ᠲᠡᠷᠢᠭᠦᠨ ᠨᠢᠭᠤᠷ>ᠠᠮᠢᠳᠤᠷᠠᠯ ᠥᠷᠲᠡᠭᠡ>ᠨᠡᠢᠭᠡᠮ ᠲᠤᠭᠤᠷᠢᠭ

2023-06-12 11:06:35

ᠵᠣᠬᠢᠶᠠᠭ᠍ᠴᠢ᠄ ᠡᠷᠳᠡᠨᠢᠴᠢᠮᠡᠭ ᠣᠩᠱᠢᠭ᠍ᠰᠠᠨ ᠣᠳᠠᠭ᠎ᠠ᠄ 3

ᠠᠯᠠᠱᠠ ᠠᠢᠮᠠᠭ᠎ᠤᠨ 2023 ᠤᠨ᠎ᠤ 《ᠪᠢᠴᠢᠭ᠎ᠤᠨ ᠰᠤᠷᠪᠤᠯᠵᠢᠳᠤ ᠠᠯᠠᠱᠠ》 ᠪᠦᠬᠦ᠌ ᠠᠷᠠᠳ᠎ᠢᠶᠠᠷ᠎ᠢᠶᠠᠨ ᠨᠤᠮ ᠤᠡᠭ᠌ᠰᠢᠬᠤ ᠱᠢᠷᠢᠰ ᠠᠵᠢᠯᠯᠠᠭ᠎ᠠ᠎ᠶ᠋ᠢᠨ ᠡᠬᠢᠯᠡᠯᠳᠡ᠎ᠶ᠋ᠢᠨ ᠶᠤᠰᠤᠯᠠᠯ ᠤᠢᠷ᠎ᠠ᠎ᠳᠦ ᠪᠠᠶᠠᠨᠬᠤᠳᠠ᠎ᠶ᠋ᠢᠨ ᠱᠢᠨ᠎ᠠ ᠡᠷᠢᠨ ᠠᠭᠤᠳᠠᠮ ᠲᠠᠯᠪᠠᠢ᠎ᠳᠤ ᠶᠠᠪᠤᠬ᠍ᠳᠠᠨ᠂ ᠠᠯᠠᠱᠠ ᠵᠡᠬᠦᠨ ᠬᠤᠱᠢᠭᠤᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠬᠠᠭᠤᠴᠢᠨ ᠨᠣᠮ᠎ᠢᠶᠠᠷ ᠱᠢᠨ᠎ᠡ ᠪᠣᠳᠠᠰ ᠰᠣᠯᠢᠬᠤ ᠨᠡᠢᠲᠡ᠎ᠶ᠋ᠢᠨ ᠠᠰᠠᠷᠠᠮᠵᠢ᠎ᠶ᠋ᠢᠨ ᠠᠵᠢᠯᠯᠠᠭ᠎ᠠ᠎ᠨᠢ ᠠᠬᠤᠢ ᠲᠠᠯᠠᠪᠤᠷ᠎ᠤᠨ ᠬᠠᠮᠤᠭ ᠬᠦᠷᠢᠶᠡᠯᠡᠯ᠎ᠲᠠᠢ ᠠᠵᠢᠯᠯᠠᠭ᠎ᠠ ᠪᠤᠯᠤᠬ᠍ᠰᠠᠨ ᠪᠠᠢᠨ᠎ᠠ᠃


