2022-09-26 10:14:25
ᠡᠮᠦᠨᠡᠬᠡᠨ᠂ ᠴᠠᠬᠠᠷ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠬᠥᠬᠡᠪᠦᠷ ᠪᠠᠯᠭᠠᠰᠤ᠎ᠠᠴᠠ 20 ᠭᠠᠷᠤᠢ ᠺᠢᠯᠤᠮᠸᠲᠷ ᠵᠠᠢᠲᠠᠢ ᠬᠤᠸᠠ᠎ᠲᠠᠶ ᠵᠢᠷᠭᠠᠯᠠᠡᠭᠲᠤ ᠬᠦᠷᠢᠶᠡᠯᠡᠩ᠎ᠦᠨ ᠬᠦᠳᠡᠯᠭᠡᠭᠡᠨ᠎ᠤ ᠲᠠᠰᠤᠭ ᠲᠤ᠌ ᠬᠦᠷ ᠨᠠᠷᠬᠢᠶᠠᠨ ᠵᠢᠡᠷ ᠪᠢᠯᠬᠠᠵᠤ᠂ 20 ᠭᠠᠷᠤᠶ ᠨᠠᠰᠤᠲᠠᠢᠴᠤᠤᠯ ᠱᠢᠷᠡᠭᠡ ᠲᠣᠭᠣᠷᠢᠨ ᠰᠠᠭᠤᠯᠴᠠᠵᠤ᠂ ᠲᠣᠯᠣᠭᠠᠶ ᠳᠡᠭᠡᠷ᠎ᠡ ᠪᠠᠨ ᠦᠯᠵᠡᠢᠳᠦ ᠣᠳᠣᠨ ᠮᠠᠯᠠᠭᠠᠶ ᠵᠡᠭᠦᠵᠦ᠍᠂ ᠱᠢᠷᠡᠭᠡᠨ᠎ᠦ ᠳᠤᠮᠳᠠ ᠬᠣᠶᠠᠷ ᠦᠨᠳᠡᠭᠡ ᠲᠠᠢ ᠪᠣᠭᠣᠷᠰᠣᠭ ᠲᠠᠯᠪᠢᠭᠰᠠᠨ ᠪᠠᠢᠯ᠎ᠠ᠃ ᠨᠠᠰᠤᠲᠠᠢᠴᠤᠤᠯ ᠤ᠋ᠨ ᠲᠦᠷᠦᠭᠰᠡᠨ ᠡᠳᠤᠷ ᠢ᠋ ᠪᠡᠯᠭᠡᠯᠡᠬᠦ ᠪᠡᠷ ᠢᠷᠡᠭᠰᠡᠨ ᠲᠤᠰ ᠬᠣᠱᠢᠭᠤᠨ᠎ᠤ ᠬᠠᠮᠢᠶ᠎ᠠ ᠪᠦᠬᠦᠢ ᠤᠳᠤᠷᠢᠳᠤᠯᠭ᠎ᠠ ᠦᠨᠳᠡᠭᠡ ᠲᠠᠢ ᠪᠣᠭᠣᠷᠰᠣᠭ᠎ᠤᠨ ᠲᠡᠭᠡᠷᠡᠬᠢ ᠯᠠᠶ᠋ᠢ ᠠᠰᠠᠭᠠᠬᠤ᠎ᠶ᠋ᠢ ᠳᠠᠭᠠᠯᠳᠤᠨ᠂ ᠲᠤᠬᠠᠢ᠎ᠶ᠋ᠢᠨ ᠲᠠᠯᠠᠪᠠᠢ᠎ᠳᠤ ᠪᠠᠢᠭ᠍ᠰᠠᠨ ᠰᠠᠢ᠌ᠨ ᠲᠤᠷᠠᠴᠤᠤᠯ ᠨᠠᠰᠤᠲᠠᠢᠴᠤᠤᠯ ᠲᠠᠢ ᠬᠠᠮᠲᠤ ᠲᠦᠷᠦᠭ᠌ᠰᠡᠨ ᠡᠳᠦᠷ᠎ᠦᠨ ᠪᠠᠶᠠᠷ᠎ᠤᠨ ᠳᠠᠭᠤᠤ ᠳᠠᠭᠤᠯᠠᠵᠠᠭᠠᠨ᠎ᠠ᠃ ᠡᠨᠡ ᠪᠣᠯ ᠲᠤᠰ ᠬᠣᠱᠢᠭᠤᠨ᠎ᠤ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠦᠢᠯᠡᠴᠢᠯᠡᠭᠡᠨ᠎ᠦ ᠲᠥᠪ᠎ᠡᠴᠡ ᠵᠣᠬᠢᠶᠠᠨ ᠪᠠᠢᠭᠤᠯᠤᠭ᠍ᠰᠠᠨ ᠰᠡᠳᠭᠢᠯ᠎ᠢ ᠳᠤᠯᠠᠭᠠᠴᠠᠭᠤᠯᠬᠤ ᠰᠠᠢ᠌ᠨ ᠳᠤᠷ᠎ᠠ᠎ᠶ᠋ᠢᠨ ᠦᠰᠦ ᠵᠠᠰᠠᠬᠤ ᠦᠢᠯᠡᠴᠢᠯᠡᠭᠡᠨ᠎ᠦ ᠠᠩᠬᠢ ᠵᠢᠨ ᠬᠢᠨ ᠬᠤᠸᠠ᠎ᠲᠠᠶ ᠵᠢᠷᠭᠠᠯᠠᠡᠭᠲᠤ ᠬᠦᠷᠢᠶᠡᠯᠡᠩ᠎ᠦᠨ 80 ᠨᠠᠰᠤᠨ᠎ᠡᠴᠠ ᠳᠡᠭᠡᠭ᠌ᠰᠢᠬᠢ ᠨᠠᠰᠤᠲᠠᠢᠴᠤᠤᠯ ᠳ᠋ᠤ ᠬᠠᠮᠲᠤ᠎ᠶ᠋ᠢᠨ ᠲᠥᠷᠥᠭ᠌ᠰᠡᠨ ᠡᠳᠦᠷ ᠤ᠋ᠨ ᠪᠠᠶᠠᠷ ᠪᠡᠯᠬᠡᠯᠡᠵᠦ ᠦᠭᠴᠤ ᠪᠠᠢᠭ᠎ᠠ ᠠᠬᠤᠢ ᠲᠠᠯᠠᠪᠠᠢ ᠪᠤᠯᠤᠨ᠎ᠠ᠃
ᠴᠠᠬᠠᠷ ᠪᠠᠷᠠᠭᠤᠨ ᠭᠠᠷᠤᠨ ᠳᠤᠮᠳᠠᠳᠤ ᠬᠣᠱᠢᠭᠤ ᠨᠢ ᠪᠥᠬᠥ᠌ ᠤᠯᠤᠰ᠎ᠤᠨ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠲᠥᠪ᠎ᠦᠨ ᠲᠤᠷᠱᠢᠯᠲᠠ᠎ᠶ᠋ᠢᠨ ᠴᠡᠭ ᠪᠣᠯᠤᠭ᠍ᠰᠠᠨ᠎ᠤ ᠬᠤᠪᠢ᠎ᠳᠤ᠂ ᠬᠥᠮᠦᠨ ᠠᠮᠠ᠎ᠶ᠋ᠢᠨ ᠨᠠᠰᠤᠵᠢᠯ᠎ᠤᠨ ᠭᠡᠮᠵᠢᠶ᠎ᠡ ᠨᠡᠮᠡᠭᠳᠡᠵᠤ ᠪᠠᠢᠭ᠎ᠠ ᠣᠳᠣᠬᠢ ᠪᠠᠢᠳᠠᠯ ᠳ᠋ᠠᠭᠠᠨ ᠴᠢᠭ᠌ᠯᠡᠭᠦᠯᠦᠨ᠂ ᠣᠢᠷ᠎ᠠ᠎ᠶ᠋ᠢᠨ ᠵᠢᠯ᠎ᠡᠴᠡ ᠡᠬᠢᠯᠡᠨ ᠭᠠᠵᠠᠷ ᠣᠷᠣᠨ᠎ᠤ ᠪᠠᠢᠳᠠᠯ ᠳᠠᠭᠠᠨ ᠲᠣᠬᠢᠷᠠᠭᠤᠯᠤᠨ᠂ ᠣᠯᠠᠨ ᠨᠡᠢᠲᠡ᠎ᠶ᠋ᠢᠨ ᠡᠬᠢ ᠪᠠᠶᠠᠯᠢᠭ᠎ᠢ ᠡᠮᠬᠢᠯᠡᠨ ᠨᠡᠢᠯᠡᠭᠦᠯᠬᠦ᠌᠂ ᠰᠠᠢᠨ ᠳᠤᠷ᠎ᠠ ᠶ᠋ᠢᠨ ᠡᠩᠨᠡᠭᠡ᠎ᠶ᠋ᠢᠨ ᠪᠠᠢᠭᠤᠯᠤᠯᠲᠠ ᠪᠠ ᠦᠶ᠋ᠯᠡᠴᠢᠯᠡᠭᠡᠨ᠎ᠦ ᠲᠥᠷᠥᠯ ᠵᠦᠶ᠋ᠯ᠎ᠦᠨ ᠬᠠᠮᠢᠶᠠᠷᠤᠯᠲᠠ᠎ᠶ᠋ᠢ ᠨᠢᠭᠡᠳᠦᠯᠲᠡᠶ ᠲᠥᠯᠥᠪᠵᠢᠭᠦᠯᠦᠨ ᠬᠡᠷᠡᠭ᠌ᠵᠢᠭᠦᠯᠵᠦ᠍᠂《ᠪᠣᠯᠪᠠᠰᠤᠨ ᠦᠶ᠋ᠯᠡᠳᠦᠯᠭᠡ +》 ᠵᠠᠭ᠍ᠪᠤᠷ᠎ᠢᠶᠠᠷ ᠦᠪᠡᠷ ᠤ᠋ᠨ ᠵᠢᠡᠨ ᠬᠥᠭ᠌ᠵᠢᠯᠲᠡ᠎ᠳᠦ ᠠᠮᠢᠵᠢᠷᠠᠯ᠎ᠤᠨ ᠬᠦᠴᠦᠨ ᠨᠡᠮᠡᠷᠢᠯᠡᠭᠰᠡᠨ ᠪᠠᠢᠨ᠎ᠠ ᠃
《ᠪᠣᠯᠪᠠᠰᠤᠨ ᠦᠶ᠋ᠯᠡᠳᠦᠯᠭᠡ + ᠨᠡᠢᠭᠡᠮ ᠤ᠋ᠨ ᠵᠠᠰᠠᠯᠲᠠ》᠄
ᠪᠤᠯᠪᠠᠰᠤᠨ ᠡᠢᠠ ᠵᠤᠬᠢᠴᠡᠯ ᠢ᠋ ᠬᠠᠮᠳᠤ᠎ᠳᠤᠨᠢ ᠪᠤᠢ ᠪᠤᠯᠭᠠᠨ᠎ᠠ
ᠣᠢᠷ᠎ᠠ᠎ᠳᠤ᠂ ᠲᠦᠭᠡᠭᠡᠯ ᠤᠰᠤᠨ᠎ᠤ ᠲᠥᠬᠥᠭᠡᠷᠦᠮᠵᠢ ᠨᠢ ᠰᠡᠯᠪᠢᠨ ᠵᠠᠰᠠᠬᠤ ᠴᠢᠬᠤᠯᠠᠲᠠᠢ ᠪᠤᠯᠤᠭᠰᠠᠨ ᠤᠴᠢᠷ᠂ ᠴᠠᠬᠠᠷ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠳ᠋ᠠ ᠲᠠᠨ ᠱᠢᠶᠠᠩ᠎ᠤᠨ ᠳ᠋ᠠ ᠰᠢ ᠫᠦᠸᠸ ᠲᠣᠰᠭᠣᠨ᠎ᠤ ᠠᠷᠠᠳ᠎ᠤᠨ ᠤᠤᠭᠤᠬᠤ ᠤᠰᠤ ᠲᠤᠳᠠᠭᠳᠠᠬᠤ ᠪᠤᠯᠵᠠᠢ᠃ ᠲᠣᠰ ᠲᠣᠰᠭᠣᠨ ᠨᠢᠭᠡ ᠲᠠᠯ᠎ᠠ᠎ᠪᠠᠷ ᠠᠰᠠᠭᠤᠳᠠᠯ᠎ᠢ ᠢᠳᠡᠪᠬᠢᠲᠡᠶ ᠱᠢᠶ᠋ᠳᠪᠦᠷᠢᠯᠡᠵᠦ᠍᠂ ᠨᠥᠭᠥᠭᠡ ᠲᠠᠯ᠎ᠠ᠎ᠪᠠᠷ ᠲᠣᠰᠭᠣᠨ᠎ᠤ ᠤᠳᠤᠷᠢᠳᠬᠤ ᠪᠠᠭ ᠤ᠋ᠨ ᠬᠡᠰᠢᠭᠦᠳ᠂ ᠲᠣᠰᠭᠣᠨ᠎ᠳᠤ ᠰᠠᠭᠤᠭ᠎ᠠ ᠠᠵᠢᠯᠯᠠᠬᠤ ᠠᠩᠭᠢ᠎ᠶ᠋ᠢᠨ ᠭᠡᠱᠢᠭᠦᠳ᠎ᠢᠶᠡᠷ ᠪᠦᠷᠢᠯᠳᠦᠭ᠌ᠰᠡᠨ ᠰᠠᠢᠨ ᠳᠤᠷᠠᠴᠤᠤᠯ ᠤ᠋ᠠ ᠬᠡᠰᠢᠬᠦᠳ ᠡᠳᠦᠷ ᠪᠦᠷᠢ ᠦᠳᠡᠭᠦᠰ ᠪᠠᠭᠤᠷᠠᠶ ᠡᠪᠡᠳᠴᠢᠨ᠎ᠲᠡᠶ ᠵᠡᠮᠳᠡᠭ ᠲᠣᠰᠭᠣᠨ᠎ᠤ ᠠᠷᠠᠳ᠎ᠲᠤ ᠤᠰᠤ ᠬᠦᠷᠭᠡᠵᠦ᠍᠂ ᠲᠣᠰᠭᠣᠨ᠎ᠤ ᠠᠷᠠᠳ᠎ᠤᠨ ᠬᠦᠴᠢᠷᠳᠠᠯ᠎ᠢ ᠱᠢᠶ᠋ᠳᠪᠦᠷᠢᠯᠡᠪᠡ᠃
