2023-08-14 10:43:53
ᠲᠦᠷᠦᠭᠦᠬᠡᠨ᠂ ᠨᠢᠭᠡᠨ ᠴᠤᠯᠤ ᠴᠠᠬᠢᠯᠭᠠᠨ ᠬᠥᠳᠡᠯᠭᠡᠭᠦᠷᠲᠦ ᠮᠠᠱᠢᠨ ᠲᠡᠷᠭᠡ ᠦᠶ᠋ᠯᠡᠳᠪᠦᠷᠢᠯᠡᠯ᠎ᠦᠨ ᠱᠤᠭᠤᠮ᠎ᠠᠴᠠ ᠪᠠᠭᠤᠬᠤ᠎ᠶ᠋ᠢ ᠳᠠᠭᠠᠯᠳᠤᠨ᠂ ᠮᠠᠨ᠎ᠤ ᠤᠯᠤᠰ᠎ᠤᠨ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠦᠶ᠋ᠯᠡᠳᠪᠦᠷᠢᠯᠡᠯ᠎ᠤᠨ ᠲᠤᠭ᠎ᠠ ᠨᠡᠢᠲᠡ 2000 ᠲᠦᠮᠡ᠎ᠶ᠋ᠢ ᠳᠠᠪᠠᠭᠰᠠᠨ ᠪᠠᠢᠨ᠎ᠠ᠃ ᠲᠤᠰᠭᠠᠶ ᠮᠡᠷᠭᠡᠵᠢᠯᠲᠡᠨ᠎ᠦ ᠦᠵᠡᠬᠦ᠌᠎ᠪᠡᠷ᠂ ᠡᠨᠡ ᠨᠢ ᠮᠠᠨ᠎ᠤ ᠤᠯᠤᠰ᠎ᠤᠨ ᠱᠢᠨ᠎ᠡ ᠡᠨᠧᠷᠭᠢ᠎ᠶ᠋ᠢᠨ ᠮᠠᠱᠢᠨ ᠲᠡᠷᠭᠡ᠎ᠶ᠋ᠢ ᠠᠵᠤ ᠦᠢᠯᠡᠰᠵᠢᠭᠦᠯᠬᠦ᠌᠂ ᠵᠠᠬ᠎ᠠ ᠳᠡᠯᠭᠡᠭᠦᠷᠴᠢᠯᠡᠬᠦ᠌ ᠰᠠᠭᠤᠷᠢᠨ ᠳᠡᠭᠡᠷ᠎ᠡ ᠬᠡᠪᠴᠢᠶᠡᠵᠢᠭᠦᠯᠬᠦ᠌᠂ ᠳᠡᠯᠡᠬᠡᠢᠴᠢᠯᠡᠬᠦ᠌ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠱᠠᠲᠤᠨ᠎ᠳᠤ ᠣᠷᠣᠭ᠍ᠰᠠᠨ᠎ᠢ ᠬᠠᠷᠠᠭᠤᠯᠵᠤ ᠪᠠᠢᠨ᠎ᠠ ᠭᠡᠵᠡᠢ᠃

ᠣᠳᠣᠬᠠᠨ᠎ᠳᠤ ᠪᠠ ᠬᠣᠢᠱᠢᠳᠠ᠎ᠶ᠋ᠢᠨ ᠬᠡᠰᠡᠭ ᠬᠤᠭᠤᠴᠠᠭᠠᠨ᠎ᠳᠤ᠂ ᠮᠠᠨ᠎ᠤ ᠤᠯᠤᠰ᠎ᠤᠨ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠠᠵᠤ ᠦᠢᠯᠡᠰ᠎ᠦᠨ ᠬᠥᠭ᠌ᠵᠢᠯᠲᠡ᠎ᠳᠦ ᠶᠠᠮᠠᠷ ᠶᠠᠮᠠᠷ ᠠᠵᠠ ᠲᠣᠬᠢᠶᠠᠯ ᠪᠠ ᠥᠷᠢᠰᠥᠯᠳᠦᠭᠡᠨ ᠲᠤᠯᠭᠠᠷᠠᠵᠤ ᠪᠠᠢᠬᠤ ᠪᠤᠢ?ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠠᠵᠤ ᠦᠢᠯᠡᠰ᠎ᠦᠨ ᠲᠣᠭ᠍ᠲᠠᠭᠤᠨ᠎ᠢᠶᠠᠷ ᠬᠥᠭ᠌ᠵᠢᠬᠦ᠌᠎ᠶ᠋ᠢ ᠬᠡᠷᠬᠢᠨ ᠠᠬᠢᠭᠤᠯᠬᠤ ᠪᠤᠢ?
ᠲᠦᠷᠦᠭᠦᠸ᠋ ᠬᠠᠭᠠᠰ ᠵᠢᠯ᠎ᠦᠨ ᠦᠶ᠋ᠯᠡᠳᠪᠦᠷᠢᠯᠡᠯ ᠪᠣᠷᠣᠯᠠᠭᠤᠯᠭ᠎ᠠ ᠠᠳᠠᠯᠢ ᠬᠤᠭᠤᠴᠠᠭᠠᠨ᠎ᠤ ᠬᠢ᠎ᠡᠴᠡ ᠲᠣᠰ ᠲᠣᠰ 42.4% ᠪᠠ 44.1% ᠪᠡᠷ ᠨᠡᠮᠡᠭ᠌ᠳᠡᠪᠡ
ᠱᠢᠨ᠎ᠡ ᠡᠨᠧᠷᠭᠢ᠎ᠶ᠋ᠢᠨ ᠮᠠᠱᠢᠨ ᠲᠡᠷᠭᠡ ᠪᠣᠯ ᠪᠥᠬᠥ᠌ ᠳᠡᠯᠡᠬᠡᠶ᠎ᠶ᠋ᠢᠨ ᠮᠠᠱᠢᠨ ᠲᠡᠷᠭᠡᠨ᠎ᠦ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌ ᠪᠠ ᠪᠣᠬᠢᠷᠲᠤᠯ ᠥᠬᠡᠶ ᠬᠥᠭ᠌ᠵᠢᠯᠲᠡ᠎ᠶ᠋ᠢᠨ ᠭᠣᠸ᠋ᠯ ᠴᠢᠭ᠌ᠯᠡᠯ ᠮᠥᠨ᠂ ᠪᠠᠰᠠ ᠴᠤ᠌ ᠮᠠᠨ᠎ᠤ ᠤᠯᠤᠰ᠎ᠤᠨ ᠮᠠᠱᠢᠨ ᠲᠡᠷᠭᠡᠨ᠎ᠦ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠰᠣᠩᠭᠣᠯᠲᠠ ᠮᠥᠨ᠃ ᠳᠤᠮᠳᠠᠳᠤ ᠤᠯᠤᠰ᠎ᠤᠨ ᠮᠠᠱᠢᠨ ᠲᠡᠷᠭᠡᠨ᠎ᠦ ᠠᠵᠤ ᠦᠢᠯᠡᠳᠪᠦᠷᠢ᠎ᠶ᠋ᠢᠨ ᠨᠡᠢᠭᠡᠮᠯᠢᠭ᠎ᠦᠨ ᠬᠠᠮᠤᠭ᠎ᠤᠨ ᠱᠢᠨ᠎ᠡ ᠲᠣᠭ᠎ᠠ ᠪᠠᠷᠢᠮᠲᠠ᠎ᠳᠤ ᠬᠠᠷᠠᠭᠤᠯᠤᠭ᠍ᠰᠠᠨ᠎ᠢᠶᠠᠷ᠂ ᠡᠨᠡ ᠵᠢᠯ᠎ᠦᠨ ᠳᠡᠭᠡᠷ᠎ᠡ ᠬᠠᠭᠠᠰ ᠵᠢᠯ᠎ᠳᠦ ᠮᠠᠨ᠎ᠤ ᠤᠯᠤᠰ᠎ᠤᠨ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠦᠢᠯᠡᠳᠪᠦᠷᠢᠯᠡᠯ ᠪᠣᠷᠣᠯᠠᠭᠤᠯᠭ᠎ᠠ ᠲᠤᠰ ᠲᠤᠰ 378.8 ᠲᠦᠮᠡ ᠪᠠ 374.7 ᠲᠦᠮᠡ᠎ᠶ᠋ᠢ ᠪᠡᠶᠡᠯᠡᠭᠦᠯᠵᠦ᠍᠂ ᠠᠳᠠᠯᠢ ᠬᠤᠭᠤᠴᠠᠭᠠᠨ᠎ᠤ ᠬᠢ᠎ᠡᠴᠡ ᠲᠤᠰ ᠲᠤᠰ 42.4% ᠪᠠ 44.1% ᠨᠡᠮᠡᠭ᠌ᠳᠡᠪᠡ;ᠱᠢᠨ᠎ᠡ ᠡᠨᠧᠷᠭᠢ᠎ᠶ᠋ᠢᠨ ᠮᠠᠰᠢᠨ ᠲᠡᠷᠭᠡᠨ᠎ᠤ ᠱᠢᠨ᠎ᠡ ᠲᠡᠷᠭᠡᠨ᠎ᠦ ᠪᠣᠷᠣᠯᠠᠭᠤᠯᠭ᠎ᠠ᠎ᠶ᠋ᠢᠨ ᠬᠡᠮᠵᠢᠶ᠎ᠡ ᠨᠢ ᠮᠠᠱᠢᠨ ᠲᠡᠷᠭᠡᠨ᠎ᠦ ᠱᠢᠨ᠎ᠡ ᠲᠡᠷᠭᠡᠨ᠎ᠦ ᠶᠡᠷᠦᠩᠬᠡᠶ ᠪᠣᠷᠣᠯᠠᠭᠤᠯᠭ᠎ᠠ᠎ᠶ᠋ᠢᠨ ᠬᠡᠮᠵᠢᠶ᠎ᠡ᠎ᠶ᠋ᠢᠨ 28.3%᠎ᠳᠦ ᠬᠦᠷᠴᠡᠢ᠃
ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ᠎ᠤ ᠲᠡᠳ᠋ ᠲᠠᠷᠤᠭ᠎ᠠ ᠱᠢᠨ ᠭᠦᠸᠧ ᠪᠢᠨ᠎ᠤ ᠲᠠᠨᠢᠯᠴᠠᠭᠤᠯᠤᠭ᠍ᠰᠠᠨ᠎ᠢᠶᠠᠷ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ ᠮᠠᠨ᠎ᠤ ᠤᠯᠤᠰ ᠡᠩ ᠲᠡᠷᠢᠭᠦᠨ᠎ᠳᠦ ᠱᠢᠨ᠎ᠡ ᠡᠨᠧᠷᠭᠢ᠎ᠶ᠋ᠢᠨ ᠮᠠᠱᠢᠨ ᠲᠡᠷᠭᠡ᠎ᠶ᠋ᠢ ᠬᠥᠭ᠌ᠵᠢᠭᠦᠯᠬᠦ᠌ ᠤᠯᠤᠰ᠎ᠤᠨ ᠪᠠᠢᠯᠳᠤᠬᠤ ᠪᠣᠳᠣᠯᠭ᠎ᠠ᠎ᠶ᠋ᠢ ᠲᠣᠭ᠍ᠲᠠᠭᠠᠵᠤ᠂ 2020 ᠣᠨ ᠪᠠ 2035 ᠣᠨ᠎ᠳᠤ ᠬᠠᠨᠳᠤᠭᠤᠯᠤᠭ᠍ᠰᠠᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠦᠷᠭᠦᠯᠵᠢᠯᠡᠨ ᠲᠣᠭ᠍ᠲᠠᠭᠠᠵᠤ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ᠎ᠠᠴᠠ ᠠᠵᠤ ᠦᠢᠯᠡᠰ᠎ᠦᠨ ᠬᠥᠭ᠌ᠵᠢᠯᠲᠡ᠎ᠶ᠋ᠢᠨ ᠦᠵᠦ᠍ ᠲᠥᠯᠥᠪᠯᠡᠭᠡ ᠪᠠ ᠠᠬᠢᠭᠤᠯᠬᠤ ᠲᠣᠭ᠍ᠲᠠᠴᠠ᠎ᠶ᠋ᠢ ᠪᠠᠢᠭᠤᠯᠬᠤ᠎ᠶ᠋ᠢ ᠴᠤᠬᠤᠯᠠᠪᠤᠷᠢᠯᠠᠨ ᠬᠠᠷᠢᠭᠤᠯᠵᠤ᠂ ᠡᠯ᠎ᠡ ᠰᠠᠯᠠᠭ᠎ᠠ ᠮᠥᠴᠢᠷ᠎ᠦᠨ ᠬᠢᠨ ᠤᠷᠢᠳ ᠬᠣᠵᠢᠳ 70 ᠭᠠᠷᠤᠢ ᠵᠦᠢᠯ᠎ᠦᠨ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠠᠵᠤ ᠦᠢᠯᠡᠰ᠎ᠦᠨ ᠬᠥᠭ᠌ᠵᠢᠯᠲᠡ᠎ᠶ᠋ᠢ ᠳᠡᠮᠵᠢᠬᠦ᠌ ᠲᠦᠷᠦ᠍᠎ᠶ᠋ᠢᠨ ᠪᠤᠳᠤᠯᠭ᠎ᠠ ᠠᠷᠭ᠎ᠠ ᠬᠡᠮᠵᠢᠢ᠎ᠡ᠎ᠶ᠋ᠢ ᠲᠣᠭ᠍ᠲᠠᠭᠠᠵᠤ᠂ ᠲᠤᠰ ᠪᠡᠶ᠎ᠡ᠎ᠶ᠋ᠢᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠢᠵᠢ ᠪᠦᠷᠢᠳᠦᠭ᠌ᠰᠡᠨ ᠲᠦᠷᠦ᠍᠎ᠶ᠋ᠢᠨ ᠪᠤᠳᠤᠯᠭ᠎ᠠ᠎ᠶ᠋ᠢ ᠲᠣᠭ᠍ᠲᠠᠭᠠᠵᠤ᠂ ᠠᠵᠢᠯ ᠲᠦᠷᠦᠯ᠎ᠦᠨ ᠠᠵᠤ ᠠᠬᠤᠢᠯᠠᠯ ᠱᠢᠨ᠎ᠡ᠎ᠶ᠋ᠢ ᠡᠭᠦᠳᠬᠦ᠌ ᠠᠯᠬᠤᠴᠠ᠎ᠪᠠᠨ ᠲᠦᠷᠭᠡᠳᠭᠡᠵᠦ᠍᠂ ᠮᠠᠨ᠎ᠤ ᠤᠯᠤᠰ᠎ᠤᠨ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠠᠵᠤ ᠦᠢᠯᠡᠰ᠎ᠦᠨ ᠬᠥᠭ᠌ᠵᠢᠯᠲᠡ᠎ᠶ᠋ᠢᠨ ᠲᠡᠦᠬᠡᠲᠦ ᠴᠢᠨᠠᠷᠲᠠᠢ ᠠᠮᠵᠢᠯᠲᠠ ᠤᠯᠬᠤ᠎ᠶ᠋ᠢ ᠬᠠᠮᠲᠤ ᠪᠠᠷ ᠠᠬᠢᠭᠤᠯᠪᠠ᠃
— ᠴᠥᠬᠥᠷᠡᠰᠢ ᠥᠬᠡᠶ ᠴᠢᠷᠮᠠᠢᠯᠭ᠎ᠠ᠎ᠪᠠᠷ ᠳᠡᠮᠵᠢᠨ᠂ ᠮᠠᠨ᠎ᠤ ᠤᠯᠤᠰ ᠪᠦᠲᠦᠴᠡ᠎ᠪᠡᠷ ᠪᠦᠷᠢᠨ ᠪᠦᠲᠦᠨ᠂ ᠣᠷᠭᠠᠨᠢᠭ᠎ᠢᠶᠠᠷ ᠬᠠᠮᠵᠢᠯᠴᠠᠭ᠍ᠰᠠᠨ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠵᠤ᠂ ᠪᠥᠬᠥ᠌ ᠳᠡᠯᠡᠬᠡᠶ᠎ᠶ᠋ᠢᠨ ᠬᠠᠮᠤᠭ᠎ᠤᠨ ᠲᠣᠮᠣ ᠬᠡᠷᠡᠭ᠌ᠯᠡᠭᠡᠨ᠎ᠦ ᠵᠠᠬ᠎ᠠ ᠳᠡᠯᠭᠡᠭᠦᠷ᠎ᠢ ᠪᠣᠢᠵᠢᠭᠤᠯᠤᠨ᠂ ᠱᠢᠨ᠎ᠡ ᠡᠨᠧᠷᠭᠢ᠎ᠶ᠋ᠢᠨ ᠮᠠᠱᠢᠨ ᠲᠡᠷᠭᠡ ᠬᠢᠭᠡᠳ ᠬᠣᠯᠪᠣᠭ᠍ᠳᠠᠯ ᠪᠥᠬᠥᠶ ᠠᠵᠢᠯ ᠲᠥᠷᠥᠯ᠎ᠦᠨ ᠬᠠᠷᠢᠯᠴᠠᠨ ᠠᠭᠤᠰᠤᠯᠴᠠᠨ ᠬᠠᠮᠲᠤ᠎ᠪᠠᠷ ᠣᠷᠣᠱᠢᠬᠤ᠂ ᠬᠠᠮᠲᠤᠷᠠᠨ ᠠᠵᠢᠯᠯᠠᠵᠤ ᠬᠠᠮᠲᠤ᠎ᠪᠠᠷ ᠠᠱᠢᠭ ᠭᠥᠷᠳᠡᠬᠦ᠌ ᠰᠠᠢᠨ ᠰᠠᠢᠬᠠᠨ ᠬᠥᠭ᠌ᠵᠢᠯᠲᠡ᠎ᠶ᠋ᠢᠨ ᠪᠠᠢᠳᠠᠯ᠎ᠢ ᠪᠣᠶ ᠪᠣᠯᠭᠠᠵᠠᠢ ᠭᠡᠵᠦ᠍ ᠱᠢᠨ ᠭᠦᠸᠧ ᠪᠢᠨ ᠬᠡᠯᠡᠨ᠎ᠡ᠃
ᠳᠤᠮᠳᠠᠳᠤ ᠤᠯᠤᠰ᠎ᠤᠨ ᠮᠠᠱᠢᠨ ᠲᠡᠷᠭᠡᠨ᠎ᠦ ᠠᠵᠤ ᠦᠢᠯᠡᠳᠪᠦᠷᠢ᠎ᠶ᠋ᠢᠨ ᠨᠡᠢᠭᠡᠮᠯᠢᠭ᠎ᠦᠨ ᠪᠠᠢᠩᠭᠤ᠎ᠶ᠋ᠢᠨ ᠳᠡᠳ᠋ ᠳᠠᠷᠤᠭ᠎ᠠ ᠪᠥᠭᠡᠳ ᠨᠠᠷᠢᠨ ᠪᠢᠴᠢᠭ᠎ᠦᠨ ᠳᠠᠷᠤᠭ᠎ᠠ ᠹᠦ᠋ ᠪᠢᠩ ᠹᠸᠩ᠎ᠤᠨ ᠲᠠᠨᠢᠯᠴᠠᠭᠤᠯᠤᠭ᠍ᠰᠠᠨ᠎ᠢᠶᠠᠷ᠂ 2020 ᠣᠨ᠎ᠤ 9 ᠰᠠᠷ᠎ᠠ᠎ᠳᠤ ᠮᠠᠨ᠎ᠤ ᠤᠯᠤᠰ᠎ᠤᠨ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠦᠢᠯᠡᠳᠪᠦᠷᠢᠯᠡᠯ ᠨᠡᠢ᠌ᠳᠡ 500 ᠲᠦᠮᠡ᠎ᠶ᠋ᠢ ᠳᠠᠪᠠᠵᠤ᠂ 2022 ᠣᠨ᠎ᠤ 2 ᠰᠠᠷ᠎ᠠ᠎ᠳᠤ 1000 ᠲᠦᠮᠡ᠎ᠶ᠋ᠢ ᠳᠠᠪᠠᠵᠤ᠂ ᠬᠣᠶᠠᠳᠤᠭᠠᠷ 1000 ᠲᠦᠮᠡ᠎ᠶ᠋ᠢ ᠪᠡᠶᠡᠯᠡᠭᠦᠯᠬᠦ᠎ᠳᠦ ᠵᠥᠪᠬᠡᠨ 1 ᠵᠢᠯ᠎ᠦᠨ ᠭᠠᠳᠠᠨ᠎ᠠ 5 ᠰᠠᠷ᠎ᠠ ᠯᠡ ᠬᠡᠷᠡᠭ᠌ᠰᠡᠭᠰᠡᠨ ᠭᠡᠵᠡᠢ᠃
ᠡᠭᠦᠨ᠎ᠦ ᠵᠡᠷᠭᠡ᠎ᠳᠦ᠂ ᠮᠠᠨ᠎ᠤ ᠤᠯᠤᠰ᠎ᠤᠨ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠨᠠᠷᠠᠲᠤ ᠲᠥᠷᠥᠯ ᠲᠡᠮᠳᠡᠭ᠌ᠲᠦ᠍᠎ᠶ᠋ᠢᠨ ᠥᠷᠢᠰᠦᠯᠳᠦᠬᠦ᠌ ᠬᠦᠴᠦᠨ ᠶᠡᠬᠡ ᠪᠡᠷ ᠨᠡᠮᠡᠭᠳᠡᠵᠡᠢ᠃ ᠪᠦᠷᠢᠳᠭᠡᠯ᠎ᠢ ᠦᠨᠳᠦᠰᠦᠯᠡᠪᠡᠯ᠂ 2022 ᠣᠨ᠎ᠳᠤ ᠪᠡᠶ᠎ᠡ᠎ᠪᠡᠨ ᠳᠠᠭᠠᠭᠠᠭ᠍ᠰᠠᠨ ᠨᠠᠷᠠᠲᠤ ᠲᠡᠮᠳᠡᠭ᠌ᠲᠦ ᠱᠢᠨ᠎ᠡ ᠡᠨᠧᠷᠭᠢ᠎ᠶ᠋ᠢᠨ ᠮᠠᠱᠢᠨ᠎ᠤ ᠤᠯᠤᠰ᠎ᠤᠨ ᠳᠣᠲᠣᠭᠠᠳᠤ᠎ᠶ᠋ᠢᠨ ᠵᠠᠬ᠎ᠠ ᠳᠡᠯᠭᠡᠭᠦᠷ᠎ᠦᠨ ᠪᠣᠷᠣᠯᠠᠭᠤᠯᠤᠯᠲᠠ᠎ᠶ᠋ᠢᠨ ᠡᠵᠡᠯᠡᠬᠦ᠌ ᠬᠠᠷᠢᠴᠠᠯ 79.9% ᠬᠦᠷᠴᠦ᠍᠂ ᠠᠳᠠᠯᠢ ᠬᠤᠭᠤᠴᠠᠭᠠᠨ᠎ᠤ ᠬᠢ᠎ᠡᠴᠡ 5.4 ᠵᠠᠭᠤᠨ᠎ᠤ ᠨᠢᠭᠡᠴᠢ ᠳᠡᠭᠡᠭ᠌ᠰᠢᠯᠡᠵᠡᠶ᠃ ᠡᠨᠡ ᠵᠢᠯ᠎ᠦᠨ ᠳᠡᠭᠡᠷ᠎ᠡ ᠬᠠᠭᠠᠰ ᠵᠢᠯ᠎ᠳᠦ᠂ ᠱᠢᠨ᠎ᠡ ᠡᠨᠧᠷᠭᠢ᠎ᠶ᠋ᠢᠨ ᠮᠠᠱᠢᠨ ᠲᠡᠷᠭᠡ᠎ᠶ᠋ᠢ ᠭᠠᠳᠠᠭᠠᠳᠤ᠎ᠳᠤ ᠭᠠᠷᠭᠠᠭ᠍ᠰᠠᠨ ᠬᠡᠮᠵᠢᠶ᠎ᠡ 53.4 ᠲᠦᠮᠡ᠎ᠳᠦ ᠬᠦᠷᠴᠦ᠍᠂ ᠠᠳᠠᠯᠢ ᠬᠤᠭᠤᠴᠠᠭᠠᠨ᠎ᠤ ᠬᠢ᠎ᠡᠴᠡ 1.6 ᠳᠠᠬᠢᠨ ᠨᠡᠮᠡᠭ᠌ᠳᠡᠵᠡᠶ᠃
ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠭᠡᠱᠢᠭᠦᠨ᠂ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠠᠺᠠᠳᠧᠮᠢᠴᠢ᠂ ᠴᠢᠩᠬᠤᠸᠠ ᠶᠡᠬᠡ ᠰᠤᠷᠭᠠᠭᠤᠯᠢ᠎ᠶ᠋ᠢᠨ ᠫᠷᠤᠹᠸᠰᠰᠤᠷ ᠡᠸᠤ ᠶᠠᠩ ᠮᠢᠩ ᠭᠣᠸ᠋ ᠢᠯᠡᠷᠬᠡᠢᠯᠡᠬᠦ᠌᠎ᠳᠡᠭᠡᠨ᠂ ᠣᠢᠷ᠎ᠠ᠎ᠶ᠋ᠢᠨ ᠠᠷᠪᠠᠨ ᠵᠢᠯ᠎ᠦᠨ ᠳᠡᠭᠡᠳᠦ ᠬᠤᠷᠳᠤᠴᠠᠲᠤ ᠬᠥᠭ᠌ᠵᠢᠯᠲᠡ᠎ᠪᠡᠷ ᠳᠡᠮᠵᠢᠨ᠂ ᠮᠠᠨ᠎ᠤ ᠤᠯᠤᠰ᠎ᠤᠨ ᠱᠢᠨ᠎ᠡ ᠡᠨᠧᠷᠭᠢ᠎ᠶ᠋ᠢᠨ ᠮᠠᠱᠢᠨ ᠲᠡᠷᠭᠡ ᠪᠠ ᠬᠥᠳᠡᠯᠭᠡᠬᠦ ᠬᠦᠴᠦᠨ᠎ᠦ ᠳ᠋ᠢᠶᠠᠨ ᡂᠢ᠎ᠶ᠋ᠢᠨ ᠠᠵᠤ ᠦᠶ᠋ᠯᠡᠰ ᠪᠥᠬᠥ᠌ ᠪᠥᠮᠪᠥᠷᠴᠡᠭ᠎ᠢ ᠬᠥᠲᠥᠯᠥᠨ ᠳᠠᠭᠠᠭᠤᠯᠵᠤ᠂ ᠭᠠᠷᠤᠯᠲᠠ ᠪᠠ ᠬᠠᠳᠠᠭᠠᠯᠠᠯᠲᠠ᠎ᠶ᠋ᠢᠨ ᠬᠡᠮᠵᠢᠶ᠎ᠡ ᠳᠡᠯᠡᠬᠡᠶ᠎ᠶ᠋ᠢᠨ ᠨᠢᠭᠡᠳᠦᠭᠡᠷ᠎ᠲᠦ ᠯᠠᠪᠳᠠᠭᠤᠨ᠎ᠢᠶᠠᠷ ᠤᠷᠤᠭ᠍ᠰᠠᠨ ᠪᠥᠭᠡᠳ ᠶᠡᠬᠡ ᠬᠡᠪᠴᠢᠶ᠎ᠡ᠎ᠪᠡᠷ ᠭᠠᠳᠠᠭᠠᠳᠤ᠎ᠳᠤ ᠭᠠᠷᠭᠠᠬᠤ᠎ᠶ᠋ᠢ ᠪᠡᠶᠡᠯᠡᠭᠦᠯᠦᠭ᠌ᠰᠡᠨ ᠨᠢ ᠮᠠᠨ᠎ᠤ ᠤᠯᠤᠰ᠎ᠤᠨ ᠠᠵᠤ ᠠᠬᠤᠶ᠎ᠶ᠋ᠢᠨ ᠨᠢᠭᠡ ᠶᠡᠬᠡ ᠬᠢᠯᠠᠰ ᠴᠡᠭ ᠪᠣᠯᠤᠭ᠍ᠰᠠᠨ ᠪᠠᠢᠨ᠎ᠠ ᠭᠡᠵᠡᠶ᠃
《ᠭᠤᠷᠪᠠᠨ ᠴᠠᠬᠢᠯᠭᠠᠨ》 ᠤ᠋ ᠮᠡᠷᠭᠡᠵᠢᠯ᠎ᠦᠨ ᠬᠦᠷᠢᠶᠡᠨ᠎ᠳᠦ ᠥᠷᠢᠰᠥᠯᠳᠦᠭᠡᠨ᠎ᠦ ᠳᠠᠪᠠᠭᠤᠯᠢᠭ᠎ᠢ ᠠᠯᠬᠤᠮ ᠠᠯᠬᠤᠮ᠎ᠢᠶᠠᠷ ᠪᠤᠢ ᠪᠣᠯᠭᠠᠪᠠ
ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠣᠯ ᠠᠵᠤ ᠦᠢᠯᠡᠰ᠎ᠦᠨ ᠬᠥᠭ᠌ᠵᠢᠯᠲᠡ᠎ᠶ᠋ᠢᠨ ᠭᠣᠣᠯᠯᠠᠬᠤ ᠥᠷᠢᠰᠥᠯᠳᠦᠬᠦ᠌ ᠬᠦᠴᠦᠨ ᠮᠥᠨ᠃
ᠤᠢ᠍ᠢᠷ᠎ᠠ᠎ᠶ᠋ᠢᠨ ᠵᠢᠯ᠎ᠡᠴᠡ ᠮᠠᠨ᠎ᠤ ᠤᠯᠤᠰ᠎ᠤᠨ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠭᠣᠣᠯᠯᠠᠬᠤ ᠮᠡᠷᠭᠡᠵᠢᠯ ᠦᠷᠭᠦᠯᠵᠢᠯᠡᠨ ᠱᠢᠪᠲᠤᠯᠤᠯᠲᠠ᠎ᠲᠠᠶ ᠪᠣᠯᠵᠠᠢ᠃ ᠵᠢᠱ᠌ᠢᠶᠡᠯᠡᠪᠡᠯ᠂ ᠬᠥᠳᠡᠯᠭᠡᠬᠦ᠌ ᠬᠦᠴᠦᠨ᠎ᠦ ᠳ᠋ᠢᠶᠠᠨ ᡂᠢ᠎ᠶ᠋ᠢᠨ ᠲᠠᠩ ᠪᠡᠶ᠎ᠡ᠎ᠶ᠋ᠢᠨ ᠡᠨᠧᠷᠭᠢ᠎ᠶ᠋ᠢᠨ ᠨᠢᠭ᠍ᠲᠠᠴᠠ᠎ᠨᠢ ᠺᠢᠯᠣᠭ᠌ᠷᠠᠮ ᠪᠦᠷᠢ᠎ᠳᠡᠭᠡᠨ 300 ᠸᠠᠲ ᠴᠠᠭ ᠬᠦᠷᠴᠦ᠍᠂ ᠳᠡᠯᠡᠬᠡᠶ᠎ᠶ᠋ᠢᠨ ᠲᠡᠷᠢᠭᠦᠨ᠎ᠦ ᠬᠢᠷᠢ ᠲᠦᠪᠱᠢᠨ᠎ᠳᠦ ᠬᠦᠷᠴᠦ᠂ ᠱᠢᠨ᠎ᠡ ᠬᠡᠯᠪᠡᠷᠢ᠎ᠶ᠋ᠢᠨ ᠪᠦᠯᠦᠭ᠌ᠯᠡᠭ᠌ᠰᠡᠨ ᠮᠡᠷᠭᠡᠵᠢᠯ᠂ ᠥᠨᠳᠥᠷ ᠨᠢᠺᠸᠯ ᠺᠣᠪᠠᠯᠲ ᠥᠬᠡᠶ ᠳ᠋ᠢᠶᠠᠨ ᡂᠢ ᠵᠡᠷᠭᠡ᠎ᠨᠢ ᠬᠡᠷᠡᠭ᠌ᠯᠡᠭᠡᠨ᠎ᠳᠦ ᠱᠢᠪᠲᠤᠯᠤᠯᠲᠠ᠎ᠲᠠᠶ ᠪᠣᠯᠪᠠ;ᠬᠥᠳᠡᠯᠭᠡᠭᠦᠷ ᠴᠠᠬᠢᠯᠭᠠᠨ ᠮᠠᠱᠢᠨ᠎ᠤ ᠤᠷᠬᠢᠯᠤᠨ ᠬᠡᠮᠵᠢᠭ᠌ᠳᠡᠯ᠎ᠦᠨ ᠴᠢᠳᠠᠯ᠎ᠤᠨ ᠨᠢᠭ᠍ᠲᠠᠴᠠ᠎ᠨᠢ ᠺᠢᠯᠣᠭ᠌ᠷᠠᠮ ᠪᠦᠷᠢ᠎ᠳᠡᠭᠡᠨ 4.8 ᠺᠢᠯᠣᠸᠠᠲ᠎ᠠᠴᠠ ᠳᠠᠪᠠᠵᠤ᠂ ᠬᠠᠮᠤᠭ ᠥᠨᠳᠥᠷ ᠡᠷᠭᠢᠯᠲᠡ᠎ᠶ᠋ᠢᠨ ᠬᠤᠷᠳᠤᠴᠠ᠎ᠨᠢ ᠮᠢᠨᠦ᠋ᠲ ᠪᠦᠷᠢ᠎ᠳᠡᠭᠡᠨ16000 ᠡᠷᠭᠢᠨ᠎ᠠ;ᠴᠤᠯᠤ ᠴᠠᠬᠢᠯᠭᠠᠨ ᠬᠥᠳᠡᠯᠭᠡᠭᠦᠷᠲᠦ ᠰᠠᠭᠤᠳᠠᠯ᠎ᠤᠨ ᠮᠠᠱᠢᠨ᠎ᠤ ᠵᠠᠭᠤᠨ ᠺᠢᠯᠣᠮᠧᠲ᠋ᠷ᠎ᠦᠨ ᠳᠤᠮᠳᠠᠴᠢ ᠴᠠᠬᠢᠯᠭᠠᠨ᠎ᠤ ᠬᠣᠷᠣᠭ᠍ᠳᠠᠯ 12.35 ᠺᠢᠯᠣᠸᠠᠲ ᠴᠠᠭ ᠪᠣᠯᠲᠠᠯ᠎ᠠ ᠪᠠᠭᠤᠷᠠᠪᠠ᠃
《ᠮᠠᠨ᠎ᠤ ᠤᠯᠤᠰ ᠨᠢᠭᠡᠨᠲᠡ 〈ᠭᠤᠷᠪᠠᠨ ᠴᠠᠬᠢᠯᠭᠠᠨ〉 ( ᠳ᠋ᠢᠶᠠᠨ ᡂᠢ᠂ ᠴᠠᠬᠢᠯᠭᠠᠨ ᠮᠠᠱᠢᠨ ᠂ ᠴᠠᠬᠢᠯᠭᠠᠨ ᠡᠵᠡᠮᠱᠢᠯ)ᠦ᠋ᠨ ᠮᠡᠷᠭᠡᠵᠢᠯ᠎ᠦᠨ ᠬᠦᠷᠢᠶᠡᠨ᠎ᠳᠦ ᠥᠷᠢᠰᠥᠯᠳᠦᠭᠡᠨ᠎ᠦ ᠳᠠᠪᠠᠭᠤᠯᠢᠭ᠎ᠢ ᠠᠯᠬᠤᠮ ᠠᠯᠬᠤᠮ᠎ᠢᠶᠠᠷ ᠪᠤᠶ ᠪᠣᠯᠭᠠᠵᠠᠶ》᠃ ᠹᠦ᠋ ᠪᠢᠩ ᠹᠸᠩ ᠬᠡᠯᠡᠬᠦ᠎ᠳᠡᠭᠡᠨ᠂ ᠤᠢ᠍ᠢᠷ᠎ᠠ᠎ᠶ᠋ᠢᠨ ᠬᠤᠭᠤᠴᠠᠭᠠᠨ᠎ᠳᠤ ᠬᠡᠷᠡᠭ᠌ᠯᠡᠭᠡᠨ᠎ᠦ ᠳᠠᠯᠳᠠ ᠬᠦᠴᠦᠨ᠎ᠢ ᠬᠥᠭ᠌ᠵᠢᠭᠡᠬᠦ᠂ ᠠᠵᠤ ᠦᠢᠯᠡᠰ᠎ᠦᠨ ᠢᠵᠢ ᠪᠦᠷᠢᠳᠦᠭᠦᠯᠬᠦ᠌ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ ᠵᠡᠷᠭᠡ ᠲᠠᠯ᠎ᠠ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢ ᠵᠠᠯᠭᠠᠭ᠎ᠠ᠎ᠪᠠᠷ ᠬᠡᠷᠡᠭ᠌ᠵᠢᠭᠦᠯᠵᠦ᠍᠂ ᠵᠠᠬ᠎ᠠ ᠳᠡᠯᠭᠡᠭᠦᠷ᠎ᠦᠨ ᠵᠢᠱ᠌ᠢᠯᠲᠡ᠎ᠶ᠋ᠢ ᠤᠯᠠᠮ ᠴᠢᠨᠠᠭ᠍ᠰᠢᠳᠠ ᠲᠣᠭ᠍ᠲᠠᠪᠤᠷᠢᠵᠢᠭᠤᠯᠵᠤ᠂ ᠠᠵᠤ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠪᠣᠯᠤᠨ᠎ᠠ ᠭᠡᠵᠡᠢ᠃
ᠬᠡᠯᠡᠯᠭᠡᠨ ᠥᠬᠡᠶ᠂ ᠮᠠᠨ᠎ᠤ ᠤᠯᠤᠰ᠎ᠤᠨ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠠᠵᠤ ᠦᠶ᠋ᠯᠡᠰ᠎ᠲᠦ ᠵᠠᠩᠭᠢᠯᠠᠭ᠎ᠠ᠎ᠶ᠋ᠢᠨ ᠭᠣᠸ᠋ᠯᠯᠠᠬᠤ ᠮᠡᠷᠭᠡᠵᠢᠯ᠎ᠦᠨ ᠬᠠᠩᠭᠠᠯᠭ᠎ᠠ ᠬᠦᠷᠦᠯᠴᠡᠬᠦ᠌ ᠥᠬᠡᠶ ᠪᠠᠢᠬᠤ᠂ ᠲᠤᠯᠭᠠᠭᠤᠷᠢᠯᠠᠨ ᠪᠠᠲᠤᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠴᠢᠬᠤᠯᠠᠲᠠᠶ ᠪᠠᠢᠬᠤ ᠵᠡᠷᠭᠡ ᠠᠰᠠᠭᠤᠳᠠᠯ ᠮᠥᠨ ᠬᠦ᠌ ᠣᠷᠣᠱᠢᠵᠤ ᠪᠠᠢᠬᠤ᠎ᠶ᠋ᠢ ᠴᠤ᠌ ᠣᠯᠵᠤ ᠬᠠᠷᠠᠬᠤ ᠬᠡᠷᠡᠭ᠌ᠲᠡᠶ᠃
《ᠮᠠᠱᠢᠨ ᠲᠡᠷᠭᠡᠨ᠎ᠦ ᠴᠢᠫ᠂ ᠬᠡᠷᠡᠭ᠌ᠯᠡᠭᠡᠨ᠎ᠦ ᠵᠥᠭᠡᠯᠡᠨ ᠲᠣᠨᠣᠭ ᠪᠣᠯᠤᠨ ᠠᠵᠢᠯᠯᠠᠭᠤᠯᠬᠤ ᠱᠢᠰᠲ᠋ᠧᠮ ᠵᠡᠷᠭᠡ ᠣᠯᠠᠨ ᠬᠦᠷᠢᠶᠡᠨ᠎ᠳᠦ ᠬᠠᠮᠵᠢᠯᠴᠠᠨ ᠤᠷᠤᠭ᠍ᠰᠢᠯᠠᠬᠤ ᠵᠠᠭ᠍ᠪᠤᠷ᠎ᠢ ᠪᠤᠶ ᠪᠣᠯᠭᠠᠬᠤ ᠪᠣᠯ ᠠᠵᠤ ᠦᠢᠯᠡᠰ᠎ᠦᠨ ᠬᠡᠯᠪᠡᠷᠢ ᠶ᠋ᠢ ᠬᠤᠪᠢᠷᠠᠭᠤᠯᠤᠨ ᠳᠡᠰ ᠳᠡᠪᠱᠢᠭᠦᠯᠬᠦ᠌ ᠶ᠋ᠢᠨ ᠵᠠᠩᠭᠢᠯᠠᠭ᠎ᠠ ᠮᠥᠨ》᠃ ᠳᠤᠮᠳᠠᠳᠤ ᠤᠯᠤᠰ᠎ᠤᠨ ᠮᠠᠱᠢᠨ ᠲᠡᠷᠭᠡᠨ᠎ᠦ ᠠᠵᠤ ᠦᠢᠯᠡᠳᠪᠦᠷᠢ᠎ᠶ᠋ᠢᠨ ᠨᠡᠢᠭᠡᠮᠯᠢᠭ᠎ᠦᠨ ᠳᠡᠳ᠋ ᠨᠠᠷᠢᠨ ᠪᠢᠴᠢᠭ᠎ᠦᠨ ᠳᠠᠷᠤᠭ᠎ᠠ ᠯᠢ ᠱᠤᠤ ᠬᠤᠸᠠ᠎ᠶ᠋ᠢᠨ ᠦᠵᠡᠬᠦ᠌᠎ᠪᠡᠷ᠂ ᠭᠣᠣᠯ ᠮᠠᠱᠢᠨ᠎ᠤ ᠦᠢᠯᠡᠳᠪᠦᠷᠢ ᠬᠤᠳᠠᠯᠳᠤᠭ᠎ᠠ᠂ ᠵᠥᠭᠡᠯᠡᠨ ᠲᠤᠨᠤᠭ᠎ᠤᠨ ᠠᠵᠤ ᠠᠬᠤᠢᠯᠠᠯ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ ᠵᠡᠷᠭᠡ ᠨᠢ ᠬᠠᠮᠲᠤ᠎ᠪᠠᠷ ᠨᠡᠢᠲᠡᠯᠢᠭ ᠴᠢᠨᠠᠷᠲᠠᠢ ᠮᠡᠷᠭᠡᠵᠢᠯ᠎ᠦᠨ ᠲᠠᠪᠴᠠᠩ᠎ᠢ ᠪᠠᠢᠭᠤᠯᠵᠤ᠂ ᠬᠠᠮᠲᠤ᠎ᠪᠠᠷ ᠡᠳ᠋ᠯᠡᠵᠦ᠍᠂ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠲᠣᠭ᠍ᠲᠠᠪᠤᠷᠢᠲᠤ ᠴᠢᠨᠠᠷ ᠪᠣᠯᠤᠨ ᠦᠷᠢᠰᠦᠯᠳᠦᠬᠦ᠌ ᠬᠦᠴᠦᠨ᠎ᠢ ᠳᠡᠭᠡᠭ᠌ᠰᠢᠯᠡᠭᠦᠯᠬᠦ᠌ ᠬᠡᠷᠡᠭ᠌ᠲᠡᠢ ᠭᠡᠯᠡ᠃
ᠱᠢᠨ ᠭᠦᠸᠧ ᠪᠢᠨ ᠵᠢᠭᠠᠵᠤ ᠭᠠᠷᠭᠠᠬᠤ᠎ᠳᠠᠭᠠᠨ᠂ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠯᠲᠠ᠎ᠶ᠋ᠢᠨ ᠶᠠᠮᠤᠨ᠎ᠠᠴᠠ ᠳᠤᠮᠳᠠᠳᠤ ᠤᠯᠤᠰ᠎ᠤᠨ ᠠᠵᠤ ᠠᠬᠤᠢᠯᠠᠯ ᠪᠣᠯᠤᠨ ᠡᠯ᠎ᠡ ᠤᠯᠤᠰ᠎ᠤᠨ ᠠᠵᠤ ᠠᠬᠤᠢᠯᠠᠯ᠎ᠤᠨ ᠱᠢᠨ᠎ᠡ ᠱᠢᠰᠲᠸᠮ᠎ᠤᠨ ᠳ᠋ᠢᠶᠠᠨ ᡂᠢ᠂ ᠠᠦ᠋ᠲ᠋ᠣ᠋ ᠵᠢᠯᠣᠭᠣᠳᠤᠮᠵᠢ ᠵᠡᠷᠭᠡ ᠬᠦᠷᠢᠶᠡᠨ᠎ᠳᠦ ᠮᠡᠷᠭᠡᠵᠢᠯ᠎ᠦᠨ ᠬᠠᠮᠲᠤᠷᠠᠯᠴᠠᠭ᠎ᠠ ᠥᠷᠨᠢᠭᠦᠯᠬᠦ᠌᠎ᠶ᠋ᠢ ᠳᠡᠮᠵᠢᠵᠦ᠍᠂ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠲᠦᠷᠦᠯ ᠲᠡᠮᠳᠡᠭ᠎ᠦᠨ ᠠᠮᠢᠵᠢᠷᠠᠯ᠎ᠤᠨ ᠬᠦᠴᠦᠨ᠎ᠢ ᠳᠡᠭᠡᠭ᠌ᠰᠢᠯᠡᠭᠦᠯᠦᠨ᠎ᠡ᠃ ᠠᠵᠤ ᠠᠬᠤᠢᠯᠠᠯ᠎ᠢ ᠬᠥᠲᠥᠯᠦᠨ ᠵᠢᠯᠣᠭᠣᠳᠴᠤ᠌ ᠪᠠᠢᠭᠠᠳ ᠦᠶ᠋ᠯᠡᠳᠬᠦᠨ᠎ᠦ ᠪᠥᠬᠥ᠌ ᠠᠮᠢ ᠨᠠᠰᠤᠨ᠎ᠤ ᠦᠶᠡᠯᠡᠯ᠎ᠦᠨ ᠬᠤᠭᠤᠴᠠᠭᠠᠨ᠎ᠤ ᠦᠶ᠋ᠯᠡᠴᠢᠯᠡᠭᠡᠨ᠎ᠦ ᠣᠨᠣᠯᠵᠢᠬᠤᠨ᠎ᠢ ᠪᠣᠶ ᠪᠣᠯᠭᠠᠵᠤ᠂ ᠲᠣᠭᠠᠵᠢᠭᠤᠯᠬᠤ᠂ ᠰᠦᠯᠵᠢᠶᠡᠵᠢᠭᠦᠯᠬᠦ᠌ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠷᠠᠭᠤᠯᠤᠨ᠂ ᠴᠢᠨᠠᠷ ᠰᠠᠢᠲᠠᠶ ᠦᠶ᠋ᠯᠡᠴᠢᠯᠡᠭᠡ᠎ᠪᠡᠷ ᠨᠠᠷᠠᠲᠤ ᠲᠥᠷᠥᠯ ᠲᠡᠮᠳᠡᠭ᠌ᠲᠦ᠍᠎ᠶ᠋ᠢᠨ ᠨᠡᠢᠯᠡᠬᠦ᠌ ᠬᠦᠴᠦᠨ᠎ᠢ ᠳᠡᠭᠡᠭ᠌ᠰᠢᠯᠡᠭᠦᠯᠦᠨ᠎ᠡ ᠭᠡᠵᠡᠢ᠃
ᠡᠭᠦᠨ᠎ᠡᠴᠡ ᠭᠠᠳᠠᠨ᠎ᠠ᠂ ᠲᠤᠰᠭᠠᠶ ᠮᠡᠷᠭᠡᠵᠢᠯᠲᠡᠨ᠎ᠦ ᠦᠵᠡᠬᠦ᠌᠎ᠪᠡᠷ ᠣᠳᠣᠬᠠᠨ᠎ᠳᠤ ᠮᠠᠨ᠎ᠤ ᠤᠯᠤᠰ᠎ᠤᠨ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠠᠵᠤ ᠦᠶ᠋ᠯᠡᠰ᠎ᠲᠦ ᠮᠥᠨ ᠬᠦ᠌ ᠯᠢᠲ᠋ᠢ᠂ ᠨᠢᠺᠸᠯ᠂ ᠺᠣᠪᠠᠯᠲ ᠵᠡᠷᠭᠡ ᠲᠦᠭᠦᠬᠡᠶ ᠮᠠᠲ᠋ᠧᠷᠢᠶᠠᠯ᠎ᠢ ᠭᠠᠳᠠᠭᠠᠳᠤ᠎ᠠᠴᠠ ᠣᠷᠣᠭᠤᠯᠬᠤ᠎ᠳᠤ ᠲᠦᠱᠢᠭ᠌ᠯᠡᠬᠦ᠌ ᠦᠵᠡᠭ᠌ᠳᠡᠯ ᠣᠷᠣᠱᠢᠵᠤ ᠪᠠᠢᠨ᠎ᠠ᠂ ᠳᠡᠭᠡᠳᠦ ᠬᠤᠷᠳᠤᠴᠠ᠎ᠪᠠᠷ ᠬᠥᠭ᠌ᠵᠢᠭᠦᠯᠬᠦ᠌ ᠶᠠᠪᠤᠴᠠ᠎ᠳᠤ ᠪᠠᠰᠠ ᠦᠶ᠋ᠯᠡᠳᠪᠦᠷᠢᠯᠡᠬᠦ᠌ ᠴᠢᠳᠠᠪᠤᠷᠢ᠎ᠶ᠋ᠢᠨ ᠦᠯᠡᠭᠦᠳᠡᠯ ᠪᠠ ᠪᠦᠲᠦᠴᠡ᠎ᠶ᠋ᠢᠨ ᠴᠢᠨᠠᠷᠲᠠᠶ ᠵᠥᠷᠢᠴᠡᠯ ᠵᠡᠷᠭᠡ ᠠᠶᠤᠯ ᠲᠦᠭ᠌ᠰᠢᠭᠦᠷᠢ᠎ᠶ᠋ᠢ ᠰᠡᠷᠡᠮᠵᠢᠯᠡᠬᠦ᠌ ᠬᠡᠷᠡᠭ᠌ᠲᠡᠶ᠃ ᠠᠯᠤᠰ ᠬᠡᠳᠤ᠎ᠶ᠋ᠢ ᠪᠣᠳᠣᠯᠬᠢᠯᠠᠵᠤ᠂ ᠳᠤᠲᠠᠭᠤᠳᠠᠯ᠎ᠢᠶᠠᠨ ᠨᠥᠬᠥᠪᠥᠷᠢᠯᠡᠵᠦ᠍᠂ ᠰᠠᠢ᠌ᠨ ᠰᠠᠢᠬᠠᠨ ᠠᠵᠢᠯ ᠲᠦᠷᠦᠯ᠎ᠦᠨ ᠡᠮᠬᠢ ᠳᠢᠭ᠌ᠯᠢᠮ᠎ᠢ ᠰᠠᠢᠲᠤᠷ ᠬᠠᠮᠠᠭᠠᠯᠠᠵᠤ᠂ ᠠᠵᠤ ᠦᠢᠯᠡᠰ᠎ᠦᠨ ᠬᠥᠭ᠌ᠵᠢᠯᠲᠡ᠎ᠶ᠋ᠢ ᠯᠠᠪᠳᠠᠭᠤᠨ᠎ᠢᠶᠠᠷ ᠬᠥᠭ᠌ᠵᠢᠭᠦᠯᠬᠦ᠌ ᠬᠡᠷᠡᠭ᠌ᠲᠡᠢ ᠭᠡᠵᠡᠢ᠃
ᠴᠢᠨᠠᠷ ᠰᠠᠢᠲᠠᠶ ᠴᠡᠨᠡᠭ᠌ᠯᠡᠬᠦ᠌ ᠰᠠᠭᠤᠷᠢ ᠲᠥᠬᠥᠭᠡᠷᠦᠮᠵᠢ᠎ᠶ᠋ᠢᠨ ᠱᠢᠰᠲ᠋ᠧᠮ᠎ᠢ ᠤᠯᠠᠮ ᠨᠢᠭᠡ ᠠᠯᠬᠤᠮ ᠪᠠᠢᠭᠤᠯᠤᠨ᠎ᠠ
— ᠡᠨᠡ ᠵᠢᠯ᠎ᠦᠨ ᠲᠠᠪᠤᠨ ᠰᠠᠷ᠎ᠠ᠎ᠶ᠋ᠢᠨ ᠱᠢᠨ᠎ᠡ᠎ᠶ᠋ᠢᠨ ᠲᠠᠪᠤᠨ᠎ᠤ ᠠᠮᠠᠷᠠᠯᠲᠠ᠎ᠶ᠋ᠢᠨ ᠬᠤᠭᠤᠴᠠᠭᠠᠨ᠎ᠳᠤ ᠪᠢᠳᠡ ᠭᠡᠷ᠎ᠢᠶᠡᠷ᠎ᠢᠶᠡᠨ ᠲᠡᠷᠭᠡ ᠵᠢᠯᠣᠭᠣᠳᠤᠨ ᠵᠢᠭᠤᠯᠴᠢᠯᠠᠵᠤ᠂ ᠵᠠᠮ ᠵᠠᠭᠤᠷ᠎ᠠ᠎ᠪᠠᠨ ᠲᠦᠷᠭᠡᠨ᠎ᠤ ᠵᠠᠰᠠᠮᠠᠯ ᠵᠠᠮ᠎ᠤᠨ ᠦᠢᠯᠡᠴᠢᠯᠡᠭᠡᠨ᠎ᠦ ᠲᠣᠭᠣᠷᠢᠭ᠎ᠲᠤ ᠴᠡᠨᠡᠭ᠌ᠯᠡᠬᠦ᠎ᠳᠦ ᠲᠡᠷᠭᠡ ᠣᠯᠠᠨ ᠪᠥᠭᠡᠳ ᠴᠡᠨᠡᠭᠯᠡᠬᠦ ᠱᠤᠩ ᠴᠥᠭᠡᠨ᠂ ᠮᠥᠷᠯᠡᠵᠦ ᠬᠦᠯᠢᠶᠡᠬᠦ᠌ ᠴᠠᠭ ᠨᠢ ᠣᠷᠳᠣ ᠪᠥᠭᠡᠳ ᠴᠡᠨᠡᠭ᠌ᠯᠡᠬᠦ᠌ ᠴᠢᠳᠠᠯ ᠨᠢ ᠪᠠᠭ᠎ᠠ᠂ ᠴᠡᠨᠡᠭᠯᠡᠬᠦ ᠴᠠᠭ ᠨᠢ ᠨᠡᠯᠢᠶᠡᠳ ᠣᠷᠳᠣ ᠪᠣᠯᠬᠣᠷ ᠭᠠᠳᠠᠭ᠍ᠰᠢ ᠭᠠᠷᠬᠤ᠎ᠳᠦ ᠲᠤᠩ ᠲᠦᠭᠦᠮ ᠦᠭᠡᠢ ᠭᠡᠵᠦ᠍ ᠪᠡᠭᠡᠵᠢᠩ ᠬᠤᠳᠠ᠎ᠶ᠋ᠢᠨ ᠳ᠋ᠠ ᠱᠢᠩ ᠲᠣᠭᠣᠷᠢᠭ᠎ᠲᠤ ᠰᠠᠭᠤᠭ᠎ᠠ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠡᠵᠡᠨ ᠸᠠᠩ ᠶᠦᠩ ᠲᠤᠤ ᠬᠡᠯᠡᠨ᠎ᠡ᠃
ᠣᠳᠣᠬᠠᠨ᠎ᠳᠤ᠂ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠳᠤᠮᠳᠠ ᠬᠣᠯᠠ ᠵᠠᠮ᠎ᠤᠨ ᠠᠶᠠᠯᠠᠯ᠎ᠤᠨ ᠬᠡᠷᠡᠭ᠌ᠴᠡᠭᠡ ᠲᠠᠰᠤᠷᠠᠯᠲᠠ ᠥᠬᠡᠶ ᠨᠡᠮᠡᠭ᠌ᠳᠡᠬᠦ᠌᠎ᠶ᠋ᠢ ᠳᠠᠭᠠᠯᠳᠤᠨ᠂ ᠲᠦᠷᠭᠡᠨ᠎ᠤ ᠵᠠᠰᠠᠮᠠᠯ ᠵᠠᠮ᠎ᠤᠨ ᠦᠶ᠋ᠯᠡᠴᠢᠯᠡᠭᠡᠨ᠎ᠦ ᠲᠣᠭᠣᠷᠢᠭ ᠨᠢ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠴᠠᠬᠢᠯᠭᠠᠨ ᠴᠡᠨᠡᠭ᠌ᠯᠡᠬᠦ᠌ ᠴᠢᠬᠤᠯᠠ ᠲᠠᠯᠠᠪᠤᠷ ᠪᠣᠯᠤᠭ᠍ᠰᠠᠨ ᠪᠠᠢᠨ᠎ᠠ᠃
ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠦᠪᠯᠡᠯ᠎ᠤᠨ ᠡᠨᠧᠷᠭᠢ᠎ᠶ᠋ᠢᠨ ᠰᠤᠷᠪᠤᠯᠵᠢ᠎ᠶ᠋ᠢᠨ ᠰᠤᠳᠤᠯᠭᠠᠨ᠎ᠤ ᠭᠠᠵᠠᠷ᠎ᠤᠨ ᠳᠠᠷᠤᠭ᠎ᠠ ᠸᠠᠩ ᠵᠥᠩ ᠢᠩᠦᠨ ᠲᠠᠨᠢᠯᠴᠠᠭᠤᠯᠤᠭ᠍ᠰᠠᠨ᠎ᠢᠶᠠᠷ᠂ ᠡᠨᠡ ᠵᠢᠯ᠎ᠦᠨ 5 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠮᠠᠨ᠎ᠤ ᠤᠯᠤᠰ᠎ᠤᠨ ᠴᠡᠨᠡᠭ᠌ᠯᠡᠬᠦ᠌ ᠨᠥᠬᠥᠴᠡᠯ᠎ᠢ ᠪᠦᠷᠢᠯᠳᠦᠭᠦᠯᠦᠭ᠌ᠰᠡᠨ ᠲᠦᠷᠭᠡᠨ᠎ᠤ ᠵᠠᠰᠠᠮᠠᠯ ᠵᠠᠮ᠎ᠤᠨ ᠦᠶ᠋ᠯᠡᠴᠢᠯᠡᠭᠡᠨ᠎ᠦ ᠲᠣᠭᠣᠷᠢᠭ 4289 ᠪᠣᠯᠵᠣ᠂ ᠦᠶ᠋ᠯᠡᠴᠢᠯᠡᠭᠡᠨ᠎ᠦ ᠲᠣᠭᠣᠷᠢᠭ᠎ᠤᠨ ᠪᠥᠬᠥ᠌ ᠲᠣᠭᠠᠨ᠎ᠤ 65% ᠵᠢ ᠡᠵᠡᠯᠡᠵᠡᠶ᠃ ᠭᠡᠪᠡᠴᠦ᠍ ᠪᠦᠷᠢᠳᠭᠡᠯ᠎ᠢ ᠦᠨᠳᠦᠰᠦᠯᠡᠪᠡᠯ᠂ ᠲᠦᠷᠭᠡᠨ᠎ᠤ ᠵᠠᠰᠠᠮᠠᠯ ᠵᠠᠮ᠎ᠤᠨ ᠴᠡᠨᠡᠭ᠌ᠯᠡᠬᠦ᠌ ᠰᠠᠭᠤᠷᠢ ᠲᠥᠬᠥᠭᠡᠷᠦᠮᠵᠢ᠎ᠶ᠋ᠢᠨ ᠬᠠᠳᠠᠭᠠᠯᠠᠯᠲᠠ᠎ᠶ᠋ᠢᠨ ᠬᠡᠮᠵᠢᠶ᠎ᠡ ᠪᠠᠷᠤᠭ 1.8 ᠲᠦᠮᠡ ᠪᠠᠢᠵᠤ᠂ ᠮᠠᠨ᠎ᠤ ᠤᠯᠤᠰ᠎ᠤᠨ ᠣᠯᠠᠨ ᠨᠡᠢᠲᠡ᠎ᠶ᠋ᠢᠨ ᠴᠠᠬᠢᠯᠭᠠᠨ ᠴᠡᠨᠡᠭ᠌ᠯᠡᠬᠦ᠌ ᠰᠠᠭᠤᠷᠢ ᠲᠥᠬᠥᠭᠡᠷᠦᠮᠵᠢ᠎ᠶ᠋ᠢᠨ ᠬᠠᠳᠠᠭᠠᠯᠠᠯᠲᠠ᠎ᠶ᠋ᠢᠨ ᠬᠡᠮᠵᠢᠶ᠎ᠡ᠎ᠶ᠋ᠢᠨ 0.8% ᠵᠢ ᠯᠡ ᠡᠵᠡᠯᠡᠵᠦ᠍ ᠪᠠᠢᠨ᠎ᠠ᠃ ᠬᠥᠭ᠌ᠵᠢᠯᠲᠡ᠎ᠶ᠋ᠢᠨ ᠬᠡᠷᠡᠭ᠌ᠴᠡᠭᠡ᠎ᠲᠡᠶ ᠬᠠᠷᠢᠴᠠᠭᠤᠯᠪᠠᠯ᠂ ᠴᠠᠬᠢᠯᠭᠠᠨ ᠴᠡᠨᠡᠭ᠌ᠯᠡᠬᠦ᠌ ᠰᠠᠭᠤᠷᠢ ᠲᠥᠬᠥᠭᠡᠷᠦᠮᠵᠢ᠎ᠶ᠋ᠢᠨ ᠶᠡᠷᠦᠩᠬᠡᠶ ᠬᠡᠮᠵᠢᠶ᠎ᠡ ᠬᠦᠷᠦᠯᠴᠡᠬᠦ᠌ ᠥᠬᠡᠶ᠂ ᠨᠢᠭ᠍ᠲᠠᠴᠠ ᠥᠨᠳᠥᠷ ᠪᠢᠰᠢ᠂ ᠬᠠᠮᠤᠷᠬᠤ ᠬᠡᠪᠴᠢᠶ᠎ᠡ ᠬᠦᠷᠦᠯᠴᠡᠬᠦ᠌ ᠥᠬᠡᠶ ᠵᠡᠷᠭᠡ ᠠᠰᠠᠭᠤᠳᠠᠯ ᠮᠥᠨ ᠬᠦ᠌ ᠨᠡᠯᠢᠶᠡᠳ ᠲᠣᠪᠣᠢᠮ᠎ᠠ ᠪᠠᠢᠨ᠎ᠠ ᠭᠡᠵᠡᠢ᠃
《ᠵᠠᠰᠠᠮᠠᠯ ᠵᠠᠮ᠎ᠤᠨ ᠴᠠᠬᠢᠯᠭᠠᠨ ᠴᠡᠨᠡᠭ᠌ᠯᠡᠬᠦ᠌᠎ᠳᠦ ᠬᠦᠴᠢᠷ》 ᠡᠴᠡ ᠭᠠᠳᠠᠨ᠎ᠠ᠂ 《ᠴᠠᠬᠢᠯᠭᠠᠨ ᠱᠤᠩ ᠬᠤᠪᠤᠷ》 ᠂ 《ᠰᠠᠭᠤᠭᠠᠯᠢ ᠲᠣᠭᠣᠷᠢᠭ᠎ᠲᠤ ᠤᠭᠰᠠᠷᠠᠬᠤ᠎ᠳᠦ ᠬᠦᠴᠢᠷ》 ᠨᠢ ᠴᠦ᠍ ᠣᠳᠣᠬᠠᠨ᠎ᠤ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠬᠡᠷᠡᠭ᠌ᠯᠡᠭ᠌ᠴᠢ᠎ᠶ᠋ᠢᠨ ᠲᠤᠰᠭᠠᠯ ᠴᠢᠩᠭ᠎ᠠ ᠪᠠᠢᠭ᠎ᠠ ᠠᠰᠠᠭᠤᠳᠠᠯ ᠪᠣᠯᠤᠨ᠎ᠠ᠃
ᠳᠤᠮᠳᠠᠳᠤ ᠤᠯᠤᠰ᠎ᠤᠨ ᠴᠠᠬᠢᠯᠭᠠᠨ ᠬᠥᠳᠡᠯᠭᠡᠭᠦᠷᠲᠦ ᠮᠠᠱᠢᠨ ᠲᠡᠷᠭᠡᠨ᠎ᠦ ᠴᠠᠬᠢᠯᠭᠠᠨ ᠴᠡᠨᠡᠭ᠌ᠯᠡᠬᠦ᠌ ᠰᠠᠭᠤᠷᠢ ᠲᠥᠬᠥᠭᠡᠷᠦᠮᠵᠢ᠎ᠶ᠋ᠢ ᠠᠬᠢᠭᠤᠯᠬᠤ ᠬᠣᠯᠪᠣᠭ᠎ᠠ ᠵᠢᠨ ᠨᠠᠷᠢᠨ ᠪᠢᠴᠢᠭ᠎ᠦᠨ ᠳᠠᠷᠤᠭ᠎ᠠ ᠸᠠᠩ ᠶᠣᠣ ᠬᠡᠯᠡᠬᠦ᠌᠎ᠳᠡᠭᠡᠨ᠂ ᠬᠠᠭᠤᠴᠢᠨ ᠰᠠᠭᠤᠭᠠᠯᠢ ᠲᠣᠭᠣᠷᠢᠭ᠎ᠤᠨ ᠲᠡᠷᠭᠡ ᠵᠤᠭᠰᠤᠭᠠᠯ ᠪᠠᠴᠢᠮ᠂ ᠴᠠᠬᠢᠯᠭᠠᠨ ᠬᠦᠴᠦᠨ᠎ᠦ ᠪᠠᠭ᠍ᠲᠠᠭᠠᠮᠵᠢ ᠬᠦᠷᠦᠯᠴᠡᠬᠦ᠌ ᠥᠬᠡᠶ ᠪᠠᠢᠬᠤ ᠵᠡᠷᠭᠡ ᠠᠰᠠᠭᠤᠳᠠᠯ᠎ᠠᠴᠠ ᠪᠣᠯᠵᠣ ᠬᠡᠷᠡᠭ᠌ᠴᠡᠭᠡ ᠶᠣᠰᠣᠭᠠᠷ ᠬᠤᠪᠢ ᠬᠥᠮᠦᠨ᠎ᠦ ᠴᠠᠬᠢᠯᠭᠠᠨ ᠴᠡᠨᠡᠭ᠌ᠯᠡᠬᠦ᠌ ᠱᠣᠩ ᠳᠣᠭᠢᠷᠠᠭᠤᠯᠬᠤ᠎ᠶ᠋ᠢᠨ ᠠᠷᠭ᠎ᠠ ᠥᠬᠡᠶ᠂ ᠪᠠᠰᠠ ᠬᠡᠰᠡᠭ ᠰᠠᠭᠤᠭᠠᠯᠢ ᠲᠣᠭᠣᠷᠢᠭ᠎ᠤᠨ ᠠᠳᠠᠯ ᠠᠬᠤᠶ᠎ᠶ᠋ᠢᠨ ᠭᠠᠵᠠᠷ᠎ᠤᠨ ᠬᠢᠨ ᠬᠠᠮᠵᠢᠯᠴᠠᠬᠤ ᠥᠬᠡᠶ ᠵᠡᠷᠭᠡ ᠪᠠᠢᠳᠠᠯ ᠣᠷᠣᠱᠢᠵᠤ᠂ ᠬᠤᠪᠢ ᠬᠥᠮᠦᠨ᠎ᠦ ᠴᠠᠬᠢᠯᠭᠠᠨ ᠴᠡᠨᠡᠭ᠌ᠯᠡᠬᠦ᠌ ᠱᠣᠩ ᠤᠭ᠍ᠰᠠᠷᠠᠬᠤ᠎ᠶ᠋ᠢᠨ ᠠᠷᠭ᠎ᠠ ᠥᠬᠡᠶ ᠪᠣᠯᠭᠠᠵᠠᠶ᠃ ᠡᠭᠦᠨ᠎ᠡᠴᠡ ᠭᠠᠳᠠᠨ᠎ᠠ᠂ ᠣᠯᠠᠨ ᠨᠡᠢᠲᠡ᠎ᠶ᠋ᠢᠨ ᠴᠠᠬᠢᠯᠭᠠᠨ ᠴᠡᠨᠡᠭ᠌ᠯᠡᠬᠦ᠌ ᠱᠤᠩ᠎ᠤᠨ ᠪᠠᠢᠷᠢ᠎ᠶ᠋ᠢ ᠡᠷᠢᠬᠦ᠌᠎ᠳᠦ ᠬᠦᠴᠢᠷᠲᠡᠶ᠂ ᠴᠠᠬᠢᠯᠭᠠᠨ ᠴᠡᠨᠡᠭ᠌ᠯᠡᠬᠦ᠌ ᠱᠤᠩ᠎ᠤᠨ ᠰᠠᠭᠠᠳ ᠭᠠᠷᠬᠤ ᠨᠣᠷᠮ᠎ᠠ ᠥᠨᠳᠥᠷ᠂ ᠴᠠᠬᠢᠯᠭᠠᠨ ᠴᠡᠨᠡᠭ᠌ᠯᠡᠬᠦ᠌ ᠲᠡᠷᠭᠡᠨ ᠪᠠᠢᠷᠢ᠎ᠶ᠋ᠢ ᠡᠵᠡᠯᠡᠨ ᠬᠡᠷᠡᠭ᠌ᠯᠡᠬᠦ᠌ ᠵᠡᠷᠭᠡ ᠠᠰᠠᠭᠤᠳᠠᠯ ᠨᠠᠩ ᠴᠤ᠌ ᠲᠣᠪᠣᠢᠮ᠎ᠠ ᠪᠠᠢᠨ᠎ᠠ ᠭᠡᠵᠡᠢ᠃
