ᠲᠡᠷᠢᠭᠦᠨ ᠨᠢᠭᠤᠷ>ᠠᠮᠢᠳᠤᠷᠠᠯ ᠥᠷᠲᠡᠭᠡ>ᠠᠩᠬᠠᠷᠤᠯ ᠦᠢᠯᠡᠴᠢᠯᠡᠭᠡ

2026-04-24 10:34:25

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠪᠠᠰᠠ ᠨᠢᠭᠡᠨ ᠵᠢᠯ᠎ᠤᠨ ᠠᠵᠢᠯᠲᠠᠨ ᠡᠯᠰᠡᠬᠦ᠌ ᠤᠯᠠᠷᠢᠯ ᠬᠦᠷᠴᠦ᠍ ᠢᠷᠡᠯ᠎ᠡ᠂ ᠣᠳᠣᠬᠠᠨ᠎ᠳᠤ ᠣᠯᠠᠨ ᠭᠠᠵᠠᠷ᠎ᠤᠨ᠎ᠬᠢᠨ ᠬᠠᠪᠤᠷ᠎ᠤᠨ ᠤᠯᠠᠷᠢᠯ᠎ᠤᠨ ᠠᠵᠢᠯᠲᠠᠨ ᠡᠯᠰᠡᠬᠦ᠌ ᠠᠵᠢᠯ᠎ᠢ ᠶᠠᠭ ᠵᠠᠯᠭᠠᠭ᠎ᠠ᠎ᠪᠠᠷ ᠥᠷᠨᠢᠭᠦᠯᠵᠦ᠍ ᠪᠤᠢ᠃ ᠣᠶ᠋ᠢᠷ᠎ᠠ ᠵᠢᠨ ᠡᠳᠦᠷ᠂ ᠪᠡᠭᠡᠵᠢᠩ᠎ᠤᠨ ᠬᠢᠨ ᠡᠨᠡ ᠵᠢᠯ᠎ᠤᠨ ᠬᠠᠪᠤᠷ᠎ᠤᠨ ᠠᠩᠬᠠᠨ᠎ᠤ ᠲᠣᠮᠣ ᠬᠡᠯᠪᠡᠷᠢ᠎ᠶᠢᠨ ᠠᠵᠢᠯᠲᠠᠨ ᠡᠯᠰᠡᠬᠦ᠌ ᠴᠤᠭᠯᠠᠭᠠᠨ ᠢ᠋ ᠶᠠᠪᠤᠬᠳᠠᠭᠤᠯᠬᠤ ᠳ᠋ᠥ᠂ 480 ᠭᠠᠷᠤᠶ ᠠᠵᠤ ᠠᠬᠤᠶ᠋ᠢᠯᠠᠯ ᠬᠣᠶᠠᠷ ᠲᠦᠮᠡ ᠭᠠᠷᠤᠶ ᠠᠵᠢᠯ᠎ᠤᠨ ᠪᠠᠶ᠋ᠢᠷᠢ ᠬᠠᠩᠭᠠᠬᠰᠠᠨ ᠪᠠᠶ᠋ᠢᠨ᠎ᠠ᠃ ᠡᠬᠦᠨ᠎ᠳᠤ ᠵᠠᠷᠢᠮ ᠠᠵᠢᠯ ᠲᠦᠷᠤᠯ᠎ᠤᠨ ᠰᠠᠷ᠎ᠠ᠎ᠶᠢᠨ ᠳᠤᠮᠳᠠᠴᠢ ᠴᠠᠯᠢᠩ ᠨᠢ 2 ᠲᠦᠮᠡᠨ ᠲᠥᠭᠥᠷᠢᠭ᠎ᠢ ᠳᠠᠪᠠᠵᠠᠶ᠃

