ᠲᠡᠷᠢᠭᠦᠨ ᠨᠢᠭᠤᠷ>ᠠᠮᠢᠳᠤᠷᠠᠯ ᠥᠷᠲᠡᠭᠡ>ᠨᠡᠢᠭᠡᠮ ᠲᠤᠭᠤᠷᠢᠭ

2022-11-14 16:11:17

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠠᠷᠠᠳ᠎ᠤᠨ ᠶᠠᠪᠤᠳᠠᠯ᠎ᠤᠨ ᠶᠠᠮᠤᠨ᠎ᠤ 8᠎ᠤ ᠡᠳᠦᠷ᠎ᠦᠨ ᠮᠡᠳᠡᠭᠡ᠎ᠶ᠋ᠢ ᠦᠨᠳᠦᠰᠦᠯᠡᠪᠡᠯ᠂ ᠠᠷᠠᠳ᠎ᠤᠨ ᠶᠠᠪᠤᠳᠠᠯ᠎ᠤᠨ ᠶᠠᠮᠤᠨ ᠣᠢᠷ᠎ᠠ᠎ᠳᠤ ᠲᠥᠪ᠎ᠦᠨ ᠬᠥᠳᠡᠭᠡ ᠲᠣᠰᠭᠣᠨ᠎ᠤ ᠠᠵᠢᠯ᠎ᠤᠨ ᠠᠯᠪᠠᠨ ᠬᠡᠷ᠂ ᠡᠳ᠋᠎ᠦᠨ ᠵᠠᠰᠠᠭ᠎ᠤᠨ ᠶᠠᠮᠤᠨ᠂ ᠤᠯᠤᠰ᠎ᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠲᠣᠪᠴᠢᠶ᠎ᠠ᠎ᠲᠠᠶ ᠬᠠᠮᠲᠤᠷᠠᠨ ᠮᠡᠳᠡᠭ᠌ᠳᠡᠯ ᠳᠠᠷᠤᠮᠠᠯᠯᠠᠨ ᠲᠠᠷᠬᠠᠭᠠᠵᠤ᠂ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ ᠵᠡᠷᠭᠡ ᠨᠡᠢᠭᠡᠮ᠎ᠦᠨ ᠠᠪᠤᠷᠠᠨ ᠲᠤᠰᠠᠯᠠᠯᠲᠠ᠎ᠶ᠋ᠢᠨ ᠦᠨᠳᠦᠰᠦᠨ ᠵᠦᠶ᠋ᠯ᠎ᠢ ᠪᠠᠲᠤᠯᠠᠬᠤ ᠠᠵᠢᠯ᠎ᠢ ᠤᠯᠠᠮ ᠨᠢᠭᠡ ᠠᠯᠬᠤᠮ ᠰᠠᠢᠲᠤᠷ ᠬᠢᠬᠦ᠌ ᠬᠡᠷᠡᠭ᠌ᠲᠡᠶ ᠭᠡᠵᠦ᠍ ᠱᠠᠭᠠᠷᠳᠠᠪᠠ᠃ ᠮᠡᠳᠡᠭ᠌ᠳᠡᠯ᠎ᠳᠦ᠂ ᠪᠠᠴᠢᠮ ᠬᠦᠴᠢᠷᠲᠡᠶ ᠭᠠᠵᠠᠷ ᠣᠷᠣᠨ᠎ᠠᠴᠠ ᠱᠢᠭᠤᠳ ᠲᠦᠷ ᠴᠠᠭ᠎ᠤᠨ ᠠᠪᠤᠷᠠᠨ ᠲᠤᠰᠠᠯᠠᠬᠤ ᠲᠦᠷᠢᠮ᠎ᠢ ᠪᠥᠬᠥ᠌ ᠲᠠᠯ᠎ᠠ᠎ᠪᠠᠷ ᠬᠡᠷᠡᠭ᠌ᠵᠢᠭᠦᠯᠦᠨ᠎ᠡ ᠭᠡᠵᠦ᠍ ᠠᠩᠬ᠎ᠠ ᠤᠳᠠᠭ᠎ᠠ ᠲᠣᠳᠣᠷᠬᠠᠶ ᠲᠣᠭ᠍ᠲᠠᠭᠠᠪᠠ᠂ ᠡᠨᠡ᠎ᠨᠢ ᠲᠦᠷ ᠴᠠᠭ ᠬᠦᠴᠢᠷᠳᠡᠯ᠎ᠳᠦ ᠲᠤᠯᠭᠠᠷᠠᠭ᠍ᠰᠠᠨ ᠣᠯᠠᠨ ᠲᠦᠮᠡᠨ᠎ᠦ ᠠᠪᠤᠷᠠᠨ ᠲᠤᠰᠠᠯᠠᠬᠤ᠎ᠶ᠋ᠢ ᠭᠤᠶᠤᠴᠢᠯᠠᠬᠤ᠎ᠳᠤ ᠲᠤᠢᠯ᠎ᠤᠨ ᠶᠡᠬᠡ ᠲᠥᠬᠥᠮ ᠦᠵᠡᠭᠦᠯᠬᠦ᠌ ᠪᠣᠯᠤᠨ᠎ᠠ᠃

ᠮᠡᠳᠡᠭ᠌ᠳᠡᠯ᠎ᠳᠦ᠂ ᠪᠠᠴᠢᠮ ᠬᠦᠴᠢᠷᠲᠡᠶ ᠲᠦᠷ ᠴᠠᠭ᠎ᠤᠨ ᠠᠪᠤᠷᠠᠨ ᠲᠤᠰᠠᠯᠠᠬᠤ᠎ᠶ᠋ᠢ ᠴᠢᠩᠭᠠᠳᠭᠠᠵᠤ᠂ ᠬᠢᠵᠢᠭ᠎ᠦᠨ ᠪᠠᠢᠳᠠᠯ᠎ᠤᠨ ᠨᠥᠯᠥᠭᠡ᠎ᠡᠴᠡ ᠪᠣᠯᠵᠣ ᠠᠵᠢᠯ᠎ᠤᠨ ᠪᠠᠢᠷᠢ᠎ᠳᠠᠭᠠᠨ ᠪᠤᠴᠠᠵᠤ ᠠᠵᠢᠯ᠎ᠢᠶᠠᠨ ᠰᠡᠷᠭᠦᠭᠡᠬᠦ᠌᠎ᠶ᠋ᠢᠨ ᠠᠷᠭ᠎ᠠ ᠥᠬᠡᠶ᠂ ᠵᠠᠯᠭᠠᠭ᠎ᠠ᠎ᠪᠠᠷ 3 ᠰᠠᠷ᠎ᠠ ᠣᠷᠣᠯᠭ᠎ᠠ᠎ᠶ᠋ᠢᠨ ᠢᠷᠡᠯᠲᠡ ᠥᠬᠡᠶ᠂ ᠠᠮᠢᠳᠤᠷᠠᠯ᠎ᠨᠢ ᠬᠦᠴᠢᠷᠳᠡᠯᠲᠡᠶ ᠪᠥᠭᠡᠳ ᠠᠵᠢᠯ ᠠᠯᠳᠠᠯᠲᠠ᠎ᠶ᠋ᠢᠨ ᠳᠠᠭᠠᠳᠭᠠᠯ᠎ᠤᠨ ᠲᠥᠷᠥ᠎ᠶ᠋ᠢᠨ ᠪᠣᠳᠣᠯᠭ᠎ᠠ᠎ᠪᠠᠷ ᠬᠠᠮᠤᠷᠬᠤ᠎ᠶ᠋ᠢᠨ ᠠᠷᠭ᠎ᠠ ᠥᠬᠡᠶ ᠬᠥᠯᠥᠰᠥᠨ ᠠᠵᠢᠯᠴᠢᠨ ᠵᠡᠷᠭᠡ ᠳᠠᠭᠠᠳᠭᠠᠯ᠎ᠳᠤ ᠣᠷᠣᠯᠴᠠᠭ᠍ᠰᠠᠨ ᠥᠬᠡᠶ ᠠᠵᠢᠯ ᠠᠯᠳᠠᠭ᠍ᠰᠠᠳ᠎ᠢ ᠨᠠᠭᠠᠳᠤ ᠵᠠᠬ᠎ᠠ᠎ᠶ᠋ᠢᠨ ᠪᠠᠲᠤᠯᠠᠭ᠎ᠠ᠎ᠶ᠋ᠢᠨ ᠬᠡᠪᠴᠢᠶᠡᠨ᠎ᠳᠦ ᠣᠷᠣᠭᠤᠯᠤᠭ᠍ᠰᠠᠨ ᠥᠬᠡᠶ ᠪᠠᠢᠪᠠᠯ᠂ ᠲᠣᠰ ᠬᠥᠮᠦᠨ᠎ᠨᠢ ᠭᠤᠶᠤᠴᠢᠯᠠᠯ ᠭᠠᠷᠭᠠᠵᠤ᠂ ᠪᠠᠷᠢᠯᠭ᠎ᠠ᠎ᠶ᠋ᠢᠨ ᠭᠠᠵᠠᠷ ᠪᠤᠶᠤ ᠪᠠᠢᠩᠭᠤ ᠰᠠᠭᠤᠭ᠎ᠠ ᠭᠠᠵᠠᠷ᠎ᠠᠴᠠ ᠨᠢᠭᠡ ᠯᠡ ᠤᠳᠠᠭ᠎ᠠ᠎ᠶ᠋ᠢᠨ ᠴᠢᠨᠠᠷᠲᠠᠶ ᠲᠦᠷ ᠴᠠᠭ᠎ᠤᠨ ᠠᠪᠤᠷᠠᠨ ᠲᠤᠰᠠᠯᠠᠬᠤ ᠮᠥᠩᠭᠥ᠌ ᠣᠯᠭᠣᠬᠤ ᠬᠡᠷᠡᠭ᠌ᠲᠡᠶ᠃ ᠬᠢᠵᠢᠭ᠎ᠦᠨ ᠪᠠᠢᠳᠠᠯ᠎ᠤᠨ ᠨᠥᠯᠥᠭᠡ᠎ᠡᠴᠡ ᠪᠣᠯᠵᠣ ᠲᠦᠷ ᠠᠵᠢᠯ ᠣᠯᠤᠭᠠᠳᠤᠶ᠂ ᠦᠨᠳᠦᠰᠦᠨ ᠠᠮᠢᠳᠤᠷᠠᠯ᠎ᠨᠢ ᠬᠦᠴᠢᠷᠳᠡᠯ᠎ᠳᠦ ᠲᠤᠯᠭᠠᠷᠠᠭ᠍ᠰᠠᠨ ᠪᠤᠰᠤᠳ ᠤᠶᠤᠲᠠᠳ ᠵᠢᠴᠢ ᠪᠤᠰᠤᠳ ᠬᠢᠵᠢᠭ᠎ᠦᠨ ᠪᠠᠢᠳᠠᠯ᠎ᠠᠴᠠ ᠪᠣᠯᠵᠣ ᠦᠨᠳᠦᠰᠦᠨ ᠠᠮᠢᠳᠤᠷᠠᠯ᠎ᠨᠢ ᠲᠦᠷ ᠴᠠᠭ᠎ᠤᠨ ᠬᠦᠴᠢᠷᠳᠡᠯ᠎ᠳᠦ ᠲᠤᠯᠭᠠᠷᠠᠭ᠍ᠰᠠᠨ ᠬᠡᠷ ᠪᠦᠯᠢ ᠪᠤᠶᠤ ᠬᠤᠪᠢ ᠬᠥᠮᠦᠨ᠎ᠢ ᠲᠦᠷ ᠴᠠᠭ᠎ᠤᠨ ᠠᠪᠤᠷᠠᠨ ᠲᠤᠰᠠᠯᠠᠬᠤ ᠬᠡᠪᠴᠢᠶᠡᠨ᠎ᠳᠦ ᠴᠠᠭ ᠲᠤᠬᠠᠶ᠎ᠳᠤᠨᠢ ᠣᠷᠣᠭᠤᠯᠤᠨ᠎ᠠ᠃

ᠮᠡᠳᠡᠭ᠌ᠳᠡᠯ᠎ᠳᠦ ᠪᠠᠰᠠ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠎ᠶ᠋ᠢᠨ ᠬᠡᠪᠴᠢᠶ᠎ᠡ᠎ᠶ᠋ᠢ ᠥᠷᠭᠡᠳᠭᠡᠵᠦ᠍ ᠦᠷ᠎ᠡ ᠠᠱᠢᠭ᠎ᠢ ᠨᠡᠮᠡᠭ᠌ᠳᠡᠭᠦᠯᠬᠦ᠌ ᠠᠵᠢᠯ᠎ᠤᠨ ᠡᠷᠴᠢᠮ᠎ᠢ ᠴᠢᠩᠭᠠᠷᠠᠭᠤᠯᠬᠤ ᠲᠤᠬᠠᠶ ᠱᠠᠭᠠᠷᠳᠠᠯᠭ᠎ᠠ ᠳᠤᠷᠠᠳᠴᠠᠶ᠃ ᠮᠡᠳᠡᠭ᠌ᠳᠡᠯ᠎ᠳᠦ ᠲᠣᠳᠣᠷᠬᠠᠶ ᠲᠣᠭ᠍ᠲᠠᠭᠠᠭ᠍ᠰᠠᠨ ᠵᠢᠠᠷ᠂ 《ᠭᠠᠭ᠍ᠴᠠ ᠬᠥᠮᠦᠨ᠎ᠦ ᠳᠠᠭᠠᠳᠭᠠᠯ》 ᠎ᠤᠨ ᠨᠥᠬᠥᠴᠡᠯ᠎ᠢ ᠤᠯᠠᠮ ᠨᠢᠭᠡ ᠠᠯᠬᠤᠮ ᠠᠭᠤᠵᠢᠭᠤ ᠪᠣᠯᠭᠠᠵᠤ᠂ ᠨᠠᠰᠤᠨ᠎ᠳᠤ ᠭᠦᠷᠦᠭ᠌ᠰᠡᠨ ᠠᠵᠢᠯ ᠥᠬᠡᠶ ᠬᠦᠨᠳᠦ ᠵᠡᠮᠳᠡᠭ ᠬᠥᠮᠦᠨ᠎ᠳᠦ 《ᠭᠠᠭ᠍ᠴᠠ ᠬᠥᠮᠦᠨ᠎ᠦ ᠡᠷᠦᠬᠡ》 ᠪᠡᠷ ᠯᠠᠪᠯᠠᠯᠲᠠ ᠪᠣᠯᠭᠠᠨ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠎ᠶ᠋ᠢᠨ ᠭᠤᠶᠤᠴᠢᠯᠠᠯ ᠭᠠᠷᠭᠠᠵᠤ ᠪᠣᠯᠤᠨ᠎ᠠ᠃ ᠡᠭᠦᠨ᠎ᠦ ᠬᠠᠮᠲᠤ᠂ ᠠᠵᠢᠯ ᠤᠯᠬᠤ ᠴᠢᠳᠠᠪᠤᠷᠢ᠎ᠲᠠᠶ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ᠎ᠶ᠋ᠢᠨ ᠬᠡᠷ ᠪᠦᠯᠢ᠎ᠶ᠋ᠢᠨ ᠪᠦᠷᠢᠯᠳᠦᠬᠦᠨ᠎ᠦ ᠢᠳᠡᠪᠬᠢᠲᠡᠶ ᠠᠵᠢᠯ ᠤᠯᠬᠤ᠎ᠶ᠋ᠢ ᠵᠣᠷᠢᠭ᠍ᠵᠢᠭᠤᠯᠬᠤ᠎ᠶ᠋ᠢᠨ ᠲᠥᠯᠥᠭᠡ᠂ ᠠᠵᠢᠯ ᠣᠯᠤᠭ᠍ᠰᠠᠨ᠎ᠤ ᠳᠠᠷᠠᠭ᠎ᠠ ᠬᠡᠷ ᠪᠦᠯᠢ᠎ᠶ᠋ᠢᠨ ᠬᠥᠮᠦᠨ ᠳᠤᠮᠳᠠᠴᠢ᠎ᠶ᠋ᠢᠨ ᠣᠷᠣᠯᠭ᠎ᠠ ᠨᠢ ᠲᠤᠬᠠᠶ᠎ᠶ᠋ᠢᠨ ᠭᠠᠵᠠᠷ᠎ᠤᠨ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ᠎ᠶ᠋ᠢᠨ ᠪᠠᠷᠢᠮᠵᠢᠶ᠎ᠠ᠎ᠠᠴᠠ ᠬᠡᠲᠦᠷᠡᠭ᠌ᠰᠡᠨ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ᠎ᠶ᠋ᠢᠨ ᠬᠡᠷ ᠪᠦᠯᠢ᠎ᠳᠦ ᠵᠠᠷᠴᠢᠮ ᠳᠡᠭᠡᠷ᠎ᠡ᠎ᠪᠡᠨ 6 ᠰᠠᠷ᠎ᠠ᠎ᠠᠴᠠ ᠬᠡᠲᠦᠷᠡᠭᠦᠯᠵᠦ᠍ ᠪᠣᠯᠬᠤ ᠥᠬᠡᠶ ᠭᠡᠵᠦ᠍ ᠲᠣᠳᠣᠷᠬᠠᠶ ᠲᠣᠭ᠍ᠲᠠᠭᠠᠵᠠᠶ᠃

ᠭᠦᠶ᠋ᠴᠡᠳᠭᠡᠬᠦ᠌ ᠶᠠᠪᠤᠴᠠ ᠵᠢ ᠱᠢᠯᠢᠳᠡᠭ᠌ᠵᠢᠭᠦᠯᠬᠦ᠌ ᠲᠠᠯ᠎ᠠ᠎ᠪᠠᠷ᠂ 《ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ᠎ᠶ᠋ᠢ ᠬᠢᠨᠠᠨ ᠬᠠᠷᠭᠤᠭᠤᠯᠵᠤ ᠨᠤᠲᠠᠯᠠᠬᠤ ᠠᠷᠭ᠎ᠠ》 ᠎ᠳ᠋ᠤ ᠲᠣᠭ᠍ᠲᠠᠭᠠᠭ᠍ᠰᠠᠨ ᠨᠢ᠂ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ᠎ᠶ᠋ᠢ ᠡᠩ᠎ᠦᠨ ᠪᠠᠢᠳᠠᠯ᠎ᠳᠤ ᠭᠥᠯᠢᠶᠡᠨ ᠠᠪᠴᠤ᠌ ᠱᠢᠶ᠋ᠳᠪᠦᠷᠢᠯᠡᠬᠦ᠌ ᠡᠳᠦᠷ᠎ᠡᠴᠡ ᠡᠬᠢᠯᠡᠨ 30 ᠠᠵᠢᠯᠯᠠᠬᠤ ᠡᠳᠦᠷ᠎ᠦᠨ ᠳᠣᠲᠣᠷ᠎ᠠ ᠪᠡᠶᠡᠯᠡᠭᠦᠯᠬᠦ᠌ ᠬᠡᠷᠡᠭ᠌ᠲᠡᠶ᠂ ᠡᠭᠦᠨ᠎ᠦ ᠰᠠᠭᠤᠷᠢᠨ ᠳᠡᠭᠡᠷ᠎ᠡ ᠭᠦᠶ᠋ᠴᠡᠳᠭᠡᠬᠦ᠌ ᠴᠠᠭ᠎ᠤᠨ ᠬᠢᠵᠠᠭᠠᠷ᠎ᠢ ᠤᠯᠠᠮ ᠨᠢᠭᠡ ᠠᠯᠬᠤᠮ ᠪᠣᠭᠣᠨᠢᠰᠭᠠᠵᠤ᠂ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ᠎ᠶ᠋ᠢ ᠬᠢᠨᠠᠨ ᠬᠠᠷᠭᠤᠭᠤᠯᠵᠤ ᠨᠤᠲᠠᠯᠠᠬᠤ ᠡᠷᠬᠡ᠎ᠶ᠋ᠢᠨ ᠬᠢᠵᠠᠭᠠᠷ᠎ᠢ ᠱᠢᠶᠠᠩ ᠪᠠᠯᠭᠠᠰᠤ (ᠵᠡᠭᠡᠯᠢ ᠭᠤᠳᠤᠮᠵᠢ) ᠬᠦᠷᠲᠡᠯ᠎ᠡ ᠪᠠᠭᠤᠯᠭᠠᠬᠤ ᠬᠡᠷᠡᠭ᠌ᠲᠡᠶ᠂ ᠡᠩ᠎ᠦᠨ ᠪᠠᠢᠳᠠᠯ᠎ᠳᠤ ᠭᠥᠯᠢᠶᠡᠨ ᠠᠪᠴᠤ᠌ ᠱᠢᠶ᠋ᠳᠪᠦᠷᠢᠯᠡᠬᠦ᠌ ᠡᠳᠦᠷ᠎ᠡᠴᠡ ᠡᠬᠢᠯᠡᠨ 20 ᠠᠵᠢᠯᠯᠠᠬᠤ ᠡᠳᠦᠷ᠎ᠦᠨ ᠳᠣᠲᠣᠷ᠎ᠠ ᠭᠦᠶ᠋ᠴᠡᠳᠭᠡᠬᠦ᠌ ᠶᠠᠪᠤᠴᠠ ᠵᠢ ᠪᠡᠶᠡᠯᠡᠭᠦᠯᠬᠦ᠌ ᠬᠡᠷᠡᠭ᠌ᠲᠡᠶ᠃

(《ᠳᠤᠮᠳᠠᠳᠤ ᠤᠯᠤᠰ᠎ᠤᠨ ᠠᠵᠤ ᠠᠬᠤᠶ᠎ᠶ᠋ᠢᠨ ᠰᠦᠯᠵᠢᠶ᠎ᠡ》 ᠵᠢᠷᠭᠢᠶ᠎ᠡ ᠵᠢᠨ ᠲᠠᠪᠴᠠᠩ ᠡᠴᠡ ᠤᠷᠴᠢᠭᠤᠯᠤᠨ ᠨᠠᠢᠷᠠᠭᠤᠯᠪᠠ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面