2022-02-14 10:57:39
ᠴᠠᠭᠠᠨ ᠰᠠᠷ᠎ᠠ᠎ᠶ᠋ᠢᠨ ᠤᠷᠢᠳ ᠬᠣᠵᠢᠳ᠎ᠢᠶᠠᠷ᠂ ᠬᠡᠷ ᠪᠠᠢᠱᠢᠩ᠎ᠤᠨ ᠵᠠᠬ᠎ᠠ ᠳᠡᠯᠭᠡᠭᠦᠷ᠎ᠦᠨ ᠳᠤᠬᠠᠢ ᠰᠠᠢᠨ ᠴᠢᠮᠡᠭᠡ ᠬᠣᠢᠨ᠎ᠠ ᠬᠣᠢᠨ᠎ᠠ᠎ᠠᠴᠠ᠎ᠪᠠᠨ ᠦᠷᠭᠦᠯᠵᠢᠯᠡᠵᠦ᠍ ᠂ ᠤᠷᠢᠳ᠎ᠢᠶᠠᠷ 12 ᠰᠠᠷᠠᠳ᠋ᠦ ᠬᠡᠷ ᠪᠠᠢᠱᠢᠩ᠎ᠤᠨ ᠦᠨ᠎ᠡ ᠬᠠᠩᠰᠢ ᠪᠠᠭᠤᠷᠠᠵᠤ᠂ ᠳᠠᠷᠠᠭ᠎ᠠ ᠨᠢ ᠤᠯᠤᠰ᠎ᠠᠴᠠ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ ᠬᠡᠷ ᠪᠠᠢᠱᠢᠩ ᠬᠤᠳᠠᠯᠳᠤᠨ ᠠᠪᠬᠤ᠎ᠶ᠋ᠢ ᠵᠣᠷᠢᠭ᠍ᠵᠢᠭᠤᠯᠵᠤ᠂ ᠵᠠᠯᠭᠠᠭᠠᠳ ᠣᠯᠠᠨ ᠬᠣᠲᠠ᠎ᠶ᠋ᠢᠨ ᠬᠢᠨ ᠬᠡᠷ ᠪᠠᠢᠱᠢᠩ ᠬᠤᠳᠠᠯᠳᠤᠨ ᠠᠪᠬᠤ᠎ᠳᠤ ᠨᠥᠬᠥᠪᠥᠷᠢ ᠥᠭ᠌ᠬᠦ ᠲᠥᠷᠥ᠎ᠶ᠋ᠢᠨ ᠪᠣᠳᠣᠯᠭ᠎ᠠ ᠨᠡᠢᠳᠡᠯᠡᠭᠰᠡᠨ ᠵᠡᠷᠭᠡ ᠨᠢ ᠴᠥᠮ《ᠬᠣᠲᠠ᠎ᠶ᠋ᠢ ᠠᠪᠤᠷᠬᠠᠸ᠋》ᠠᠵᠢᠯᠯᠠᠭ᠎ᠠ ᠪᠣᠯᠤᠨ᠎ᠠ᠂ ᠲᠥᠷᠥ᠎ᠶ᠋ᠢᠨ ᠪᠣᠳᠣᠯᠭ᠎ᠠ᠎ᠶ᠋ᠢᠨ ᠬᠠᠯᠠᠭᠤᠨ ᠰᠠᠯᠬᠢ ᠲᠠᠰᠤᠷᠠᠯᠲᠠ ᠥᠬᠡᠶ ᠭᠠᠷᠴᠤ᠌᠂ ᠬᠡᠷ ᠪᠠᠢᠱᠢᠩ ᠬᠤᠳᠠᠯᠳᠤᠨ ᠠᠪᠬᠤ᠎ᠶ᠋ᠢ ᠠᠬᠢᠭᠤᠯᠬᠤ ᠲᠥᠷᠥ᠎ᠶ᠋ᠢᠨ ᠪᠣᠳᠣᠯᠭ᠎ᠠ ᠤᠳᠠᠭ᠎ᠠ ᠲᠠᠷᠠᠭᠠᠯᠠᠨ ᠭᠠᠷᠴᠦ ᠪᠤᠢ᠃ ᠲᠡᠭᠡᠪᠡᠯ᠂ 2022 ᠣᠨ᠎ᠳᠤ ᠬᠡᠷ ᠪᠠᠢᠱᠢᠩ᠎ᠤᠨ ᠵᠠᠬ᠎ᠠ ᠳᠡᠯᠭᠡᠭᠦᠷ ᠴᠤᠬᠤᠮ ᠶᠠᠮᠠᠷ ᠪᠤᠯᠬᠤ᠂ ᠥᠰᠭᠦ ᠶᠤᠮ ᠦᠦ᠂ ᠪᠠᠭᠤᠷᠠᠬᠤ ᠶᠤᠮ ᠦᠦ ᠭᠡᠳᠡᠭ᠎ᠢ ᠦᠨᠡᠨ᠎ᠳᠡᠭᠡᠨ ᠴᠢᠬᠤᠯᠠ ᠬᠤᠷᠠᠯ ᠳᠡᠭᠡᠷ᠎ᠡ ᠢᠩᠭᠢᠵᠦ᠍ ᠬᠡᠯᠡᠭ᠌ᠰᠡᠨ ᠶᠤᠮ᠃

1 ᠰᠠᠷ᠎ᠠ᠎ᠶ᠋ᠢᠨ 20 ᠤ᠋ ᠡᠳᠦᠷ᠂ 2022 ᠣᠨ᠎ᠤ ᠠᠵᠤ ᠠᠬᠤᠶ᠎ᠶ᠋ᠢᠨ ᠦᠨᠳᠦᠰᠦᠨ ᠬᠥᠭ ᠠᠶᠠᠰᠲᠤ ᠴᠢᠭ᠌ᠯᠡᠭᠦᠯᠦᠨ᠂ ᠠᠯᠪᠠᠨ᠎ᠤ ᠲᠠᠯ᠎ᠠ᠎ᠠᠴᠠ 《2022 ᠣᠨ᠎ᠳᠤ᠂ ᠬᠡᠷ ᠪᠠᠢᠱᠢᠩ᠎ᠤᠨ ᠵᠠᠬ᠎ᠠ ᠳᠡᠯᠭᠡᠭᠦᠷ᠎ᠢ ᠡᠷᠬᠡᠪᠰᠢ ᠲᠣᠭ᠍ᠲᠠᠪᠤᠷᠢᠵᠢᠭᠤᠯᠬᠤ ᠬᠡᠷᠡᠭ᠌ᠲᠡᠶ!》 ᠭᠡᠵᠤ ᠵᠠᠷᠯᠠᠪᠠ᠃
ᠡᠬᠦᠨ᠎ᠳᠦ᠂ 《ᠵᠢᠷᠭᠤᠭ᠎ᠠ᠎ᠶ᠋ᠢ ᠲᠣᠭ᠍ᠲᠠᠪᠤᠷᠢᠵᠢᠭᠤᠯᠬᠤ》᠂ 《ᠵᠢᠷᠭᠤᠭ᠎ᠠ᠎ᠶ᠋ᠢ ᠪᠠᠲᠤᠯᠠᠬᠤ》 ᠠᠵᠢᠯ᠎ᠢ ᠦᠷᠭᠦᠯᠵᠢᠯᠡᠨ ᠰᠠᠢᠲᠤᠷ ᠬᠢᠵᠦ᠍᠂ ᠥᠭᠡᠷᠡᠴᠢᠯᠡᠯᠲᠡ ᠨᠡᠭᠡᠭᠡᠯᠲᠡ᠎ᠶ᠋ᠢ ᠭᠦᠨᠵᠡᠭᠡᠢᠷᠡᠭᠦᠯᠦᠨ ᠂ ᠦᠶᠡᠯᠡᠯ ᠠᠯᠤᠰᠯᠠᠨ ᠲᠣᠬᠢᠷᠠᠭᠤᠯᠬᠤ᠎ᠶ᠋ᠢ ᠴᠢᠩᠭᠠᠳᠭᠠᠵᠤ ᠂ ᠬᠣᠷᠸ᠎ᠠ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠬᠦ᠌ ᠡᠷᠴᠢᠮ᠎ᠢᠶᠡᠨ ᠢᠯᠡᠳᠲᠡ ᠴᠢᠩᠭᠠᠷᠠᠭᠤᠯᠤᠨ᠂ ᠪᠦᠲᠦᠮᠵᠢᠲᠡᠶ ᠬᠡᠷᠡᠭ᠌ᠴᠡᠭᠡ᠎ᠶ᠋ᠢ ᠬᠥᠭ᠌ᠵᠢᠭᠡᠬᠦ᠌᠂ ᠬᠠᠩᠭᠠᠯᠭ᠎ᠠ᠎ᠶ᠋ᠢ ᠪᠠᠲᠤᠯᠠᠬᠤ᠂ ᠵᠠᠬ᠎ᠠ ᠳᠡᠯᠭᠡᠭᠦᠷ᠎ᠦᠨ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ᠎ᠳᠤ ᠠᠱᠢᠭ᠍ᠲᠠᠶ ᠨᠠᠩ ᠣᠯᠠᠨ ᠪᠣᠳᠠᠲᠠᠶ ᠠᠷᠭ᠎ᠠ ᠪᠤᠳᠤᠯᠭ᠎ᠠ ᠭᠠᠷᠭᠠᠵᠤ᠂ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠶ ᠲᠥᠯᠥᠪᠯᠡᠨ᠂ ᠠᠶᠤᠯ ᠲᠦᠭ᠌ᠰᠢᠭᠦᠷᠢ᠎ᠶ᠋ᠢ ᠪᠦᠲᠦᠮᠵᠢᠲᠡᠶ ᠰᠡᠷᠭᠡᠢᠯᠡᠨ ᠠᠷᠢᠯᠭᠠᠵᠤ ᠂ ᠬᠣᠷᠸ᠎ᠠ ᠠᠵᠤ ᠠᠬᠤᠶ᠎ᠶ᠋ᠢᠨ ᠶᠡᠬᠡ ᠲᠠᠯ᠎ᠠ᠎ᠶ᠋ᠢ ᠬᠦᠴᠦᠯᠡᠨ ᠲᠣᠭ᠍ᠲᠠᠪᠤᠷᠢᠵᠢᠭᠤᠯᠵᠤ᠂ ᠨᠡᠯᠢᠶᠡᠳ ᠭᠦᠶ᠋ᠴᠡᠳ ᠠᠵᠢᠯ ᠣᠯᠭᠣᠯᠲᠠ᠎ᠶ᠋ᠢ ᠪᠡᠶᠡᠯᠡᠭᠦᠯᠦᠨ᠂ ᠠᠵᠤ ᠠᠬᠤᠶ᠎ᠶ᠋ᠢᠨ ᠠᠵᠢᠯᠯᠠᠭ᠎ᠠ᠎ᠨᠢ ᠵᠦᠶ ᠵᠣᠬᠢᠰᠲᠠᠶ ᠬᠡᠪᠴᠢᠶᠡᠨ᠎ᠳᠦ ᠪᠠᠢᠯᠭᠠᠬᠤ᠎ᠶ᠋ᠢ ᠪᠠᠲᠤᠯᠠᠨ᠎ᠠ ᠭᠡᠵᠡᠢ᠃
ᠮᠥᠨ ᠡᠳᠦᠷ᠎ᠲᠦ ᠪᠦᠬᠦ᠌ ᠤᠯᠤᠰ᠎ᠤᠨ ᠣᠷᠣᠨ ᠰᠠᠭᠤᠴᠠ ᠪᠣᠯᠤᠨ ᠬᠣᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠠᠵᠢᠯ᠎ᠤᠨ ᠬᠤᠷᠠᠯᠳᠤᠭᠠᠨ》 ᠤ᠋ ᠰᠣᠨᠢᠨ ᠮᠡᠳᠡᠭᠡᠨ᠎ᠳᠦ ᠭᠡᠷ ᠪᠠᠢᠰᠢᠩ᠎ᠤᠨ ᠵᠠᠬ᠎ᠠ ᠲᠡᠯᠭᠡᠬᠦᠷ᠎ᠤᠨ ᠲᠤᠬᠠᠢ ᠡᠢᠨ ᠬᠦ᠌ ᠨᠡᠢᠲᠡᠯᠡᠵᠡᠶ᠄