ᠰᠤᠷᠪᠤᠯᠵᠢᠯᠠᠭᠴᠢ᠎ᠶᠢᠨ ᠣᠶ᠋ᠢᠯᠠᠭᠠᠭᠰᠠᠨ᠎ᠢᠶᠠᠷ᠂ ᠡᠨᠡ ᠵᠢᠯ ᠵᠣᠬᠢᠶᠠᠮᠠᠯ ᠣᠶᠤᠨ ᠴᠢᠳᠠᠪᠤᠷᠢ᠂ ᠡᠭᠦᠯᠡᠨ ᠪᠤᠳᠤᠯᠲᠠ᠂ ᠲᠣᠮᠣ ᠳ᠋ᠠᠶ᠋ᠢᠲ᠋ᠠ᠂ ᠣᠶᠤᠨᠴᠢ ᠬᠠᠲᠠᠭᠤ ᠲᠣᠨᠣᠭ ᠵᠡᠷᠭᠡ ᠠᠵᠢᠯ ᠲᠥᠷᠥᠯ᠎ᠤᠨ ᠠᠵᠢᠯᠲᠠᠨ ᠡᠯᠰᠡᠬᠦ᠌ ᠬᠡᠷᠡᠭᠴᠡᠭᠡ ᠲᠣᠭᠲᠠᠭᠤᠨ᠎ᠢᠶᠠᠷ ᠨᠡᠮᠡᠭᠳᠡᠵᠦ᠍᠂ ᠴᠥᠭᠡᠨ ᠪᠤᠰᠤ ᠭᠤᠤᠯᠯᠠᠬᠤ ᠠᠵᠢᠯ᠎ᠤᠨ ᠪᠠᠶ᠋ᠢᠷᠢ 《ᠴᠢᠳᠠᠪᠤᠷᠢᠲᠠᠨ ᠪᠤᠯᠢᠶᠠᠯᠳᠤᠬᠤ》 ᠱᠠᠲᠤᠨ᠎ᠳᠤ ᠣᠷᠣᠰᠢᠵᠤ ᠪᠤᠢ᠃ ᠬᠠᠮᠤᠭ᠎ᠤᠨ ᠰᠢᠨ᠎ᠡ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠠᠷ᠂ ᠣᠳᠣᠬᠠᠨ᠎ᠳᠤ ᠵᠣᠬᠢᠶᠠᠮᠠᠯ ᠣᠶᠤᠨ ᠴᠢᠳᠠᠪᠤᠷᠢ᠎ᠶᠢᠨ ᠢᠨᠵᠧᠨᠧᠷ᠎ᠢ ᠡᠯᠰᠡᠬᠦ᠌ ᠳᠤᠮᠳᠠᠴᠢ ᠰᠠᠷ᠎ᠠ᠎ᠶᠢᠨ ᠴᠠᠯᠢᠩ 20804 ᠲᠥᠭᠥᠷᠢᠭ᠎ᠲᠤ᠌ ᠬᠦᠷᠴᠡᠶ᠃ ᠠᠵᠢᠯᠲᠠᠨ ᠡᠯᠰᠡᠬᠦ᠌ ᠲᠤᠬᠠᠶ᠎ᠶᠢᠨ ᠲᠠᠯᠠᠪᠠᠶ᠎ᠳᠤ ᠪᠠᠰᠠ 12 ᠰᠢᠨ᠎ᠡ ᠠᠵᠢᠯ ᠮᠡᠷᠭᠡᠵᠢᠯ᠎ᠤᠨ ᠥᠪᠡᠷᠮᠢᠴᠡ ᠣᠨᠴᠠᠯᠢᠭ ᠪᠦᠬᠦᠢ ᠪᠡᠶᠡᠴᠢᠯᠡᠨ ᠣᠶ᠋ᠢᠯᠠᠭᠠᠬᠤ ᠲᠣᠭᠣᠷᠢᠭ ᠭᠠᠷᠭᠠᠪᠡ᠂ ᠡᠬᠦᠨ ᠳ᠋ᠥ᠍ ᠵᠢᠯᠣᠭᠣᠴᠢ ᠥᠬᠡᠶ ᠨᠢᠰᠬᠡᠯ᠂ ᠡᠩᠬᠦᠷᠡᠶ ᠠᠮᠢᠲᠠᠨ᠎ᠤ ᠠᠵᠤ ᠠᠬᠤᠶ᠂ ᠵᠣᠬᠢᠶᠠᠮᠠᠯ ᠣᠶᠤᠨ ᠴᠢᠳᠠᠪᠤᠷᠢ ᠵᠡᠷᠭᠡ ᠬᠦᠷᠢᠶ᠎ᠡ᠎ᠶᠢ ᠬᠠᠮᠤᠷᠴᠤ᠌᠂ ᠠᠵᠢᠯ ᠡᠷᠢᠭᠰᠡᠳ᠎ᠲᠤ᠌ ᠬᠣᠯᠪᠣᠭᠳᠠᠯ ᠪᠥᠬᠥᠶ ᠰᠢᠨ᠎ᠡ᠎ᠪᠠᠷ ᠮᠠᠨᠳᠤᠵᠤ ᠪᠠᠶ᠋ᠢᠭ᠎ᠠ ᠠᠵᠢᠯ᠎ᠤᠨ ᠪᠠᠶ᠋ᠢᠷᠢ᠎ᠶᠢᠨ ᠬᠥᠭᠵᠢᠯᠲᠡ᠎ᠶᠢᠨ ᠢᠷᠡᠭᠡᠳᠦᠶ ᠪᠠ ᠬᠡᠷᠡᠭᠴᠡᠭᠡ᠎ᠶᠢ ᠲᠣᠳᠣᠷᠬᠠᠶ ᠣᠶ᠋ᠢᠯᠠᠭᠠᠭᠤᠯᠵᠠᠶ᠃ ᠪᠡᠭᠡᠵᠢᠩ ᠬᠣᠲᠠ᠎ᠳᠤ ᠶᠠᠪᠤᠭᠳᠠᠭᠰᠠᠠ ᠠᠵᠢᠯᠳᠠᠨ ᠡᠯᠰᠡᠬᠦ ᠴᠤᠭᠯᠠᠭᠠᠨ᠎ᠳᠤ ᠢᠯᠠᠩᠭᠤᠶ᠎ᠠ 《ᠬᠥᠮᠦᠨ ᠮᠠᠰᠢᠨ ᠬᠠᠮᠵᠢᠯᠴᠠᠬᠤ》 ᠠᠵᠢᠯ᠎ᠤᠨ ᠲᠠᠯᠠᠪᠤᠷ᠎ᠲᠤ᠌ ᠵᠣᠬᠢᠶᠠᠮᠠᠯ ᠣᠶᠤᠨ ᠴᠢᠳᠠᠪᠤᠷᠢ ᠵᠢᠨ ᠬᠠᠮᠢᠶ᠎ᠠ ᠪᠥᠬᠥᠶ ᠠᠵᠢᠯ ᠮᠡᠷᠭᠡᠵᠢᠯ ᠶᠡᠬᠡᠳᠡ ᠬᠥᠭᠵᠢᠶᠡᠨᠲᠡᠶ ᠪᠠᠢᠪᠠ᠃

ᠰᠤᠷᠪᠤᠯᠵᠢᠯᠠᠭᠴᠢ᠎ᠶᠢᠨ ᠣᠶ᠋ᠢᠯᠠᠭᠠᠭᠰᠠᠨ᠎ᠢᠶᠠᠷ᠂ ᠡᠨᠡ ᠵᠢᠯ 《ᠬᠥᠮᠦᠨ ᠮᠠᠰᠢᠨ ᠬᠠᠮᠵᠢᠯᠴᠠᠬᠤ》 ᠠᠵᠢᠯ᠎ᠤᠨ ᠪᠠᠶ᠋ᠢᠷᠢ ᠶᠠᠪᠤᠬᠤ ᠲᠤᠲᠤᠮ ᠣᠯᠠᠰᠢᠷᠠᠵᠤ ᠪᠤᠢ᠃ ᠪᠡᠭᠡᠵᠢᠩ᠎ᠤᠨ ᠴᠥᠭᠡᠨ ᠪᠤᠰᠤ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠠᠵᠤ ᠠᠬᠤᠶ᠋ᠢᠯᠠᠯ᠎ᠤᠨ ᠠᠵᠢᠯᠲᠠᠳ ᠨᠢᠭᠡᠨᠳᠡ 《ᠲᠣᠭᠠᠴᠢᠯᠠᠭᠰᠠᠨ ᠬᠠᠮᠲᠤ᠌ ᠠᠵᠢᠯᠯᠠᠭᠴᠢ》 ᠲᠠᠢ ᠬᠠᠮᠲᠤ᠎ᠪᠠᠷ ᠠᠵᠢᠯ᠎ᠤᠨ ᠡᠭᠦᠷᠭᠡ᠎ᠪᠠᠨ ᠪᠡᠶᠡᠯᠡᠭᠦᠯᠵᠦ᠍ ᠪᠠᠶ᠋ᠢᠨ᠎ᠠ᠃ AI᠎ᠶ᠋ᠢ ᠣᠶ᠋ᠢᠯᠠᠭᠠᠬᠤ᠂ AI ᠪᠠᠭᠠᠵᠢ᠎ᠶᠢ ᠬᠡᠷᠡᠭᠯᠡᠵᠦ᠍ ᠴᠢᠳᠠᠬᠤ᠎ᠨᠢ ᠨᠢᠭᠡᠨᠲᠡ ᠠᠵᠢᠯ᠎ᠤᠨ ᠪᠠᠶ᠋ᠢᠷᠢ᠎ᠶᠢᠨ ᠬᠥᠮᠦᠰ᠎ᠤᠨ ᠵᠠᠪᠠᠯ ᠪᠦᠷᠢᠯᠳᠦᠭᠦᠯᠬᠦ᠌ ᠤᠷ᠎ᠠ ᠴᠢᠳᠠᠪᠤᠷᠢ ᠪᠣᠯᠤᠭᠰᠠᠨ ᠪᠥᠭᠡᠳ ᠬᠣᠯᠪᠣᠭᠳᠠᠯ ᠪᠦᠬᠦᠢ ᠠᠵᠢᠯ᠎ᠤᠨ ᠪᠠᠶ᠋ᠢᠷᠢ᠎ᠶᠢᠨ ᠴᠢᠳᠠᠪᠤᠷᠢᠲᠠᠨ᠎ᠤ ᠬᠡᠷᠡᠭᠴᠡᠭᠡ ᠴᠦ᠍ ᠦᠷᠭᠦᠯᠵᠢᠯᠡᠨ ᠨᠡᠮᠡᠭᠳᠡᠵᠦ᠍ ᠪᠠᠶ᠋ᠢᠨ᠎ᠠ᠃ ᠬᠠᠮᠤᠭ᠎ᠤᠨ ᠰᠢᠨ᠎ᠡ ᠲᠣᠭ᠎ᠠ ᠪᠠᠷᠢᠮᠲᠠ ᠵᠢ ᠦᠨᠳᠤᠰᠤᠯᠠᠪᠠᠯ᠂ ᠣᠳᠣᠬᠠᠨ᠎ᠳᠤ ᠵᠣᠬᠢᠶᠠᠮᠠᠯ ᠣᠶᠤᠨ ᠴᠢᠳᠠᠪᠤᠷᠢ᠎ᠶᠢᠨ ᠢᠨᠵᠧᠨᠧᠷ᠎ᠢ ᠡᠯᠰᠡᠬᠦ᠌ ᠳᠤᠮᠳᠠᠴᠢ ᠰᠠᠷ᠎ᠠ᠎ᠶᠢᠨ ᠴᠠᠯᠢᠩ 20804 ᠲᠥᠭᠥᠷᠢᠭ᠎ᠲᠤ᠌ ᠬᠦᠷᠴᠡᠶ; ᠴᠠᠬᠢᠮ᠎ᠤᠨ ᠢᠨᠵᠧᠨᠧᠷ᠂ ᠰᠢᠯᠵᠢᠮᠡᠯ ᠬᠣᠯᠪᠣᠭ᠎ᠠ ᠰᠤᠳᠤᠯᠤᠨ ᠨᠡᠭᠡᠭᠡᠬᠦ᠂ ᠵᠥᠭᠡᠯᠡᠨ ᠲᠣᠨᠣᠭ ᠰᠤᠳᠤᠯᠤᠨ ᠨᠡᠭᠡᠭᠡᠬᠦ᠌ ᠠᠵᠢᠯ ᠨᠢ ᠲᠠᠷᠠᠭᠠᠯᠠᠵᠤ᠂ ᠴᠠᠯᠢᠩ ᠮᠦᠩᠬᠦ᠎ᠨᠢ ᠲᠣᠰ ᠲᠣᠰ 17790 ᠲᠥᠭᠥᠷᠢᠭ᠂ 16624 ᠲᠥᠭᠥᠷᠢᠭ᠂ 15816 ᠲᠥᠭᠥᠷᠢᠭ ᠲᠤ᠌ ᠬᠦᠷᠦᠭᠰᠡᠡ ᠪᠠᠢᠨ᠎ᠠ᠃

(《ᠠᠷᠠᠳ᠎ᠤᠨ ᠰᠦᠯᠵᠢᠶ᠎ᠠ》 ᠡᠴᠨ ᠨᠠᠢᠷᠠᠭᠤᠯᠤᠨ ᠠᠪᠤᠪᠠ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面