ᠡᠨᠡ ᠵᠢᠯ 71 ᠲᠠᠢ ᠲᠣᠰᠭᠣᠨ᠎ᠤ ᠠᠷᠠᠳ ᠸᠧᠨ ᠷᠦᠨ ᠯᠢ ᠨᠠᠰᠤᠲᠠᠨ᠄《ᠲᠣᠰᠭᠣᠨ᠎ᠤ ᠰᠠᠢᠨ ᠲᠤᠷᠠᠴᠤᠤᠯ ᠦᠷᠭᠦᠯᠵᠢ ᠭᠡᠷ᠎ᠲᠦ ᠢᠷᠡᠵᠦ᠍ ᠮᠠᠨ᠎ᠤ ᠠᠮᠢᠳᠤᠷᠠᠯ᠎ᠤᠨ ᠪᠠᠢᠳᠠᠯ᠎ᠢ ᠯᠠᠪᠯᠠᠨ ᠤᠢᠯᠠᠭᠠᠵᠤ᠂ ᠰᠠᠨᠠᠭᠠᠴᠢᠯᠠᠭ᠎ᠠ᠎ᠠᠴᠠ᠎ᠪᠠᠨ ᠪᠢᠳᠡᠨ᠎ᠢ ᠬᠠᠪᠰᠤᠷᠤᠨ ᠡᠯ᠎ᠡ ᠵᠦᠶ᠋ᠯ᠎ᠦᠨ ᠬᠦᠴᠢᠷᠳᠡᠯ᠎ᠢ ᠱᠢᠶ᠋ᠳᠪᠦᠷᠢᠯᠡᠵᠦ᠍ ᠥᠭ᠌ᠲᠡᠭ᠃ ᠡᠨᠡ ᠬᠣᠶᠠᠷ ᠡᠳᠦᠷ ᠲᠤᠰᠬᠤᠠ ᠳ᠋ᠤ ᠤᠰᠤ ᠵᠤᠭᠰᠤᠭᠰᠠᠨ᠎ᠳᠦ ᠲᠠᠲᠠ ᠡᠳᠤᠷ ᠪᠦᠷᠢ ᠬᠡᠳᠤᠨ ᠰᠠᠭᠤᠯᠠᠭ᠎ᠠ ᠤᠰᠤ ᠲᠠᠮᠨᠠᠨ ᠠᠪᠴᠢᠷᠠᠵᠤ ᠦᠭᠪᠡ》ᠬᠡᠵᠤ ᠰᠡᠳᠬᠢᠯ ᠲᠤᠭᠳᠤᠯᠤᠨ ᠶᠠᠷᠢᠨ᠎ᠠ᠃
ᠳ᠋ᠠ ᠲᠠᠨ ᠱᠢᠶᠠᠩ ᠲᠣᠰ ᠬᠣᠱᠢᠭᠤᠨ᠎ᠤ ᠪᠠᠷᠠᠭᠤᠨ ᠡᠮᠦᠨᠡᠲᠦ ᠬᠡᠰᠡᠭ᠎ᠦᠨ ᠠᠭᠤᠯᠠᠷᠬᠠᠭ ᠤᠷᠤᠨ ᠳ᠋ᠤ ᠪᠠᠢᠷᠢᠯᠠᠵᠤ᠂ ᠤᠰᠤᠯᠠᠯᠲᠠ᠎ᠶ᠋ᠢᠨ ᠲᠠᠷᠢᠶᠠᠨ ᠭᠠᠵᠠᠷ ᠪᠠᠭ᠎ᠠ᠂ ᠠᠵᠤ ᠦᠶ᠋ᠯᠡᠰ ᠨᠢ ᠲᠡᠵᠢᠭᠡᠨ ᠦᠷᠡᠵᠢᠭᠦᠯᠬᠦ᠌ ᠦᠶ᠋ᠯᠡᠰ᠎ᠢᠶᠡᠷ ᠭᠤᠤᠯᠯᠠᠳᠠᠭ᠃ ᠪᠦᠬᠦ᠌ ᠰᠢᠶᠠᠡᠭ᠎ᠳᠤ 20 ᠲᠤᠰᠬᠤᠨ᠂ ᠪᠠᠢᠩᠭᠤ ᠰᠠᠭᠤᠭ᠎ᠠ 2092 ᠡᠷᠦᠬᠡ᠂ 4815 ᠬᠥᠮᠦᠨ ᠪᠠᠢᠵᠤ᠂ ᠡᠬᠦᠨ ᠳ᠋ᠤ 60 ᠨᠠᠰᠤᠨ᠎ᠠᠴᠠ ᠳᠡᠭᠡᠭ᠌ᠰᠢᠬᠢ ᠨᠠᠰᠤᠲᠠᠢᠴᠤᠤᠯ 52%᠎ᠢ ᠡᠵᠡᠯᠡᠳᠡᠭ᠃
ᠡᠨᠡ ᠵᠢᠯ ᠲᠣᠰ ᠱᠢᠶᠠᠩ ᠬᠥᠳᠡᠭᠡ ᠲᠣᠰᠭᠣᠨ᠎ᠤ ᠵᠠᠰᠠᠯᠲᠠ᠎ᠶ᠋ᠢ ᠠᠬᠢᠭᠤᠯᠬᠤ ᠶᠠᠪᠤᠴᠠ ᠳ᠋ᠤ᠂ ᠬᠥᠳᠡᠭᠡ ᠲᠣᠰᠭᠣᠨ᠎ᠤ ᠬᠡᠪ ᠰᠤᠷᠲᠠᠯ ᠪᠣᠯᠪᠠᠰᠤᠨ᠎ᠤ ᠨᠡᠢᠭᠡᠮᠴᠢᠯᠡᠭ᠌ᠰᠡᠨ ᠬᠤᠪᠢ ᠬᠤᠷᠠᠮᠳᠤᠭᠤᠯᠬᠤ ᠬᠠᠮᠢᠶᠠᠷᠤᠯᠲᠠ᠎ᠶ᠋ᠢᠨ ᠲᠦᠷᠢᠮ᠎ᠢ ᠬᠡᠷᠡᠭ᠌ᠵᠢᠭᠦᠯᠵᠦ᠍᠂ ᠬᠥᠳᠡᠭᠡ ᠲᠣᠰᠭᠣᠨ᠎ᠤ ᠬᠡᠪ ᠰᠤᠷᠲᠠᠯ ᠪᠣᠯᠪᠠᠰᠤᠨ᠎ᠤ《ᠤᠯᠠᠭᠠᠨ ᠰᠠᠮᠪᠠᠷ᠎ᠠ︾᠂《ᠦᠨᠡᠰᠦᠨ ᠦᠡᠭᠭᠡ ᠵᠢᠨ ᠰᠠᠮᠪᠠᠷ᠎ᠠ》᠂ 《ᠬᠠᠷ᠎ᠠ ᠰᠠᠮᠪᠠᠷ᠎ᠠ》ᠭᠠᠷᠭᠠᠠ᠂ 《ᠬᠠᠷ᠎ᠠ ᠰᠠᠮᠪᠠᠷ᠎ᠠ》ᠲᠡᠭᠡᠷ᠎ᠠ ᠭᠠᠷᠤᠭᠰᠠᠨ ᠡᠷᠤᠬᠡ ᠳ᠋ᠤ ᠲᠤᠰᠬᠤᠨ ᠤ᠋ ᠠᠷᠠᠳ᠎ᠤᠨ ᠵᠥᠪᠯᠡᠯ᠎ᠡᠴᠡ ᠴᠢᠩᠭ᠎ᠠ ᠰᠢᠢᠳᠭᠡᠯ ᠦᠭᠴᠤ᠂ ᠲᠡᠳᠡᠨ ᠤ᠋ ᠬᠦᠷᠳᠡᠵᠤ ᠪᠠᠢᠭ᠎ᠠ ᠬᠠᠷᠠᠭᠠᠯᠵᠠᠯ ᠤ᠋ᠨ ᠲᠦᠷᠤ ᠵᠢᠨ ᠪᠤᠳᠤᠯᠭ᠎ᠠ ᠵᠢ ᠵᠤᠭᠰᠤᠭᠠᠳᠠᠭ ᠪᠤᠯᠵᠠᠢ᠃