1᠂ ᠰᠠᠭᠤᠭᠠᠯᠢ ᠠᠷᠠᠳ᠎ᠤᠨ ᠣᠷᠣᠨ ᠰᠠᠭᠤᠴᠠ᠎ᠶ᠋ᠢᠨ ᠬᠡᠷᠡᠭ᠌ᠴᠡᠭᠡ᠂ ᠱᠢᠨ᠎ᠡ ᠬᠡᠯᠪᠡᠷᠢ᠎ᠶ᠋ᠢᠨ ᠬᠣᠲᠠ᠎ᠶ᠋ᠢᠨ ᠰᠠᠭᠤᠷᠢ ᠪᠡᠯᠡᠳᠭᠡᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠪᠡᠯᠡ ᠣᠷᠣᠭᠤᠯᠤᠯᠲᠠ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢᠨ ᠳᠠᠯᠳᠠ ᠬᠦᠴᠦᠨ᠎ᠢ ᠭᠦᠢᠴᠡᠳ ᠪᠠᠳᠠᠷᠠᠭᠤᠯᠵᠤ᠂ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌᠂ ᠠᠷᠭ᠎ᠠ ᠮᠠᠶᠢᠭ᠎ᠢ ᠬᠤᠪᠢᠷᠠᠭᠤᠯᠬᠤ᠂ ᠪᠦᠲᠦᠴᠡ᠎ᠶ᠋ᠢ ᠲᠣᠬᠢᠷᠠᠭᠤᠯᠬᠤ᠎ᠶ᠋ᠢ ᠵᠡᠷᠭᠡ᠎ᠪᠡᠷ ᠠᠬᠢᠭᠤᠯᠵᠤ᠂ ᠠᠵᠤ ᠠᠬᠤᠶ᠎ᠶ᠋ᠢᠨ ᠶᠠᠰᠤ ᠴᠢᠨᠠᠷ᠎ᠢ ᠲᠣᠭ᠍ᠲᠠᠭᠤᠨ᠎ᠢᠶᠠᠷ ᠳᠡᠭᠡᠭ᠌ᠰᠢᠯᠡᠭᠦᠯᠬᠦ᠌ ᠪᠠ ᠲᠣᠭ᠎ᠠ ᠬᠡᠮᠵᠢᠶ᠎ᠡ᠎ᠶ᠋ᠢᠨ ᠵᠦᠢ ᠵᠣᠬᠢᠰᠲᠠᠶ ᠨᠡᠮᠡᠭ᠌ᠳᠡᠬᠦ᠌᠎ᠶ᠋ᠢ ᠠᠬᠢᠭᠤᠯᠤᠨ᠎ᠠ᠃
2᠂ ᠣᠨᠴᠠ ᠵᠠᠷᠢᠮ ᠲᠦᠷᠦᠭᠦᠦ ᠬᠡᠰᠡᠭ᠎ᠦᠨ ᠭᠡᠷ ᠪᠠᠢᠱᠢᠩ ᠭᠠᠵᠠᠷ ᠬᠥᠷᠥᠩᠭᠡ᠎ᠶ᠋ᠢᠨ ᠠᠵᠤ ᠠᠬᠤᠢᠯᠠᠯ᠎ᠤᠨ ᠭᠡᠷ ᠪᠠᠢᠱᠢᠩ ᠭᠠᠵᠠᠷ ᠬᠥᠷᠥᠩᠭᠡ᠎ᠶ᠋ᠢᠨ ᠲᠥᠷᠥᠯ ᠵᠦᠢᠯ᠎ᠢ ᠬᠤᠭᠤᠴᠠᠭ᠎ᠠ ᠬᠡᠲᠦᠷᠡᠭᠦᠯᠦᠨ ᠲᠤᠱᠢᠶᠠᠬᠤ ᠲᠦᠭ᠌ᠰᠢᠭᠦᠷᠢ᠎ᠶ᠋ᠢ ᠬᠦᠴᠦᠲᠡᠶ ᠱᠢᠶ᠋ᠳᠪᠦᠷᠢᠯᠡᠵᠦ᠍᠂ ᠭᠡᠷ ᠪᠠᠢᠱᠢᠩ ᠭᠠᠵᠠᠷ ᠬᠥᠷᠥᠩᠭᠡ᠎ᠶ᠋ᠢᠨ ᠵᠠᠬ᠎ᠠ ᠳᠡᠯᠭᠡᠭᠦᠷ᠎ᠦᠨ ᠡᠮᠬᠢ ᠳᠢᠭ᠌ᠯᠢᠮ᠎ᠢ ᠦᠷᠭᠦᠯᠵᠢᠯᠡᠨ ᠴᠡᠭ᠌ᠴᠡᠯᠡᠨ ᠵᠠᠰᠠᠵᠤ ᠵᠢᠷᠤᠮᠵᠢᠭᠤᠯᠤᠨ᠎ᠠ᠃
3᠂ ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠥ᠎ᠶ᠋ᠢ ᠲᠤᠱᠢᠶᠠᠨ ᠬᠠᠳᠠᠭᠠᠯᠠᠬᠤ᠂ ᠬᠡᠷᠡᠭ᠌ᠯᠡᠬᠦ᠌᠂ ᠬᠠᠮᠢᠶᠠᠷᠬᠤ ᠪᠠ ᠠᠵᠢᠯᠯᠠᠭᠤᠯᠬᠤ ᠲᠣᠭ᠍ᠲᠠᠴᠠ᠎ᠶ᠋ᠢ ᠪᠦᠷᠢᠨᠱᠢᠭᠦᠯᠦᠨ᠎ᠡ ᠭᠡᠵᠡᠢ᠃
2022 ᠣᠨ᠎ᠳᠤ᠂ ᠭᠡᠷ ᠪᠠᠢᠱᠢᠩ᠎ᠤᠨ ᠵᠠᠬ᠎ᠠ ᠳᠡᠯᠭᠡᠭᠦᠷ ᠯᠠᠪᠲᠠᠢ ᠲᠣᠭ᠍ᠲᠠᠭᠤᠨ ᠪᠣᠯᠬᠤ ᠪᠥᠭᠡᠳ ᠠᠯᠬᠤᠮ ᠠᠯᠬᠤᠮ᠎ᠢᠶᠠᠷ ᠰᠠᠢᠵᠢᠷᠠᠬᠤ ᠪᠣᠯᠤᠨ᠎ᠠ᠃ ᠲᠡᠷᠡ ᠮᠥᠷᠲᠡᠭᠡᠨ ᠪᠠᠰᠠ ᠵᠠᠪᠠᠯ ᠬᠡᠷᠡᠭ᠌ᠰᠡᠬᠦ᠌ ᠪᠠ ᠰᠠᠢᠵᠢᠷᠠᠭᠤᠯᠬᠤ ᠵᠠᠩᠭᠢᠯᠠᠭ᠎ᠠ᠎ᠶ᠋ᠢᠨ ᠨᠢᠭᠡ ᠵᠢᠯ ᠪᠤᠯᠤᠨ᠎ᠠ᠃ ᠡᠭᠦᠨ᠎ᠢ ᠳᠠᠭᠠᠯᠳᠤᠨ ᠵᠣᠭᠣᠰᠤᠨ᠎ᠤ ᠲᠦᠷᠦ ᠵᠢᠨ ᠪᠤᠳᠤᠯᠭ᠎ᠠ ᠴᠦ᠍ ᠠᠭᠤᠵᠢᠭᠤ ᠪᠣᠯᠵᠤ᠂ ᠡᠨᠡ ᠵᠢᠯ᠎ᠡᠴᠡ ᠡᠬᠢᠯᠡᠨ᠂ ᠣᠷᠣᠨ ᠰᠠᠭᠤᠴᠠ᠎ᠶ᠋ᠢᠨ ᠵᠢᠭᠡᠯᠡᠯᠭᠡ᠎ᠶ᠋ᠢᠨ ᠬᠦᠦ ᠮᠥᠩᠭᠥ᠎ᠶ᠋ᠢᠨ ᠨᠣᠷᠮ᠎ᠠ᠎ᠶ᠋ᠢ ᠪᠠᠭᠤᠷᠠᠭᠤᠯᠵᠤ ᠡᠬᠢᠯᠡᠭᠰᠡᠨ ᠪᠠᠢᠨ᠎ᠠ᠃ ᠨᠢᠳᠤᠨᠤᠨ᠎ᠤ 12 ᠰᠠᠷ᠎ᠠ᠎ᠶ᠋ᠢᠨ ᠡᠬᠢ᠎ᠪᠡᠷ᠂ ᠲᠥᠪ ᠪᠠᠩᠬᠢ ᠬᠠᠳᠠᠭᠠᠯᠠᠮᠵᠢ᠎ᠶ᠋ᠢᠨ ᠪᠡᠯᠡᠳᠭᠡᠯ ᠮᠥᠩᠭᠥᠨ᠎ᠦ ᠨᠣᠷᠮ᠎ᠠ᠎ᠶ᠋ᠢ ᠪᠥᠬᠥ᠌ ᠲᠠᠯ᠎ᠠ᠎ᠪᠠᠷ 0.5 ᠵᠠᠭᠤᠨ᠎ᠤ ᠨᠢᠭᠡᠴᠢ ᠪᠠᠭᠤᠷᠠᠭᠤᠯᠵᠤ᠂ 1.2 ᠲᠦᠮᠡᠨ ᠳ᠋ᠦᠩᠱᠢᠭᠤᠷ ᠲᠥᠭᠥᠷᠢᠭ᠎ᠦᠨ ᠪᠠᠯᠠ ᠮᠥᠩᠭᠥ᠌ ᠪᠠᠭᠤᠯᠭᠠᠪᠠ᠃ ᠦᠨᠡᠬᠡᠷ᠂ 1 ᠰᠠᠷ᠎ᠠ᠎ᠶ᠋ᠢᠨ 20 ᠤ᠋ ᠡᠳᠦᠷ᠂ 1 ᠵᠢᠯ᠎ᠦᠨ ᠬᠤᠭᠤᠴᠠᠭ᠎ᠠ᠎ᠲᠠᠶ LPR ᠬᠦᠦ ᠮᠥᠩᠭᠥ᠎ᠶ᠋ᠢᠨ ᠨᠣᠷᠮ᠎ᠠ 10 ᠰᠠᠭᠤᠷᠢ ᠴᠡᠭ ᠪᠠᠭᠤᠷᠠᠵᠤ᠂ ᠣᠯᠠᠨ᠎ᠤ ᠣᠷᠣᠨ ᠰᠠᠭᠤᠴᠠ᠎ᠶ᠋ᠢᠨ ᠵᠢᠭᠡᠯᠡᠯᠭᠡ᠎ᠶ᠋ᠢ ᠨᠥᠯᠥᠭᠡᠯᠡᠭ᠌ᠰᠡᠨ 5 ᠵᠢᠯ᠎ᠦᠨ ᠬᠤᠭᠤᠴᠠᠭ᠎ᠠ᠎ᠲᠠᠶ LPR ᠬᠦᠦ ᠮᠥᠩᠭᠥ᠎ᠶ᠋ᠢᠨ ᠨᠣᠷᠮ᠎ᠠ ᠴᠤ᠌ 5 ᠰᠠᠭᠤᠷᠢ ᠴᠡᠭ ᠪᠠᠭᠤᠷᠠᠵᠠᠶ᠃ ᠮᠦᠨ ᠴᠦ᠍ ᠵᠢᠭᠡᠯᠡᠯᠭᠡ ᠲᠠᠯᠪᠢᠬᠤ ᠬᠤᠷᠳᠤᠴᠠ ᠨᠢ ᠴᠦ᠍ ᠢᠯᠡᠷᠬᠡᠶ ᠲᠦᠷᠭᠡᠳᠴᠦ᠍ ᠂ ᠮᠠᠰᠢ ᠣᠯᠠᠨ ᠬᠣᠲᠠ᠎ᠳᠤ ᠴᠥᠮ ᠡᠢᠮᠦ᠍ ᠪᠠᠢᠳᠠᠯ ᠭᠠᠷᠤᠭ᠍ᠰᠠᠨ ᠪᠠᠢᠨ᠎ᠠ᠃
ᠨᠡᠮᠡᠭ᠌ᠳᠡᠯ᠎ᠢ ᠲᠣᠭ᠍ᠲᠠᠪᠤᠷᠢᠵᠢᠭᠤᠯᠬᠤ ᠪᠠᠢᠳᠠᠯ ᠳᠤᠤᠷ᠎ᠠ᠂ 2022 ᠣᠨ᠎ᠳᠤ ᠬᠡᠷ ᠪᠠᠢᠱᠢᠩ᠎ᠤᠨ ᠵᠠᠬ᠎ᠠ ᠳᠡᠯᠭᠡᠭᠦᠷ᠎ᠦᠨ ᠲᠣᠬᠢᠷᠠᠭᠤᠯᠤᠯ ᠡᠵᠡᠮᠳᠡᠯ᠎ᠳᠦ ᠳᠠᠭᠢᠵᠤ ᠨᠡᠮᠡᠬᠦ᠌ ᠶᠠᠪᠤᠳᠠᠯ ᠭᠠᠷᠬᠤ ᠥᠬᠡᠶ᠂ ᠭᠡᠳᠡᠷᠭᠦ᠎ᠪᠡᠨ ᠪᠠᠰᠠ ᠤᠯᠠᠮ ᠨᠢᠭᠡ ᠠᠯᠬᠤᠮ ᠠᠱᠢᠭ᠍ᠲᠠᠶ ᠪᠣᠯᠬᠤ ᠶᠤᠮ᠃ ᠵᠢᠱ᠌ᠢᠯᠲᠡ᠎ᠪᠡᠷ ᠬᠠᠳᠠᠭᠠᠯᠠᠮᠵᠢ᠎ᠶ᠋ᠢᠨ ᠪᠡᠯᠡᠳᠭᠡᠯ ᠮᠥᠩᠭᠥ᠎ᠶ᠋ᠢᠨ ᠨᠣᠷᠮ᠎ᠠ᠎ᠶ᠋ᠢ ᠪᠠᠭᠤᠷᠠᠭᠤᠯᠬᠤ᠂ ᠬᠦᠦ ᠮᠥᠩᠭᠥ᠎ᠶ᠋ᠢᠨ ᠨᠣᠷᠮ᠎ᠠ᠎ᠶ᠋ᠢ ᠪᠠᠭᠤᠷᠠᠭᠤᠯᠬᠤ ᠶᠠᠪᠤᠳᠠᠯ ᠲᠠᠬᠢᠨ ᠭᠠᠷᠴᠤ᠌ ᠮᠡᠳᠡᠨ᠎ᠡ᠂ ᠴᠢᠨᠠᠭ᠍ᠰᠢᠯᠠᠪᠠᠯ ᠲᠣᠬᠢᠷᠠᠭᠤᠯᠤᠯ ᠡᠵᠡᠮᠳᠡᠯ ᠰᠤᠯᠠᠷᠠᠵᠤ ᠮᠡᠳᠡᠨ᠎ᠡ᠃ ᠡᠢᠮᠦ᠍ ᠪᠠᠢᠳᠠᠯ᠎ᠤᠨ ᠳᠣᠣᠷ᠎ᠠ᠂ ᠵᠤᠭᠤᠰᠤᠨ᠎ᠤ ᠠᠭᠤᠵᠢᠭᠤ ᠲᠦᠷᠦ ᠵᠢᠨ ᠪᠤᠳᠤᠯᠭ᠎ᠠ ᠨᠢ ᠭᠣᠣᠯ ᠤᠷᠤᠰᠭᠠᠯ ᠪᠤᠯᠵᠤ᠂ ᠡᠨᠡ ᠵᠢᠯ ᠨᠢ ᠴᠢᠨᠠᠷ ᠰᠠᠢᠲᠠᠶ ᠡᠳ᠋ ᠬᠥᠷᠥᠩᠭᠡ᠎ᠲᠡᠶ ᠪᠣᠯᠬᠤ ᠵᠠᠩᠭᠢᠯᠠᠭ᠎ᠠ᠎ᠶ᠋ᠢᠨ ᠨᠢᠭᠡ ᠵᠢᠯ ᠪᠣᠯᠤᠨ᠎ᠠ ᠭᠡᠵᠤ ᠲᠤᠰᠬᠠᠢ ᠮᠡᠷᠭᠡᠵᠢᠯᠳᠡᠳ ᠵᠢᠱ᠌ᠢᠵᠤ ᠪᠠᠢᠨ᠎ᠠ᠃
(ᠡᠬᠡ ᠪᠢᠴᠢᠭ᠎ᠢ ᠰᠦᠯᠵᠢᠶᠡᠨ ᠡᠴᠡ ᠤᠷᠴᠢᠭᠤᠯᠤᠨ ᠨᠠᠢᠷᠠᠭᠤᠯᠪᠠ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠤᠶᠠᠨ᠍ᠦ᠌ᠨᠳᠦᠰᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