ᠠᠯᠤᠰ ᠬᠡᠲᠦ᠍᠎ᠡᠴᠡ ᠠᠪᠴᠤ᠌ ᠦᠵᠡᠪᠡᠯ᠂ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠠᠵᠤ ᠦᠶ᠋ᠯᠡᠰ᠎ᠦᠨ ᠬᠥᠭ᠌ᠵᠢᠯᠲᠡ ᠨᠢ ᠴᠢᠨᠠᠷ ᠰᠠᠢᠲᠠᠶ ᠴᠠᠬᠢᠯᠭᠠᠨ ᠴᠡᠨᠡᠭ᠌ᠯᠡᠬᠦ᠌ ᠰᠠᠭᠤᠷᠢ ᠲᠥᠬᠥᠭᠡᠷᠦᠮᠵᠢ᠎ᠶ᠋ᠢᠨ ᠱᠢᠰᠲ᠋ᠧᠮ᠎ᠡᠴᠡ ᠰᠠᠯᠵᠤ ᠴᠢᠳᠠᠬᠤ ᠥᠬᠡᠶ ᠶᠤᠮ᠃ 《2022 ᠣᠨ᠎ᠤ ᠡᠴᠦᠰ ᠪᠣᠯᠲᠠᠯ᠎ᠠ᠂ ᠮᠠᠨ᠎ᠤ ᠤᠯᠤᠰ᠎ᠤᠨ ᠤᠯᠤᠰ᠎ᠤᠨ ᠳᠣᠲᠣᠭᠠᠳᠤ᠎ᠶ᠋ᠢᠨ ᠲᠡᠷᠭᠡᠨ ᠱᠤᠩ᠎ᠤᠨ ᠬᠠᠷᠢᠴᠠᠯ ᠨᠡᠢᠲᠡ 2.5 ᠄ 1 ᠪᠣᠯᠵᠠᠶ》᠃ ᠡᠸᠦ ᠶᠠᠩ ᠮᠢᠩ ᠭᠣᠸ᠋ ᠵᠠᠯᠭᠠᠭᠠᠳ ᠬᠡᠯᠡᠬᠦ᠌᠎ᠳᠡᠭᠡᠨ᠂ ᠵᠢᠱ᠌ᠢᠯᠲᠡ᠎ᠪᠡᠷ ᠮᠠᠨ᠎ᠤ ᠤᠯᠤᠰ᠎ᠤᠨ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠬᠠᠳᠠᠭᠠᠯᠠᠯᠲᠠ᠎ᠶ᠋ᠢᠨ ᠬᠡᠮᠵᠢᠶ᠎ᠡ ᠦᠷᠭᠦᠯᠵᠢᠯᠡᠨ ᠲᠦᠷᠭᠡᠨ᠎ᠢᠶᠡᠷ ᠨᠡᠮᠡᠭ᠌ᠳᠡᠬᠦ᠌ ᠪᠣᠯᠬᠣᠷ ᠴᠠᠬᠢᠯᠭᠠᠨ ᠴᠡᠨᠡᠭ᠌ᠯᠡᠬᠦ᠌ ᠰᠠᠭᠤᠷᠢ ᠲᠥᠬᠥᠭᠡᠷᠦᠮᠵᠢ᠎ᠶ᠋ᠢ ᠡᠷᠬᠡᠪᠰᠢ ᠲᠦᠷᠭᠡᠪᠴᠢᠯᠡᠨ ᠬᠥᠭ᠌ᠵᠢᠭᠦᠯᠬᠦ᠌ ᠬᠡᠷᠡᠭ᠌ᠲᠡᠶ ᠭᠡᠵᠡᠢ᠃
ᠣᠢᠷ᠎ᠠ᠎ᠳᠤ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ《ᠴᠢᠨᠠᠷ ᠰᠠᠢᠲᠠᠶ ᠴᠠᠬᠢᠯᠭᠠᠨ ᠴᠡᠨᠡᠭ᠌ᠯᠡᠬᠦ᠌ ᠰᠠᠭᠤᠷᠢ ᠲᠥᠬᠥᠭᠡᠷᠦᠮᠵᠢ᠎ᠶ᠋ᠢᠨ ᠱᠢᠰᠲ᠋ᠧᠮ᠎ᠢ ᠤᠯᠠᠮ ᠨᠢᠭᠡ ᠠᠯᠬᠤᠮ ᠪᠠᠢᠭᠤᠯᠬᠤ ᠲᠤᠬᠠᠶ ᠵᠢᠯᠣᠭᠣᠳᠭᠤ ᠰᠠᠨᠠᠯ》 ᠢ᠋ ᠳᠠᠷᠤᠮᠠᠯᠯᠠᠨ ᠲᠠᠷᠬᠠᠭᠠᠵᠤ᠂ ᠰᠦᠯᠵᠢᠶᠡᠨ᠎ᠦ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠦᠨ ᠲᠡᠭᠦᠯᠳᠡᠷᠵᠢᠭᠦᠯᠬᠦ᠌᠂ ᠭᠣᠸ᠋ᠯᠳᠠᠯᠭ᠎ᠠ᠎ᠲᠠᠶ ᠣᠷᠣᠨ ᠪᠦᠰᠡ᠎ᠶ᠋ᠢᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠬᠦ᠌᠂ ᠡᠵᠡᠩᠨᠡᠯᠲᠡ ᠦᠶ᠋ᠯᠡᠴᠢᠯᠡᠭᠡᠨ᠎ᠦ ᠬᠢᠷᠢ ᠲᠦᠪᠱᠢᠨ᠎ᠢ ᠳᠡᠭᠡᠭ᠌ᠰᠢᠯᠡᠭᠦᠯᠬᠦ᠌᠂ ᠱᠢᠨᠵᠢᠯᠡᠬᠦ᠌ ᠤᠬᠠᠭᠠᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠬᠥᠲᠥᠯᠦᠨ ᠳᠠᠭᠠᠭᠤᠯᠬᠤ᠎ᠶ᠋ᠢ ᠴᠢᠩᠭᠠᠳᠭᠠᠬᠤ᠂ ᠳᠡᠮᠵᠢᠵᠦ᠍ ᠪᠠᠲᠤᠯᠠᠬᠤ ᠡᠷᠴᠢᠮ᠎ᠢ ᠴᠢᠩᠭᠠᠷᠠᠭᠤᠯᠬᠤ ᠵᠡᠷᠭᠡ ᠲᠠᠪᠤᠨ ᠲᠠᠯ᠎ᠠ᠎ᠶ᠋ᠢᠨ ᠡᠭᠦᠷᠭᠡ᠎ᠶ᠋ᠢ ᠲᠣᠳᠣᠷᠬᠠᠶ ᠳᠤᠷᠠᠳᠤᠨ ᠭᠠᠷᠭᠠᠪᠠ᠃
ᠡᠭᠦᠨ᠎ᠦ ᠲᠤᠬᠠᠶ ᠤᠯᠤᠰ᠎ᠤᠨ ᠬᠥᠭ᠌ᠵᠢᠭᠦᠯᠦᠯᠲᠡ ᠥᠭᠡᠷᠡᠴᠢᠯᠡᠯᠲᠡ᠎ᠶ᠋ᠢᠨ ᠬᠣᠷᠢᠶᠠᠨ᠎ᠤ ᠳᠡᠳ᠋ ᠨᠠᠷᠢᠨ ᠪᠢᠴᠢᠭ᠎ᠦᠨ ᠳᠠᠷᠤᠭ᠎ᠠ ᠡᠸᠤ ᠬᠣᠩ ᠢᠯᠡᠷᠬᠡᠢᠯᠡᠬᠦ᠌᠎ᠳᠡᠭᠡᠨ᠂ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠦᠪᠯᠡᠯ᠂ ᠤᠯᠤᠰ᠎ᠤᠨ ᠡᠨᠧᠷᠭᠢ᠎ᠶ᠋ᠢᠨ ᠰᠤᠷᠪᠤᠯᠵᠢ᠎ᠶ᠋ᠢᠨ ᠲᠣᠪᠴᠢᠶ᠎ᠠ ᠡᠯ᠎ᠡ ᠬᠣᠯᠪᠣᠭ᠍ᠳᠠᠯ ᠪᠥᠬᠥᠶ ᠲᠠᠯ᠎ᠠ᠎ᠶ᠋ᠢᠨ ᠬᠢᠨ᠎ᠲᠡᠶ ᠰᠠᠯᠠᠭ᠎ᠠ ᠮᠥᠴᠢᠷ᠎ᠦᠨ ᠬᠠᠮᠵᠢᠯᠴᠠᠭ᠎ᠠ᠎ᠪᠠᠨ ᠴᠢᠩᠭᠠᠳᠭᠠᠵᠤ᠂ ᠡᠯ᠎ᠡ ᠭᠠᠵᠠᠷ᠎ᠲᠤ ᠶᠠᠪᠤᠭᠤᠯᠬᠤ ᠵᠢᠯᠣᠭᠣᠳᠣᠯᠭ᠎ᠠ ᠬᠢᠨᠠᠯᠲᠠ᠎ᠪᠠᠨ ᠴᠢᠩᠭᠠᠳᠭᠠᠨ᠂ ᠡᠯ᠎ᠡ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠲᠦᠷᠭᠡᠬᠡᠨ ᠨᠠᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ᠎ᠶ᠋ᠢ ᠦᠨᠡᠨ ᠬᠦ᠌ ᠪᠠᠲᠤᠯᠠᠨ᠎ᠠ ᠭᠡᠵᠡᠶ᠃
(《ᠰᠢᠨᠬᠤᠸᠠ ᠰᠥᠯᠵᠢᠶ᠎ᠠ 》 ᠡᠴᠡ ᠤᠷᠴᠢᠭᠤᠯᠤᠨ ᠨᠠᠢᠷᠠᠭᠤᠯᠪᠠ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