ᠲᠣᠰ ᠱᠢᠶᠠᠩ᠎ᠤᠨ ᠨᠠᠮ᠎ᠤᠨ ᠬᠣᠷᠢᠶᠠᠨ᠎ᠤ ᠱᠦᠵᠢ ᠯᠢ ᠪᠢᠨ᠄ 《〈ᠤᠯᠠᠭᠠᠨ ᠰᠠᠮᠪᠠᠷ᠎ᠠ〉〈ᠦᠨᠡᠰᠦᠨ ᠦᠡᠭᠭᠡ ᠵᠢᠨ ᠰᠠᠮᠪᠠᠷ᠎ᠠ〉〈ᠬᠠᠷ᠎ᠠ ᠰᠠᠮᠪᠠᠷ᠎ᠠ〉᠎ᠶ᠋ᠢᠨ ᠬᠠᠮᠢᠶᠠᠷᠤᠯᠲᠠ᠎ᠶ᠋ᠢᠨ ᠵᠠᠭ᠍ᠪᠤᠷ᠎ᠢᠶᠠᠷ ᠲᠣᠰᠭᠣᠨ᠎ᠤ ᠠᠷᠠᠳ᠎ᠤᠨ ᠬᠥᠳᠡᠭᠡ ᠲᠣᠰᠭᠣᠨ᠎ᠤ ᠵᠠᠰᠠᠯᠲᠠ᠎ᠳᠤ ᠣᠷᠣᠯᠴᠠᠬᠤ ᠢᠳᠡᠪᠬᠢᠵᠢᠯ ᠪᠠ ᠪᠦᠲᠦᠭᠡᠯᠴᠢ ᠴᠢᠨᠠᠷ᠎ᠢ ᠬᠥᠭ᠌ᠵᠢᠭᠡᠵᠦ᠍᠂ ᠠᠷᠠᠳᠴᠢᠯᠠᠭ᠍ᠰᠠᠨ ᠬᠠᠮᠢᠶᠠᠷᠤᠯᠲᠠ᠎ᠶ᠋ᠢᠨ ᠲᠦᠪᠱᠢᠨ ᠲᠤᠤᠷ᠎ᠠ ᠪᠠᠢᠬᠤ᠂ ᠲᠣᠰᠭᠣᠨ᠎ᠤ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢᠨ ᠤᠷᠢᠶᠠᠯᠠᠬᠤ ᠬᠦᠴᠦᠨ ᠪᠠᠭᠤᠷᠠᠶ ᠪᠠᠢᠬᠤ ᠵᠡᠷᠭᠡ ᠠᠰᠠᠭᠤᠳᠠᠯ᠎ᠢ ᠱᠢᠶ᠋ᠳᠪᠦᠷᠢᠯᠡᠵᠦ ᠪᠤᠢ》ᠬᠡᠵᠦ ᠶᠠᠷᠢᠨ᠎ᠠ᠃
ᠲᠣᠰᠭᠣᠨ᠎ᠤ ᠠᠷᠠᠳ᠎ᠲᠤ ᠨᠠᠮ᠎ᠤᠨ ᠲᠥᠷᠥ᠎ᠶ᠋ᠢᠨ ᠪᠣᠳᠣᠯᠭ᠎ᠠ᠎ᠶ᠋ᠢ ᠴᠠᠭ ᠲᠤᠬᠠᠶ᠎ᠳᠤᠨᠢ ᠣᠢᠯᠠᠭᠠᠭᠤᠯᠬᠤ᠎ᠶ᠋ᠢᠨ ᠲᠥᠯᠥᠭᠡ ᠲᠣᠰ ᠱᠢᠶᠠᠩ᠎ᠤᠨ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠭᠠᠵᠠᠷ᠂ ᠲᠣᠰᠭᠣᠨ᠎ᠤ ᠠᠷᠠᠳ᠎ᠤᠨ ᠦᠵᠡᠵᠦ᠍ ᠰᠣᠨᠢᠷᠬᠠᠬᠤ ᠳᠤᠷᠠᠲᠠᠶ ᠱᠢᠭᠤᠳ ᠨᠡᠪᠲᠡᠷᠡᠭᠦᠯᠭᠡ᠎ᠶ᠋ᠢᠨ ᠲᠠᠰᠤᠭ᠎ᠢ ᠨᠡᠭᠡᠭᠡᠪᠡ᠃
ᠱᠢᠭᠤᠳ ᠨᠡᠪᠲᠡᠷᠡᠭᠦᠯᠭᠡ᠎ᠶ᠋ᠢᠨ ᠠᠭᠤᠯᠭ᠎ᠠ ᠨᠢ《ᠬᠤᠪᠢᠰᠭᠠᠯᠲᠤ ᠳ᠋ᠠ ᠲᠠᠨ》᠂《ᠪᠣᠬᠢᠷᠲᠤᠯ ᠦᠭᠡᠢ ᠳ᠋ᠠ ᠲᠠᠨ》᠂《ᠳ᠋ᠠ ᠲᠠᠨ ᠤ᠋ ᠵᠠᠰᠠᠭ᠎ᠤᠨ ᠶᠠᠪᠤᠳᠠᠯ》ᠬᠡᠮᠡᠬᠦ ᠭᠤᠷᠪᠠᠨ ᠬᠡᠰᠡᠭ ᠵᠢᠡᠷ ᠪᠦᠷᠢᠯᠳᠤᠵᠤ᠂《ᠬᠤᠪᠢᠰᠭᠠᠯᠲᠤ ᠳ᠋ᠠ ᠲᠠᠨ》᠎ᠨᠢ ᠭᠣᠣᠯᠳᠠᠭᠤ ᠳ᠋ᠠ ᠲᠠᠨ ᠱᠢᠶᠠᠩ᠎ᠤᠨ ᠬᠤᠪᠢᠰᠭᠠᠯᠲᠤ ᠦᠯᠢᠭᠡᠷ᠎ᠢ ᠶᠠᠷᠢᠵᠤ᠂ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠬᠣᠶᠠᠷ ᠵᠦᠢᠯ᠎ᠦᠨ ᠬᠡᠯᠪᠡᠷᠢ ᠪᠡᠷ ᠶᠠᠪᠤᠭ᠍ᠳᠠᠨ᠎ᠠ︔ 《ᠪᠣᠬᠢᠷᠲᠤᠯ ᠦᠭᠡᠢ ᠳ᠋ᠠ ᠲᠠᠨ》 ᠱᠢᠭᠤᠳ ᠨᠡᠪᠲᠡᠷᠡᠭᠦᠯᠭᠡ ᠨᠢ ᠭᠤᠤᠯᠳᠠᠭᠤ ᠪᠠᠷᠠᠭ᠎ᠠ ᠲᠠᠸᠠᠷ ᠪᠤᠷᠤᠯᠠᠭᠤᠯᠬᠤ ᠬᠡᠯᠪᠡᠷᠢ᠎ᠪᠡᠷ ᠲᠦᠷᠦᠯ ᠲᠠᠮᠳᠡᠭ ᠵᠢᠡᠨ ᠠᠯᠳᠠᠷᠰᠢᠭᠤᠯᠵᠤ᠂ ᠳ᠋ᠠ ᠲᠠᠨ ᠱᠢᠶᠠᠩ᠎ᠤᠨ ᠣᠷᠭᠠᠨᠢᠭ ᠢᠳᠡᠱᠢᠨ ᠨᠣᠭᠣᠭ᠎ᠠ᠂ ᠤᠨᠴᠠᠯᠢᠬ᠍ᠳᠤ ᠲᠠᠷᠢᠶᠠᠯᠠᠩ ᠲᠤᠰᠠᠯᠠᠬᠤ ᠠᠵᠤ ᠠᠬᠤᠢ ᠵᠡᠷᠭᠡ᠎ᠶ᠋ᠢ ᠳᠡᠯᠭᠡᠷᠡᠭᠦᠯᠵᠦ᠍᠂ ᠳ᠋ᠠ ᠲᠠᠨ ᠱᠢᠶᠠᠩ᠎ᠤᠨ ᠮᠠᠯᠴᠢᠨ ᠲᠠᠷᠢᠶᠠᠴᠢᠨ᠎ᠤ ᠣᠷᠣᠯᠭ᠎ᠠ᠎ᠪᠠᠨ ᠨᠡᠮᠡᠭ᠌ᠳᠡᠭᠦᠯᠵᠦ᠍ ᠪᠠᠶᠠᠵᠢᠬᠤ᠎ᠳᠤ ᠬᠦᠴᠦᠨ ᠨᠠᠮᠡᠷᠢᠯᠡᠨᠠ︔《ᠳ᠋ᠠ ᠲᠠᠨ ᠵᠠᠰᠠᠭ᠎ᠤᠨ ᠶᠠᠪᠤᠳᠠᠯ》᠎ᠤ᠋ᠨ ᠱᠢᠭᠤᠳ ᠨᠡᠪᠲᠡᠷᠡᠭᠦᠯᠭᠡ ᠨᠢ ᠬᠤᠭᠤᠴᠠᠭ᠎ᠠ ᠪᠦᠷᠢ ᠲᠤᠰᠭᠠᠶ ᠰᠡᠳᠦᠪ ᠭᠠᠷᠭᠠᠵᠤ᠂ ᠣᠯᠠᠨ ᠲᠦᠮᠡᠨ᠎ᠳᠦ ᠬᠡᠷᠬᠢᠨ ᠰᠦᠯᠵᠢᠶᠡᠨ ᠳᠡᠭᠡᠷ᠎ᠡ ᠨᠡᠢᠭᠡᠮ᠎ᠦᠨ ᠳᠠᠭᠠᠳᠭᠠᠯ᠂ ᠡᠮ ᠡᠮᠨᠡᠯᠭᠡ᠎ᠶ᠋ᠢᠨ ᠳᠠᠭᠠᠳᠭᠠᠯ ᠲᠤᠰᠢᠶᠠᠬᠤ ᠵᠡᠷᠭᠡ ᠮᠡᠳᠡᠯᠬᠡ ᠮᠠᠳ᠎ᠡᠴᠡ ᠵᠢ ᠵᠢᠭᠠᠨ ᠵᠢᠯᠤᠭᠤᠳᠴᠤ᠂ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ᠎ᠶ᠋ᠢ ᠨᠠᠩ ᠳᠥᠭᠥᠮ ᠳᠥᠲᠡ ᠪᠣᠯᠭᠠᠵᠤ᠂ ᠣᠯᠠᠨ ᠲᠦᠮᠡᠨ᠎ᠳᠦ ᠨᠠᠩ ᠥᠷᠭᠡᠨ ᠳᠡᠯᠭᠡᠷ ᠤᠢᠯᠡᠴᠢᠯᠡᠭᠡ ᠬᠠᠡᠭᠭᠠᠨᠠ᠃
《ᠪᠤᠯᠪᠠᠰᠤᠨ ᠤᠢᠯᠡᠳᠦᠯᠭᠡ + ᠠᠷᠠᠳ ᠲᠤ᠌ ᠲᠦᠭᠦᠮ ᠦᠵᠡᠭᠦᠯᠬᠦ
ᠤᠢᠯᠡᠴᠢᠯᠡᠭᠡ》᠄ ᠬᠠᠯᠠᠭᠤᠨ ᠲᠤᠯᠠᠭᠠᠨ ᠨᠡᠢᠭᠡᠮ ᠤ᠋ᠨ ᠤᠷᠴᠢᠨ ᠢ᠋ ᠪᠤᠢ ᠪᠤᠯᠭᠠᠨ᠎ᠠ
ᠴᠠᠬᠠᠷ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠭᠤᠸᠠᠩ ᠢ ᠯᠦᠩ ᠪᠠᠯᠭᠠᠰᠤᠨ᠎ᠤ ᠹᠦ᠋᠎ᠲᠡᠶ ᠲᠣᠰᠭᠣᠨ᠎ᠳᠤ ᠨᠢᠭᠡᠨ ᠪᠡᠢ᠎ᠠ ᠤᠬᠢᠶᠠᠬᠤ ᠭᠠᠵᠠᠷ ᠪᠤᠢ᠂ ᠡᠨᠡ ᠬᠦ᠌ ᠪᠠᠶ᠎ᠠ ᠤᠬᠢᠶᠠᠬᠤ ᠭᠠᠵᠠᠷ ᠨᠢ ᠲᠤᠰ ᠲᠤᠰᠬᠤᠨ ᠤ᠋ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡᠨ᠎ᠦ ᠴᠡᠭ ᠲᠤ᠌ ᠪᠤᠢ᠃