QQ截图20230612101236.png


《ᠱᠢᠨ᠎ᠡ ᠠᠵᠢᠯ ᠣᠯᠭᠤᠯᠲᠠ᠎ᠶ᠋ᠢᠨ ᠬᠡᠯᠪᠡᠷᠢ᠎ᠶ᠋ᠢᠨ ᠬᠥᠳᠡᠯᠮᠦᠷᠢᠴᠢᠳ ᠣᠷᠴᠢᠨ ᠲᠣᠭᠤᠷᠢᠨ᠎ᠤ ᠠᠵᠢᠯᠴᠢᠳ᠎ᠲᠤ ᠨᠢᠭᠡ ᠰᠠᠢᠨ ᠨᠣᠮ ᠬᠠᠨᠳᠢᠪᠯᠠᠶ᠎ᠠ》 ᠭᠡᠬᠦ᠌ ᠭᠤᠤᠯ ᠰᠡᠳᠦᠪ᠎ᠢᠶᠠᠷ ᠶᠠᠪᠤᠬ᠍ᠳᠠᠬ᠍ᠰᠠᠨ ᠲᠤᠰ ᠤᠳᠠᠭᠠᠨ᠎ᠤ ᠠᠵᠢᠯᠯᠠᠭ᠎ᠠ᠎ᠨᠢ ᠰᠠᠭᠤᠭᠠᠯᠢ ᠠᠷᠠᠳ ᠭᠡᠷ᠎ᠲᠡᠭᠡᠨ ᠪᠠᠢᠭ᠎ᠠ ᠬᠠᠭᠤᠴᠢᠨ ᠨᠤᠮ᠎ᠢᠶᠠᠨ ᠠᠬᠤᠢ ᠲᠠᠯᠠᠪᠠᠢ᠎ᠳᠤ ᠠᠪᠴᠢᠷᠠᠨ ᠬᠠᠨᠳᠢᠪᠯᠠᠵᠤ᠂ 1 ᠎ᠠ᠋ᠴᠠ 3 ᠨᠤᠮ ᠬᠠᠨᠳᠢᠪᠯᠡᠪᠡᠯ 15 ᠲᠦᠭᠦᠷᠢᠭ᠎ᠤᠨ ᠪᠤᠳᠠᠰ ᠬᠦᠷᠭᠡᠨ᠂ 4 ᠎ᠠ᠋ᠴᠠ 5 ᠨᠤᠮ ᠬᠠᠨᠳᠢᠪᠯᠡᠪᠡᠯ 25 ᠲᠦᠭᠦᠷᠢᠭ᠎ᠤᠨ ᠪᠤᠳᠠᠰ ᠬᠦᠷᠭᠡᠨ᠂ 6 ᠎ᠠ᠋ᠴᠠ ᠲᠡᠭᠡᠭ᠌ᠰᠢ ᠨᠤᠮ ᠬᠦᠷᠭᠡᠪᠡᠯ 35 ᠲᠦᠭᠦᠷᠢᠭ᠎ᠤᠨ ᠪᠤᠳᠠᠰ ᠭᠦᠷᠭᠡᠵᠤ᠂ ᠠᠵᠢᠯᠯᠠᠭ᠎ᠠ᠎ᠪᠠᠷ ᠲᠠᠮᠵᠢᠨ ᠪᠢᠴᠢᠭ᠎ᠤᠨ ᠦᠨᠦᠷ᠎ᠢᠶᠠᠷ ᠬᠠᠢᠷ᠎ᠠ ᠬᠠᠯᠠᠮᠵᠢ᠎ᠶ᠋ᠢ ᠳᠠᠮᠵᠢᠭᠤᠯᠵᠤ᠂ ᠪᠠᠶᠠᠷ ᠪᠠᠶᠠᠰᠤᠯ᠎ᠲᠠᠢ ᠠᠵᠢᠯᠯᠠᠬᠤ᠂ ᠡᠷᠡᠭᠦᠯ ᠴᠢᠭᠢᠷᠠᠭ ᠠᠮᠢᠳᠤᠷᠠᠬᠤ᠎ᠶ᠋ᠢ ᠰᠠᠨᠠᠭᠠᠴᠢᠯᠠᠨ᠂ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ᠎ᠤ ᠠᠵᠢᠯ᠎ᠤᠨ ᠢᠳᠡᠪᠬᠢᠵᠢᠯ ᠪᠠ ᠪᠦᠲᠦᠭᠡᠯᠴᠢ ᠴᠢᠨᠠᠷ᠎ᠢ ᠬᠥᠭ᠌ᠵᠢᠭᠡᠵᠦ᠍᠂ ᠬᠠᠢᠷ᠎ᠠ ᠬᠠᠯᠠᠮᠵᠢ᠎ᠪᠠᠨ ᠡᠷᠭᠦᠬᠦ᠌᠎ᠶ᠋ᠢᠨ ᠬᠠᠮᠲᠤ ᠪᠠᠰᠠ ᠬᠡᠷ ᠪᠦᠯᠢ᠎ᠶ᠋ᠢᠨ ᠠᠮᠢᠳᠤᠷᠠᠯ᠎ᠳᠤ ᠥᠩᠭᠡ ᠬᠡᠷᠡᠯ ᠨᠡᠮᠡᠷᠢᠯᠡᠵᠦ᠍᠂ ᠡᠬᠢ ᠪᠠᠶᠠᠯᠢᠭ᠎ᠤᠨ ᠠᠭᠤᠰᠤᠯᠴᠠᠯ ᠬᠢᠭᠡᠳ ᠦᠨᠳᠦᠰᠦᠨ ᠱᠠᠲᠤᠨ᠎ᠳᠤ ᠦᠢᠯᠡᠴᠢᠯᠡᠬᠦ᠌᠎ᠶ᠋ᠢ ᠬᠠᠷᠢᠯᠴᠠᠨ ᠤᠶᠠᠯᠳᠤᠭᠤᠯᠬᠤ᠎ᠶ᠋ᠢ ᠠᠬᠢᠭᠤᠯᠵᠤ᠂ ᠱᠢᠨ᠎ᠡ ᠠᠵᠢᠯ ᠣᠯᠭᠤᠯᠲᠠ᠎ᠶ᠋ᠢᠨ ᠬᠡᠯᠪᠡᠷᠢ᠎ᠶ᠋ᠢᠨ ᠬᠥᠳᠡᠯᠮᠦᠷᠢᠴᠢᠨ᠂ ᠣᠷᠴᠢᠨ ᠲᠣᠭᠤᠷᠢᠨ᠎ᠤ ᠠᠵᠢᠯᠴᠢᠨ᠎ᠳᠤ ᠦᠨᠡᠨ ᠰᠡᠳᠭᠢᠯ᠎ᠠᠴᠠ᠎ᠪᠠᠨ ᠰᠠᠢᠨ ᠶᠠᠪᠤᠳᠠᠯ᠂ ᠪᠣᠳᠠᠲᠤ ᠶᠠᠪᠤᠳᠠᠯ ᠬᠢᠵᠦ᠍ ᠥᠭ᠌ᠭᠦ᠎ᠶ᠋ᠢ ᠵᠤᠷᠢᠬ᠍ᠰᠠᠨ ᠪᠠᠢᠨ᠎ᠠ᠃

