠠᠭ᠎ᠠ᠂ ᠪᠥᠬᠥ ᠲᠠᠯ᠎ᠠ᠎ᠶᠢᠨ ᠰᠣᠯᠢᠯᠴᠠᠭ᠎ᠠ᠂ ᠭᠦᠨᠵᠡᠭᠡᠢ ᠠᠭᠤᠰᠤᠯᠴᠠᠯ᠎ᠢ ᠠᠬᠢᠭᠤᠯᠪᠠ᠃ ᠤᠨᠴᠠᠭᠠᠢᠯᠠᠨ᠂ ᠬᠠᠢ ᠰᠢᠨ ᠨᠡᠢᠭᠡᠮ ᠲᠣᠭᠣᠷᠢᠭ᠋ ᠨᠢ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠨᠡᠢᠭᠡᠮ ᠲᠣᠭᠣᠷᠢᠭ᠋᠎ᠤᠨ ᠪᠦᠲᠦᠭᠡᠨ ᠪᠠᠢᠭᠤᠯᠤᠯᠲᠠ᠂ ᠦᠨᠳᠦᠰᠦᠨ ᠱᠠᠲᠤᠨ᠎ᠤ ᠵᠠᠰᠠᠯᠲᠠ᠎ᠳᠤ ᠣᠷᠣᠯᠴᠠᠬᠤ ᠢᠳᠡᠪᠬᠢᠵᠢᠯ᠎ᠢ ᠭᠦᠢᠴᠡᠳ ᠳᠠᠶ᠋ᠢᠴᠢᠯᠠᠵᠤ ᠂ ᠭᠠᠷ ᠤᠷᠠᠴᠤᠳ᠎ᠤᠨ ᠰᠠᠢᠨ ᠳᠤᠷ᠎ᠠ᠎ᠶᠢᠨ ᠦᠢᠯᠡᠴᠢᠯᠡᠭᠡᠨ᠎ᠦ ᠠᠩᠭᠢ᠂ ᠪᠤᠭᠤᠷᠤᠯᠴᠤᠳ ᠤ᠋ᠨ ᠤᠬᠠᠭᠤᠯᠤᠨ ᠲᠠᠢᠯᠪᠤᠷᠢᠯᠠᠬᠤ ᠪᠦᠯᠬᠦᠮ᠂ 《ᠡᠵᠢ》 ᠬᠠᠪᠰᠤᠷᠤᠨ ᠲᠤᠰᠠᠯᠠᠬᠤ ᠪᠦᠯᠬᠦᠮ ᠵᠡᠷᠭᠡ 25 ᠰᠠᠯᠠᠭ᠎ᠠ ᠨᠡᠢᠭᠡᠮ᠎ᠦᠨ ᠵᠣᠬᠢᠶᠠᠨ ᠪᠠᠢᠭᠤᠯᠤᠯᠲᠠ ᠪᠠ ᠰᠠᠢᠨ ᠳᠤᠷ᠎ᠠ᠎ᠶᠢᠨ ᠦᠢᠯᠡᠴᠢᠯᠡᠭᠡᠨ᠎ᠦ ᠡᠩᠨᠡᠭᠡ᠎ᠶᠢ ᠨᠢᠮᠪᠠᠢ ᠬᠥᠮᠥᠵᠢᠭᠦᠯᠦᠨ ᠪᠣᠢᠵᠢᠭᠤᠯᠵᠤ᠂ ᠦᠨᠳᠦᠰᠦᠲᠡᠨ᠎ᠨᠦᠭᠦᠳ᠎ᠦᠨ ᠰᠠᠢᠨ ᠳᠤᠷ᠎ᠠ᠎ᠶᠢᠨ ᠦᠢᠯᠡᠴᠢᠯᠡᠭᠡᠨ᠎ᠦ ᠬᠦᠴᠦᠨ᠎ᠢ ᠨᠢᠭ᠍ᠲᠠᠷᠠᠭᠤᠯᠵᠤ᠂ ᠨᠠᠰᠤᠲᠠᠢᠴᠤᠳ᠎ᠢ ᠬᠦᠨᠳᠦᠯᠡᠵᠦ ᠵᠡᠮᠳᠡᠭᠴᠦᠳ᠎ᠢ ᠲᠤᠰᠠᠯᠠᠬᠤ᠂ ᠠᠷᠠᠳ᠎ᠲᠤ ᠲᠥᠬᠥᠮ ᠦᠵᠡᠭᠦᠯᠵᠦ ᠰᠡᠯᠪᠢᠨ ᠵᠠᠰᠠᠬᠤ᠂ ᠬᠥᠷᠰᠢ ᠵᠡᠷᠭᠡᠯᠡᠳᠡᠭᠡ᠎ᠪᠡᠷ᠎ᠢᠶᠡᠨ ᠬᠠᠪᠰᠤᠷᠤᠨ ᠲᠡᠳᠬᠦᠬᠦ᠂ ᠲᠥᠷᠥ᠎ᠶᠢᠨ ᠪᠣᠳᠣᠯᠭ᠎ᠠ᠎ᠶᠢ ᠤᠬᠠᠭᠤᠯᠤᠨ ᠲᠠᠢᠯᠪᠤᠷᠢᠯᠠᠬᠤ ᠵᠡᠷᠭᠡ ᠰᠠᠢᠨ ᠳᠤᠷ᠎ᠠ᠎ᠶᠢᠨ ᠥᠪᠡᠷᠮᠢᠴᠡ ᠦᠢᠯᠡᠴᠢᠯᠡᠭᠡ᠎ᠶᠢ ᠵᠢᠯ ᠳᠤᠮᠳᠠᠴᠢ᠎ᠪᠠᠷ 500 ᠭᠠᠷᠤᠢ ᠤᠳᠠᠭ᠎ᠠ ᠥᠷᠨᠢᠭᠦᠯᠵᠦ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠣᠯᠠᠨ ᠡᠰᠢᠵᠢᠭᠰᠡᠨ᠂ ᠥᠪᠡᠷᠮᠢᠴᠡ ᠬᠡᠷᠡᠭᠴᠡᠭᠡ ᠱᠠᠭᠠᠷᠳᠠᠯᠭ᠎ᠠ᠎ᠲᠠᠢ ᠣᠨᠣᠴᠠᠲᠠᠶ  ᠵᠣᠯᠭᠠᠭᠤᠯᠪᠠ᠃

ᠪᠤᠭᠤᠷᠤᠯᠴᠤᠳ ᠤ᠋ᠨ ᠤᠬᠠᠭᠤᠯᠤᠨ ᠲᠠᠢᠯᠪᠤᠷᠢᠯᠠᠬᠤ ᠪᠦᠯᠬᠦᠮ ᠨᠢ ᠨᠡᠢᠭᠡᠮ ᠲᠣᠭᠣᠷᠢᠭ᠋᠎ᠤᠨ ᠠᠬᠠᠮᠠᠳ ᠨᠠᠮ᠎ᠤᠨ ᠭᠡᠰᠢᠭᠦᠨ᠂ ᠠᠬᠠᠮᠠᠳ ᠪᠠᠭ᠍ᠰᠢ᠎ᠪᠠᠷ ᠪᠦᠷᠢᠯᠳᠦᠵᠦ᠂ ᠡᠩ᠎ᠦᠨ ᠦᠶ᠎ᠡ᠎ᠳᠦ ᠲᠡᠳᠡ  ᠠᠭᠤᠳᠠᠮ ᠲᠠᠯᠠᠪᠠᠢ ᠪᠣᠯᠣᠨ ᠰᠠᠭᠤᠭᠠᠯᠢ ᠠᠷᠠᠳ᠎ᠤᠨ ᠭᠡᠷ᠎ᠲᠦ ᠬᠦᠷᠴᠦ᠂ ᠨᠤᠲᠤᠭ᠎ᠤᠨ ᠠᠶᠠᠯᠭᠤ ᠨᠤᠲᠤᠭ᠎ᠤᠨ ᠦᠭᠡ᠎ᠪᠡᠷ ᠨᠠᠮ᠎ᠤᠨ ᠲᠦᠷᠦ᠎ᠶᠢᠨ ᠪᠣᠳᠣᠯᠭ᠎ᠠ᠎ᠶᠢ ᠤᠬᠠᠭᠤᠯᠤᠨ ᠲᠠᠢᠯᠪᠤᠷᠢᠯᠠᠵᠤ᠂ ᠦᠨᠳᠦᠰᠦᠲᠡᠨ᠎ᠦ ᠪᠦᠯᠬᠦᠮᠳᠡᠯ᠎ᠦᠨ ᠦᠯᠢᠬᠡᠷ ᠪᠣᠯᠣᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠠᠭᠤᠯᠭ᠎ᠠ᠎ᠶᠢ ᠲᠠᠢᠯᠪᠤᠷᠢᠯᠠᠪᠠ ᠃