ᠰᠤᠷᠪᠤᠯᠵᠢᠯᠠᠭ᠍ᠴᠢ ᠡᠨᠡ ᠬᠦ᠌ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡᠨ᠎ᠦ ᠴᠡᠭ᠎ᠲᠦ ᠬᠦᠷᠪᠡᠯ᠂ ᠪᠡᠶ᠎ᠡ ᠤᠬᠢᠶᠠᠬᠤ ᠭᠠᠵᠠᠷ᠂ ᠦᠰᠦ ᠵᠠᠰᠠᠬᠤ ᠭᠠᠵᠠᠷ᠂ ᠬᠤᠪᠴᠠᠰᠤ ᠤᠬᠢᠶᠠᠬᠤ ᠦᠷᠦᠭᠡ ᠵᠡᠷᠭᠡ ᠠᠷᠠᠳ᠎ᠲᠤ ᠲᠥᠬᠥᠮ ᠦᠵᠡᠭᠦᠯᠬᠦ᠌ ᠣᠯᠠᠨ ᠦᠶ᠋ᠯᠡᠴᠢᠯᠡᠭᠡᠨ᠎ᠦ ᠴᠢᠳᠠᠮᠵᠢ ᠲᠠᠢ ᠦᠷᠦᠭᠡ ᠲᠠᠰᠤᠭ ᠬᠠᠷᠠᠭᠳᠠᠨ᠎ᠠ᠃
ᠹᠦ᠋᠎ᠲᠡᠶ ᠲᠣᠰᠭᠣᠨ᠎ᠤ ᠨᠠᠮ᠎ᠤᠨ ᠡᠭᠦᠷ᠎ᠦᠨ ᠱᠦᠵᠢ ᠨᠢᠦ ᠴᠢᠩ᠎ᠦᠨ ᠲᠠᠨᠢᠯᠴᠠᠭᠤᠯᠤᠭ᠍ᠰᠠᠨ᠎ᠢᠶᠠᠷ᠂ ᠡᠨᠡ ᠬᠦ᠌ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡᠨ᠎ᠦ ᠴᠡᠭ ᠨᠢ 2020 ᠣᠨ᠎ᠤ 5 ᠰᠠᠷ᠎ᠠ᠎ᠳᠤ ᠪᠠᠢᠭᠤᠯᠤᠭ᠍ᠳᠠᠵᠤ᠂ ᠭᠤᠤᠯᠳᠠᠭᠤ ᠵᠢᠷᠭᠠᠯᠠᠩᠲᠤ ᠬᠦᠷᠢᠶᠡᠯᠡᠩ᠎ᠦᠨ 200 ᠭᠠᠷᠤᠶ ᠨᠠᠰᠤᠲᠠᠢᠴᠤᠤᠯ ᠳ᠋ᠤ ᠦᠶ᠋ᠯᠡᠴᠢᠯᠡᠳᠡᠭ᠃ ᠣᠯᠠᠨ ᠲᠦᠮᠡᠨ᠎ᠦ ᠬᠡᠷᠡᠭᠴᠡᠭᠡ ᠱᠠᠭᠠᠷᠳᠠᠯᠭ᠎ᠠ ᠵᠢ ᠦᠨᠳᠤᠰᠤᠯᠠᠨ ᠵᠢᠷᠭᠠᠯᠠᠡᠭᠲᠤ ᠬᠦᠷᠢᠶᠡᠯᠡᠩ᠎ᠦᠨ ᠨᠠᠰᠤᠲᠠᠢᠴᠤᠤᠯ ᠳ᠋ᠤ ᠪᠡᠶ᠎ᠡ ᠤᠬᠢᠶᠠᠬᠤ᠂ ᠬᠤᠪᠴᠠᠰᠤ ᠤᠬᠢᠶᠠᠬᠤ᠂ ᠦᠰᠦ ᠵᠠᠰᠠᠬᠤ᠂ ᠭᠡᠷ ᠴᠡᠪᠡᠷᠯᠡᠬᠦ᠌᠂ ᠤᠰᠤ ᠴᠠᠬᠢᠯᠭᠠᠨ᠎ᠢ ᠰᠡᠯᠪᠢᠨ ᠵᠠᠰᠠᠬᠤ ᠵᠡᠷᠭᠡ ᠰᠠᠢᠨ ᠳᠤᠷ᠎ᠠ᠎ᠶ᠋ᠢᠨ ᠦᠶ᠋ᠯᠡᠴᠢᠯᠡᠭᠡ ᠬᠠᠩᠭᠠᠨ᠎ᠠ᠃ ᠡᠭᠦᠨ᠎ᠦ ᠬᠠᠮᠲᠤ᠂ ᠪᠠᠰᠠ ᠪᠡᠶ᠎ᠠ ᠰᠡᠳᠬᠢᠯ ᠡᠷᠡᠭᠦᠯ ᠰᠠᠷᠠᠭᠤᠯ ᠨᠠᠰᠤᠲᠠᠢᠴᠤᠤᠯᠢ ᠵᠣᠬᠢᠶᠠᠨ ᠪᠠᠢᠭᠤᠯᠵᠤ ᠨᠡᠯᠢᠶᠡᠳ ᠨᠠᠰᠤ ᠠᠬᠢᠭᠰᠠᠨ᠂ ᠡᠪᠡᠳᠴᠢᠨ ᠲᠠᠬᠤᠯ ᠲᠠᠢ ᠬᠡᠷ᠎ᠲᠡᠬᠡᠨ ᠰᠠᠭᠤᠭ᠎ᠠ ᠨᠠᠰᠤᠲᠠᠢᠴᠤᠤᠯ ᠤᠨ ᠬᠡᠷ᠎ᠲᠦ ᠬᠦᠷᠴᠦ ᠠᠮᠤᠷ ᠲᠦᠪᠱᠢᠨ᠎ᠦ ᠰᠤᠪᠢᠯᠠᠯᠲᠠ᠂ ᠣᠶᠤᠨ ᠰᠠᠨᠠᠭᠠᠨ᠎ᠤ ᠲᠠᠢᠳᠭᠤᠷᠠᠭᠤᠯᠤᠯ᠂ ᠠᠮᠢᠳᠤᠷᠠᠯ᠎ᠤᠨ ᠲᠥᠬᠥᠮ ᠬᠠᠷᠠᠭᠠᠯᠵᠠᠯ ᠦᠵᠡᠬᠦᠯᠬᠦ ᠵᠡᠷᠭᠡ ᠬᠠᠷᠢᠯᠴᠠᠨ ᠬᠠᠪᠰᠤᠷᠤᠯᠴᠠᠵᠤ ᠬᠠᠪᠰᠤᠷᠤᠨ ᠲᠡᠳᠬᠦᠬᠦ᠌ ᠠᠵᠢᠯᠯᠠᠭ᠎ᠠ᠎ᠳᠤ ᠣᠷᠣᠯᠴᠠᠭᠤᠯᠵᠤ᠂ ᠨᠠᠩ ᠣᠯᠠᠨ ᠨᠠᠰᠤᠲᠠᠢᠴᠤᠤᠯᠢ ᠬᠠᠷᠠᠭᠠᠯᠵᠠᠬᠤ ᠬᠦᠮᠦᠨ ᠲᠠᠢ᠂ ᠪᠠᠶᠠᠷ ᠬᠦᠷ ᠲᠠᠢ ᠪᠠᠢᠯᠭᠠᠵᠤ᠂ ᠵᠠᠰᠠᠭ ᠤ᠋ᠨ ᠤᠷᠳᠤᠨ ᠪᠠ ᠦᠷ᠎ᠡ ᠬᠡᠦᠬᠡᠳ ᠤ᠋ᠨ ᠬᠢᠨᠢ ᠳᠠᠷᠤᠭᠠᠰᠤ᠎ᠶ᠋ᠢ ᠬᠦᠡᠭᠭᠡᠷᠡᠭᠦᠯᠵᠤ ᠪᠠᠢᠨ᠎ᠠ᠃