ᠥᠷᠭᠡᠨ ᠣᠯᠠᠨ ᠬᠤᠭᠤᠯᠠ ᠬᠦᠷᠭᠡᠭ᠌ᠴᠢ᠂ ᠠᠴᠢᠶᠠᠨ᠎ᠤ ᠮᠠᠱᠢᠨ᠎ᠤ ᠵᠢᠯᠣᠭᠤᠴᠢ᠂ ᠣᠷᠴᠢᠨ ᠲᠣᠭᠤᠷᠢᠨ᠎ᠤ ᠠᠵᠢᠯᠴᠢᠨ᠂ ᠵᠠᠮ ᠬᠠᠷᠢᠯᠴᠠᠭᠠᠨ᠎ᠤ ᠴᠠᠭ᠍ᠳᠠᠭ᠎ᠠ ᠵᠡᠷᠭᠡ ᠭᠡᠷ᠎ᠤᠨ ᠭᠠᠳᠠᠨᠠᠬᠢ ᠬᠥᠳᠡᠯᠮᠦᠷᠢᠴᠢᠳ᠎ᠲᠤ ᠬᠠᠯᠠᠮᠵᠢᠯᠠᠯ ᠬᠦᠷᠲᠡᠭᠡᠬᠦ᠌᠎ᠶ᠋ᠢᠨ ᠲᠤᠯᠠᠳᠠ 2016 ᠣᠨ᠎ᠠᠴᠠ ᠡᠬᠢᠯᠡᠨ᠂ ᠠᠯᠠᠱᠠ ᠵᠡᠭᠦᠨ ᠬᠤᠱᠢᠭᠤᠨ᠎ᠤ ᠠᠵᠢᠯᠴᠢᠨ᠎ᠤ ᠶᠡᠷᠦᠩᠬᠡᠶ ᠡᠪᠯᠡᠯ ᠭᠡᠷ᠎ᠤᠨ ᠭᠠᠳᠠᠨᠠᠬᠢ ᠬᠥᠳᠡᠯᠮᠦᠷᠢᠴᠢᠳ᠎ᠲᠤ ᠦᠢᠯᠡᠴᠢᠯᠡᠬᠦ᠌ ᠥᠷᠲᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠠᠵᠢᠯ᠎ᠢ ᠦᠷᠭᠦᠯᠵᠢᠯᠡᠨ ᠥᠷᠨᠢᠭᠦᠯᠦᠨ᠂ ᠪᠠᠶᠠᠨᠬᠤᠲᠠ ᠪᠠᠯᠭᠠᠰᠤᠨ᠎ᠤ ᠬᠤᠭ ᠨᠣᠪᠰᠢ ᠳᠠᠮᠵᠢᠭᠤᠯᠬᠤ ᠥᠷᠲᠡᠭᠡ᠎ᠶ᠋ᠢᠨ ᠠᠮᠠᠷᠠᠬᠤ ᠭᠡᠷ ᠪᠠ ᠤᠰᠤ᠎ᠪᠠᠷ ᠴᠡᠪᠡᠷᠱᠢᠭᠦᠯᠬᠦ᠌ ᠵᠣᠷᠯᠣᠩ᠎ᠤᠨ ᠠᠮᠠᠷᠠᠬᠤ ᠭᠡᠷ ᠵᠡᠷᠭᠡ᠎ᠶ᠋ᠢ ᠪᠠᠢᠭᠤᠯᠤᠨ᠂ 《ᠬᠠᠢᠷ᠎ᠠ ᠬᠠᠯᠠᠮᠵᠢ᠎ᠶ᠋ᠢᠨ ᠤᠯᠠᠭ᠎ᠠ ᠥᠷᠲᠡᠭᠡ》᠂ 《ᠭᠡᠷ᠎ᠤᠨ ᠭᠠᠳᠠᠨᠠᠬᠢ ᠬᠥᠳᠡᠯᠮᠦᠷᠢᠴᠢᠳ᠎ᠤᠨ ᠥᠷᠲᠡᠭᠡ》 ᠵᠡᠷᠭᠡ ᠭᠡᠷ᠎ᠤᠨ ᠭᠠᠳᠠᠨᠠᠬᠢ ᠬᠥᠳᠡᠯᠮᠦᠷᠢᠴᠢᠳ᠎ᠤᠨ ᠲᠦᠷ ᠴᠠᠭ ᠠᠮᠠᠷᠠᠬᠤ ᠭᠠᠵᠠᠷ᠎ᠢ ᠨᠡᠢᠲᠡ 11 ᠥᠷᠲᠡᠭᠡ ᠪᠠᠢᠭᠤᠯᠤᠨ᠂ 1123 ᠬᠥᠳᠡᠯᠮᠦᠷᠢᠴᠢᠨ᠎ᠢ ᠬᠠᠮᠤᠷᠴᠦ᠍᠂ 2022 ᠣᠨ᠎ᠳᠤ ᠨᠡᠢᠲᠡ 103880 ᠬᠥᠮᠦᠨ (ᠤᠳᠠᠭ᠎ᠠ) ᠳ᠋ᠤ ᠦᠢᠯᠡᠴᠢᠯᠡᠪᠡ᠃