《ᠨᠡᠢᠭᠡᠮ ᠲᠣᠭᠣᠷᠢᠭ᠋᠂ ᠰᠤᠷᠭᠠᠭᠤᠯᠢ᠂ ᠲᠠᠷᠢᠶᠠᠯᠠᠬᠤ ᠣᠷᠣᠨ᠂ ᠬᠠᠮᠢᠭ᠎ᠠ ᠲᠠᠢᠯᠪᠤᠷᠢᠯᠠᠬᠤ ᠴᠢᠬᠤᠯᠠᠲᠠᠢ ᠪᠣᠯ ᠪᠢᠳᠡ ᠲᠡᠨᠳᠡ ᠣᠴᠢᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠮᠥᠷᠥ ᠵᠡᠷᠭᠡᠴᠡᠨ ᠲᠡᠮᠡᠴᠡᠵᠦ ᠦᠬᠠᠢ᠎ᠶᠢ ᠪᠦᠲᠦᠭᠡᠨ ᠪᠠᠢᠭᠤᠯᠤᠭᠰᠠᠨ ᠥᠯᠢᠭᠡᠷ᠂ ᠨᠡᠢᠭᠡᠮ ᠲᠣᠭᠣᠷᠢᠭ᠋᠎ᠤᠨ ᠣᠯᠠᠨ ᠲᠦᠮᠡᠨ᠎ᠤ ᠵᠣᠯ ᠵᠢᠷᠭᠠᠯᠲᠤ ᠠᠮᠢᠳᠤᠷᠠᠯ᠎ᠤᠨ ᠥᠯᠢᠭᠡᠷ᠎ᠢ ᠪᠢᠳᠡ ᠪᠦᠷ ᠶᠠᠷᠢᠵᠤ ᠴᠢᠳᠠᠨ᠎ᠠ》 ᠭᠡᠵᠦ ᠪᠤᠭᠤᠷᠤᠯᠴᠤᠳ ᠤ᠋ᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠳᠠᠷᠤᠭ᠎ᠠ ᠰᠢᠶᠣᠣ ᠲᠢᠩ ᠰᠢ ᠬᠡᠯᠡᠨ᠎ᠡ᠃ ᠡᠭᠦᠨ᠎ᠢᠶᠡᠷ ᠪᠠᠷᠠᠬᠤ ᠦᠭᠡᠢ᠂ ᠨᠠᠰᠤᠲᠠᠢᠴᠤᠳ ᠪᠠᠰᠠ ᠦᠨᠳᠦᠰᠦᠲᠡᠨ᠎ᠦ ᠪᠦᠯᠬᠦᠮᠳᠡᠯ᠎ᠦᠨ ᠠᠭᠤᠯᠭ᠎ᠠ᠎ᠶᠢ ᠤᠷᠠᠨ ᠰᠠᠢᠬᠠᠨ᠎ᠤ ᠲᠣᠭᠯᠠᠯᠲᠠ᠎ᠳᠤ ᠨᠠᠢᠷᠠᠭᠤᠯᠤᠨ ᠣᠷᠣᠭᠤᠯᠵᠤ᠂ ᠰᠢᠯᠦᠭ ᠤᠶᠠᠩᠭᠠᠯᠠᠨ᠂ ᠵᠦᠴᠦᠭᠡ ᠲᠣᠭᠯᠠᠵᠤ᠂ ᠴᠠᠷᠭᠢᠯ ᠬᠣᠯᠪᠣᠭ᠎ᠠ ᠶᠠᠷᠢᠵᠤ᠂ ᠲᠠᠢᠰᠠᠨ ᠳᠡᠭᠡᠷ᠎ᠡ  ᠬᠥᠷ   ᠬᠥᠭᠵᠢᠶᠡᠨ᠎ᠲᠠᠢ  ᠲᠣᠭᠯᠠᠵᠤ᠂ ᠲᠠᠢᠰᠠᠨ ᠳᠣᠣᠷ᠎ᠠ ᠰᠡᠳᠬᠢᠯ ᠲᠠᠯᠪᠢᠨ ᠰᠣᠨᠣᠰᠴᠤ᠂ ᠦᠨᠳᠦᠰᠦᠲᠡᠨ᠎ᠦ ᠪᠦᠯᠬᠦᠮᠳᠡᠯ᠎ᠦᠨ ᠦᠷ᠎ᠡ ᠶᠠᠭ ᠢᠩᠭᠢᠵᠦ ᠤᠯᠠᠨ ᠲᠦᠮᠡᠨ᠎ᠦ ᠰᠡᠳᠬᠢᠯ᠎ᠳᠦ  ᠰᠣᠶᠣᠭᠠᠯᠠᠬᠰᠠᠨ  ᠪᠠᠢᠨ᠎ᠠ᠃

《ᠡᠵᠢ》 ᠬᠠᠪᠰᠤᠷᠤᠨ ᠲᠤᠰᠠᠯᠠᠬᠤ ᠪᠦᠯᠬᠦᠮ ᠪᠣᠯ ᠡᠯ᠎ᠡ ᠦᠨᠳᠦᠰᠦᠲᠡᠨ᠎ᠦ ᠡᠮᠡᠭᠲᠡᠢᠴᠦᠳ᠎ᠢᠶᠡᠷ ᠪᠦᠷᠢᠯᠳᠦᠭᠰᠡᠨ ᠨᠢᠭᠡᠨ ᠬᠠᠯᠠᠭᠤᠨ ᠰᠡᠳᠬᠢᠯᠲᠦ ᠡᠩᠨᠡᠭᠡ ᠪᠣᠯᠣᠨ᠎ᠠ᠂ ᠠᠯᠢ ᠭᠡᠷ᠎ᠦᠨ ᠨᠠᠰᠤᠲᠠᠨ ᠨᠢ ᠬᠥᠳᠡᠯᠵᠦ ᠪᠠᠷᠢᠬᠤ᠎ᠳᠤ ᠳᠥᠭᠥᠮ ᠦᠭᠡᠢ ᠬᠣᠭᠣᠯᠠ ᠬᠢᠵᠦ ᠬᠠᠷᠠᠭᠠᠯᠵᠠᠬᠤ ᠴᠢᠬᠤᠯᠠ ᠲᠠᠢ᠂ ᠠᠯᠢ ᠭᠡᠷ᠎ᠦᠨ ᠬᠡᠦᠬᠡᠳ ᠨᠢ ᠰᠤᠷᠭᠠᠭᠤᠯᠢ ᠲᠠᠷᠬᠠᠪᠠᠯ ᠲᠣᠰᠴᠤ ᠬᠦᠷᠭᠡᠬᠦ ᠬᠥᠮᠥᠨ ᠦᠭᠡᠢ᠂ ᠠᠯᠢ ᠭᠡᠷ ᠨᠢ ᠬᠦᠴᠢᠷ ᠲᠣᠬᠢᠶᠠᠯᠳᠤᠵᠦ ᠬᠠᠪᠰᠤᠷᠬᠤ ᠴᠢᠬᠤᠯᠠᠲᠠᠢ  ᠪᠤᠯ ᠲᠡᠳᠡ ᠶᠡᠷᠦ ᠨᠢ ᠬᠠᠮᠤᠭ᠎ᠦᠨ ᠲᠡᠷᠢᠬᠦᠨ ᠳ᠋ᠤ ᠬᠠᠪᠰᠤᠷᠤᠮᠵᠢ ᠦᠵᠡᠬᠦᠯᠦᠨ᠎ᠠ᠃ 《 ᠡᠮ ᠲᠠᠩ ᠣᠷᠣᠯᠠᠨ ᠬᠤᠳᠠᠯᠳᠤᠨ ᠠᠪᠴᠤ ᠥᠭᠬᠦ᠂ ᠬᠥᠷᠰᠢ ᠵᠡᠷᠭᠡᠯᠡᠳᠡᠭᠡ᠎ᠶᠢᠨ ᠪᠠᠭ᠎ᠠ ᠵᠥᠷᠢᠴᠡᠯ᠎ᠢ ᠡᠶᠡᠳᠡᠭᠦᠯᠬᠦ᠂ ᠤᠷᠴᠢᠨ ᠲᠤᠭᠤᠷᠢᠨ᠎ᠢ ᠴᠡᠪᠡᠷᠯᠡᠬᠦ ᠁  ᠡᠳᠡᠭᠡᠷ᠎ᠢ ᠦᠵᠡᠬᠦ᠎ᠳᠦ ᠶᠠᠯᠢᠮ ᠦᠭᠡᠢ ᠪᠠᠭ᠎ᠠ ᠶᠠᠪᠤᠳᠠᠯ ᠨᠢ ᠬᠥᠷᠰᠢ ᠵᠡᠷᠭᠡᠯᠡᠳᠡᠭᠡ᠎ᠶᠢᠨ ᠰᠡᠳᠬᠢᠯ᠎ᠢ ᠤᠯᠠᠮ ᠣᠢᠷᠠᠲᠤᠭᠤᠯᠤᠨ᠎ᠠ》 ᠭᠡᠵᠦ ᠸᠠᠩ ᠢᠦᠢ ᠵᠢᠩ ᠬᠡᠯᠡᠪᠡ᠃