ᠡᠨᠡ ᠵᠢᠯ 73 ᠨᠠᠰᠤᠲᠠᠢ ᠴᠠᠩ ᠰᠠᠨ ᠬᠤ᠌ ᠪᠣᠯ ᠹᠦ᠋᠎ᠲᠡᠶ ᠵᠢᠷᠭᠠᠯᠠᠡᠭᠲᠤ ᠬᠦᠷᠢᠶᠡᠯᠡᠩ᠎ᠦᠨ ᠳᠠᠷᠤᠭ᠎ᠠ᠂ ᠮᠥᠨ ᠴᠦ᠍ ᠹᠦ᠋᠎ᠲᠡᠶ ᠲᠣᠰᠭᠣᠨ᠎ᠤ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ ᠠᠷᠠᠳ᠎ᠲᠤ ᠲᠦᠬᠦᠮ ᠦᠵᠡᠭᠦᠯᠬᠦ᠌ ᠦᠢᠯᠡᠴᠢᠯᠡᠭᠡᠨ᠎ᠦ ᠴᠡᠭ ᠤ᠋ᠨ ᠰᠠᠢᠨ ᠲᠤᠷᠠᠴᠤᠤᠯ ᠪᠣᠯᠤᠨ᠎ᠠ᠃ ᠲᠡᠷᠡ᠄《ᠮᠠᠨ᠎ᠤ ᠲᠣᠰᠭᠣᠨ ᠬᠠᠮᠲᠤ᠎ᠶ᠋ᠢᠨ ᠠᠵᠤ ᠠᠬᠤᠶ᠎ᠶ᠋ᠢᠨ ᠵᠣᠭᠣᠰ᠎ᠢᠶᠠᠷ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡᠨ᠎ᠦ ᠴᠡᠭ᠎ᠡᠴᠡ ᠪᠡᠶ᠎ᠡ ᠤᠬᠢᠶᠠᠬᠤ ᠪᠢᠯᠧᠲ ᠬᠤᠳᠠᠯᠳᠤᠨ ᠠᠪᠴᠤ᠌᠂ ᠲᠣᠰᠭᠣᠨ᠎ᠤ ᠠᠷᠠᠳ ᠵᠢᠴᠢ ᠵᠢᠷᠭᠠᠯᠠᠡᠭᠲᠤ ᠬᠦᠷᠢᠶᠡᠯᠡᠩ᠎ᠦᠨ ᠨᠠᠰᠤᠲᠠᠢᠴᠤᠤᠯ ᠳ᠋ᠤ ᠬᠤᠪᠢᠶᠠᠨ ᠦᠭᠳᠡᠭ᠃ ᠡᠬᠢᠨ ᠳ᠋ᠡᠭᠡᠨ ᠡᠨᠳᠡ ᠢᠷᠡᠵᠦ᠍ ᠪᠡᠶ᠎ᠡ ᠤᠬᠢᠶᠠᠬᠤ ᠨᠠᠰᠤᠲᠡᠳ ᠲᠤᠩ ᠴᠥᠭᠡᠨ ᠪᠠᠢᠬᠰᠠᠠ᠂ ᠰᠡᠭᠦᠯᠡᠷ᠎ᠨᠢ ᠣᠯᠠᠨ᠎ᠢᠶᠠᠷ᠎ᠢᠶᠠᠨ ᠠᠭᠠᠵᠢᠮ᠎ᠢᠶᠠᠷ ᠳᠠᠳᠴᠤ᠌ ᠪᠡᠶ᠎ᠡ ᠤᠬᠢᠶᠠᠬᠤ ᠬᠥᠮᠦᠨ ᠠᠷᠪᠢᠨ ᠪᠣᠯᠵᠠᠢ᠃ ᠤᠳᠤ ᠲᠡᠳᠡᠨᠤᠰ ᠬᠠᠮᠲᠤ ᠢᠷᠡᠵᠤ ᠪᠠᠢᠠ ᠤᠬᠢᠶᠠᠬᠤ ᠪᠤᠯᠤᠭᠰᠠᠨ》ᠬᠡᠵᠤ ᠲᠠᠨᠢᠯᠴᠠᠭᠤᠯᠤᠨ᠎ᠠ᠃
ᠨᠠᠰᠤᠵᠢᠯᠲᠠ᠎ᠶ᠋ᠢᠨ ᠣᠳᠣᠬᠢ ᠪᠠᠢᠳᠠᠯ᠎ᠤᠨ ᠡᠮᠦᠨ᠎ᠡ᠂ ᠴᠠᠬᠠᠷ ᠪᠠᠷᠠᠭᠤᠨ ᠭᠠᠷᠤᠨ ᠳᠤᠮᠳᠠᠳᠤ ᠬᠣᠱᠢᠭᠤ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢ ᠠᠬᠢᠭᠤᠯᠵᠤ᠂ 《ᠰᠣᠯᠣᠩᠭᠠᠨ ᠬᠠᠪᠰᠤᠷᠤᠯᠴᠠᠯ》᠂《ᠨᠠᠰᠤᠳᠠᠢᠴᠤᠳ ᠲᠦ᠍ ᠲᠥᠷᠥᠭ᠌ᠰᠡᠨ ᠡᠳᠦᠷ᠎ᠢ ᠨᠢ ᠪᠡᠯᠭᠡᠯᠡᠵᠦ ᠦᠭᠬᠦ》 ᠂ 《ᠰᠡᠳᠬᠢᠯ ᠢ᠋ ᠪᠠᠶᠠᠰᠬᠠᠭᠰᠠᠠ ᠦᠰᠦ ᠵᠠᠰᠠᠬᠤ ᠠᠵᠢᠯᠯᠠᠭ᠎ᠠ》ᠵᠡᠷᠭᠡ ᠠᠯᠢ ᠣᠯᠠᠨ ᠨᠠᠰᠤᠲᠠᠨ᠎ᠢᠶᠠᠨ ᠬᠦᠨᠳᠦᠯᠡᠵᠦ᠍ ᠬᠠᠢᠷᠠᠯᠠᠬᠤ ᠪᠤᠯᠪᠠᠰᠤᠨ ᠤᠢᠯᠡᠳᠤᠯᠭᠡ ᠵᠢᠨ ᠰᠠᠢᠨ ᠲᠤᠷ᠎ᠠ ᠵᠢᠨ ᠤᠢᠯᠡᠴᠢᠯᠡᠭᠡᠨ ᠤ᠋ ᠲᠥᠷᠥᠯ ᠵᠦᠶ᠋ᠯ᠎ᠢ ᠴᠤᠭᠴᠠᠯᠠᠵᠤ᠂ ᠨᠠᠰᠤᠲᠠᠢᠴᠤᠳ ᠤ᠋ᠨ ᠰᠡᠳᠬᠢᠯ ᠢ᠋ ᠪᠠᠶᠠᠰᠬᠠᠵᠥ ᠪᠤᠢ᠃