《ᠬᠠᠢᠷ᠎ᠠ ᠬᠠᠯᠠᠮᠵᠢ᠎ᠶ᠋ᠢᠨ ᠥᠷᠲᠡᠭᠡ》ᠵᠢᠴᠢ《ᠬᠡᠷ᠎ᠤᠨ ᠭᠠᠳᠠᠨᠠᠬᠢ ᠬᠥᠳᠡᠯᠮᠦᠷᠢᠴᠢᠳ᠎ᠤᠨ ᠥᠷᠲᠡᠭᠡ》 ᠶ᠋ᠢᠨ 《ᠨᠣᠮ᠎ᠤᠨ ᠪᠤᠯᠤᠩ》 ᠢ᠋ ᠨᠠᠩ ᠡᠯᠪᠡᠭ᠌ᠵᠢᠭᠦᠯᠬᠦ᠌᠎ᠶ᠋ᠢᠨ ᠲᠥᠯᠥᠭᠡ ᠲᠤᠰ ᠤᠳᠠᠭᠠᠨ᠎ᠤ ᠠᠵᠢᠯᠯᠠᠭ᠎ᠠ᠎ᠶ᠋ᠢ ᠥᠷᠨᠢᠭᠦᠯᠵᠦ᠍᠂ 《ᠪᠥᠬᠦ᠌ ᠠᠷᠠᠳ᠎ᠤᠨ ᠤᠩᠱᠢᠯᠭ᠎ᠠ》 ᠶ᠋ᠢᠨ ᠣᠢᠯᠠᠭᠠᠭ᠍ᠳᠠᠬᠤᠨ᠎ᠢ ᠲᠦᠭᠡᠮᠡᠯᠵᠢᠭᠦᠯᠬᠦ᠌᠎ᠶ᠋ᠢ ᠠᠬᠢᠭᠤᠯᠤᠬ᠍ᠰᠠᠨ᠎ᠢᠶᠠᠷ ᠪᠠᠷᠠᠬᠤ ᠥᠬᠡᠶ᠂ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠳᠠᠬᠢᠨ ᠠᠱᠢᠭ᠍ᠯᠠᠵᠦ ᠪᠤᠯᠬᠤ ᠪᠣᠬᠢᠷᠲᠤᠯ ᠥᠬᠡᠶ ᠠᠮᠢᠳᠤᠷᠠᠯ᠎ᠤᠨ ᠣᠢᠯᠠᠭᠠᠭ᠍ᠳᠠᠬᠤᠨ᠎ᠢ ᠤᠯᠠᠨ ᠲᠦᠮᠡᠨ᠎ᠳᠦ ᠤᠬᠠᠭᠤᠯᠤᠨ ᠰᠤᠷᠲᠠᠯᠴᠢᠯᠠᠵᠠᠢ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面