《ᠬᠡᠨ ᠳ᠋ᠤ᠎ᠬᠦᠴᠢᠷ ᠲᠤᠬᠢᠶᠠᠯᠳᠤᠬᠤ ᠦᠭᠡᠢ ᠪᠤᠢ? ᠪᠢᠳᠡ ᠪᠦᠷ ᠨᠢᠭᠡ ᠨᠡᠢᠭᠡᠮ ᠲᠣᠭᠣᠷᠢᠭ᠋᠎ᠲᠤ ᠰᠠᠭᠤᠵᠤ ᠪᠠᠢᠬᠤ ᠴᠢᠨᠢ ᠨᠢᠭᠡ ᠭᠡᠷ᠎ᠦᠨ ᠬᠥᠮᠥᠨ ᠲᠠᠢ ᠠᠳᠠᠯᠢᠬᠠᠨ᠂ ᠴᠢᠳᠠᠬᠤ ᠵᠢᠨ ᠲᠤᠳᠤᠷ᠎ᠠ ᠬᠠᠪᠰᠤᠷᠪᠠᠯ ᠦᠪᠡᠷ ᠵᠢᠡᠨ ᠪᠠᠰᠠ ᠰᠡᠳᠬᠢᠯ ᠪᠠᠶᠠᠰᠤᠨ᠎ᠠ》 ᠭᠡᠵᠦ ᠡᠵᠢ ᠬᠠᠪᠰᠤᠷᠤᠨ ᠲᠤᠰᠠᠯᠠᠬᠤ ᠪᠦᠯᠬᠦᠮ᠎ᠦᠨ ᠪᠦᠷᠢᠯᠳᠦᠭᠦᠨ ᠸᠠᠩ ᠢ ᠧ ᠬᠡᠯᠡᠪᠡ᠃ ᠶᠠᠭ ᠡᠨᠡ ᠬᠦ᠌ ᠰᠡᠳᠬᠢᠯ ᠳᠤᠯᠠᠭᠠᠴᠠᠭᠤᠯᠤᠮ᠎ᠠ ᠠᠵᠢᠯᠯᠠᠭ᠎ᠠ ᠨᠢ ᠬᠠᠢ ᠰᠢᠨ ᠨᠡᠢᠭᠡᠮ ᠲᠣᠭᠣᠷᠢᠭ᠋᠎ᠤᠨ ᠦᠨᠳᠦᠰᠦᠲᠡᠨ᠎ᠨᠦᠭᠦᠳ᠎ᠦᠨ ᠰᠠᠭᠤᠭᠠᠯᠢ ᠠᠷᠠᠳ᠎ᠢ ᠡᠳᠦᠷ ᠳᠤᠳᠤᠮ᠎ᠤᠨ ᠠᠮᠢᠳᠤᠷᠠᠯ ᠳᠤᠮᠳᠠ ᠤᠯᠠᠮ ᠣᠢᠷᠠᠲᠤᠭᠤᠯᠵᠤ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠲᠤᠰᠠᠯᠠᠬᠤ ᠳᠤᠮᠳᠠ《ᠨᠢᠭᠡ ᠭᠡᠷ᠎ᠦᠨ ᠬᠥᠮᠥᠨ ᠮᠡᠲᠦ ᠳᠣᠲᠣᠨᠣ᠌》 ᠪᠠᠢᠬᠤ᠎ᠶᠢ ᠦᠨᠡᠨ ᠪᠣᠳᠠᠲᠠᠢ ᠮᠡᠳᠡᠷᠡᠭᠦᠯᠵᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面