ᠤᠳᠤ ᠲᠤᠰ ᠬᠤᠰᠢᠭᠤᠨ ᠳ᠋ᠤ 1 ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠲᠥᠪ᠂ 12 ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠭᠠᠵᠠᠷ᠂ 177 ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠥᠷᠲᠡᠭᠡ ᠪᠠᠢᠭᠤᠯᠵᠤ᠂ ᠨᠡᠢᠲᠡ 249 ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠡᠩᠨᠡᠭᠡᠲᠡᠢ᠂ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠲᠠᠪᠴᠠᠩ ᠳ᠋ᠤ ᠲᠠᠡᠭᠰᠠᠯᠠᠭᠤᠯᠤᠭᠰᠠᠨ ᠰᠠᠢᠨ ᠲᠤᠷᠠᠴᠤᠤᠯ 6187 ᠪᠤᠯᠵᠤ᠂ ᠪᠠᠰᠠ 《ᠰᠤᠷᠤᠯᠴᠠᠯᠭ᠎ᠠ᠎ᠶ᠋ᠢᠨ ᠲᠠᠭᠤᠨ》᠂ 《ᠱᠢᠨ᠎ᠡ ᠰᠤᠷᠲᠠᠯ᠎ᠤᠨ ᠶᠣᠰᠣᠯᠠᠯ᠎ᠤᠨ ᠲᠠᠩᠬᠢᠮ》᠂《ᠵᠣᠯ ᠵᠢᠷᠭᠠᠯ᠎ᠤᠨ ᠤᠯᠠᠭ᠎ᠠ ᠥᠷᠲᠡᠭᠡ》᠂ 《ᠨᠡᠭᠦᠳᠡᠯ ᠦᠶ᠋ᠯᠡᠴᠢᠯᠡᠭᠡᠨ᠎ᠦ ᠲᠡᠷᠭᠡ》᠂《ᠰᠠᠢᠨ ᠳᠤᠷ᠎ᠠ᠎ᠶ᠋ᠢᠨ ᠤᠯᠤᠰ᠎ᠤᠨ ᠲᠣᠭ᠎ᠤᠨ ᠠᠩᠭᠢ》 ᠵᠡᠷᠭᠡ 13 ᠱᠢᠯᠢᠳᠡᠭ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠲᠦᠷᠦᠯ ᠵᠤᠢᠯ ᠢ᠋ ᠭᠠᠷᠭᠠᠭᠰᠠᠨ ᠪᠠᠢᠨ᠎ᠠ᠃ ᠡᠨᠡ ᠵᠢᠯ ᠤ᠋ᠨ ᠲᠡᠭᠡᠷ᠎ᠠ ᠬᠠᠭᠠᠰ ᠵᠢᠯ᠂ ᠲᠤᠰ ᠬᠤᠰᠢᠭᠤ 7000 ᠭᠠᠷᠤᠢ ᠲᠠᠯᠠᠪᠠᠢ ᠪᠤᠯᠪᠠᠰᠤᠨ ᠤᠢᠯᠡᠳᠦᠯᠭᠡ ᠵᠢᠨ ᠠᠵᠢᠯᠯᠠᠭ᠎ᠠ ᠵᠢ ᠵᠤᠬᠢᠶᠠᠨ ᠪᠠᠢᠭᠤᠯᠤᠨ ᠶᠠᠪᠤᠭᠳᠠᠭᠤᠯᠵᠤ᠂ ᠰᠠᠢᠨ ᠲᠤᠷᠠᠴᠤᠤᠯ 2600 ᠭᠠᠷᠤᠢ ᠬᠦᠮᠦᠨ ᠤᠳᠠᠭ᠎ᠠ ᠤᠷᠤᠯᠴᠠᠭᠰᠠᠨ ᠪᠠᠢᠨ᠎ᠠ᠃

- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