ᠲᠡᠷᠢᠭᠦᠨ ᠨᠢᠭᠤᠷ>ᠠᠮᠢᠳᠤᠷᠠᠯ ᠥᠷᠲᠡᠭᠡ>ᠠᠩᠬᠠᠷᠤᠯ ᠦᠢᠯᠡᠴᠢᠯᠡᠭᠡ

2026-10-16 11:45:24

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3


《ᠱᠢᠷᠬᠡᠭ᠌ᠯᠢᠭ ᠪᠦᠲᠦᠭᠡᠭ᠌ᠳᠡᠬᠦᠨ᠎ᠤ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠎ᠶ᠋ᠢᠨ ᠠᠷᠭ᠎ᠠ》(ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠎ᠶ᠋ᠢᠨ 119 ᠳ᠋ᠦ᠍ᠭᠡᠷ ᠲᠣᠭᠠᠲᠤ ᠵᠠᠷᠯᠢᠭ)ᠶ᠋ᠢ 2026 ᠣᠨ᠎ᠤ 7 ᠰᠠᠷ᠎ᠠ᠎ᠶ᠋ᠢᠨ 1 ᠎ᠤ᠋ ᠡᠳᠦᠷ᠎ᠡᠴᠠ ᠡᠬᠢᠯᠡᠨ ᠬᠡᠷᠡᠭ᠌ᠵᠢᠭᠦᠯᠵᠦ᠍᠂ ᠰᠤᠷᠭᠠᠭᠤᠯᠢ᠎ᠶ᠋ᠢᠨ ᠬᠤᠪᠴᠠᠰᠤ ᠵᠡᠷᠭᠡ ᠱᠢᠷᠬᠡᠭ᠌ᠯᠢᠭ ᠪᠦᠲᠦᠭᠡᠭ᠌ᠳᠡᠬᠦᠨ᠎ᠤ ᠶᠠᠰᠤ ᠴᠢᠨᠠᠷ᠎ᠲᠤ ᠬᠢᠨᠠᠯᠲᠠ ᠲᠠᠯᠪᠢᠬᠤ᠎ᠶ᠋ᠢ ᠴᠢᠩᠭᠠᠳᠭᠠᠬᠤ᠎ᠳᠤ ᠨᠠᠩ ᠥᠨᠳᠥᠷ ᠱᠠᠭᠠᠷᠳᠠᠯᠭ᠎ᠠ ᠳᠤᠷᠠᠳᠪᠠ᠃ ᠰᠤᠷᠤᠭ᠍ᠴᠢ ᠪᠣᠯᠤᠨ ᠭᠡᠷ᠎ᠦᠨ ᠠᠬᠠᠮᠠᠳ᠎ᠤᠨ ᠰᠤᠷᠭᠠᠭᠤᠯᠢ᠎ᠶ᠋ᠢᠨ ᠬᠤᠪᠴᠠᠰᠤ ᠰᠣᠩᠭᠣᠬᠤ ᠳ᠋ᠤ ᠳᠥᠭᠥᠮ ᠦᠵᠡᠭᠦᠯᠬᠦ ᠪᠠ ᠦᠢᠯᠡᠳᠬᠦᠨ᠎ᠦ ᠶᠠᠰᠤ ᠴᠢᠨᠠᠷ᠎ᠢ ᠬᠠᠮᠲᠤ ᠪᠠᠷ ᠵᠠᠰᠠᠬᠤ᠎ᠶ᠋ᠢ ᠠᠬᠢᠭᠤᠯᠬᠤ ᠶ᠋ᠢᠨ ᠲᠤᠰᠠᠳᠠ ᠡᠳᠦᠭᠡ ᠳᠣᠤᠷᠠᠬᠢ ᠮᠡᠲᠦ ᠬᠡᠷᠡᠭ᠌ᠯᠡᠭᠡ ᠵᠢᠨ ᠰᠠᠨᠠᠭᠤᠯᠤᠮᠵᠢ᠎ᠶ᠋ᠢ ᠨᠡᠢᠲᠡᠯᠡᠪᠡ᠃

ᠨᠢᠭᠡ᠂ ᠱᠤᠱᠢᠭ᠎ᠠ ᠲᠡᠮᠳᠡᠭ ᠎ᠢ ᠪᠠᠢᠴᠠᠭᠠᠨ ᠦᠵᠡᠬᠦ᠌

ᠰᠤᠷᠭᠠᠭᠤᠯᠢ᠎ᠶ᠋ᠢᠨ ᠬᠤᠪᠴᠠᠰᠤ(ᠴᠡᠴᠡᠷᠯᠢᠭ᠎ᠦᠨ ᠬᠤᠪᠴᠠᠰᠤ)ᠬᠤᠳᠠᠯᠳᠤᠨ ᠠᠪᠬᠤ ᠦᠶᠡᠰ ᠦᠢᠯᠡᠳᠬᠦᠨ᠎ᠦ ᠱᠣᠱᠢᠭ᠎ᠠ ᠲᠡᠮᠳᠡᠭ᠎ᠢ ᠨᠠᠷᠢᠨ ᠨᠢᠮᠪᠡᠢ ᠪᠠᠢᠴᠠᠭᠠᠭᠠᠷᠠᠢ᠃ ᠱᠣᠱᠢᠭ᠎ᠠ ᠲᠡᠮᠳᠡᠭ᠎ᠲᠦ ᠳᠣᠤᠷᠠᠬᠢ ᠠᠭᠤᠯᠭ᠎ᠠ᠎ᠶ᠋ᠢ ᠲᠣᠳᠣᠷᠬᠠᠢᠯᠠᠬᠤ ᠬᠡᠷᠡᠭ᠌ᠲᠡᠶ᠄ ᠦᠢᠯᠡᠳᠬᠦᠨ᠎ᠦ ᠶᠠᠰᠤ ᠴᠢᠨᠠᠷ᠎ᠤᠨ ᠱᠢᠯᠭᠠᠨ ᠪᠠᠢᠴᠠᠭᠠᠯᠲᠠ᠎ᠳᠤ ᠬᠢᠷᠢ ᠲᠡᠩᠴᠡᠭ᠌ᠰᠡᠨ ᠭᠡᠷᠡᠴᠢ ᠪᠠᠷᠢᠮᠳᠠ᠂ ᠦᠢᠯᠡᠳᠪᠦᠷᠢᠯᠡᠭ᠌ᠴᠢ᠎ᠶ᠋ᠢᠨ ᠨᠡᠷ᠎ᠠ ᠪᠠ ᠬᠠᠶᠢᠭ᠂ ᠦᠢᠯᠡᠳᠬᠦᠨ᠎ᠦ ᠨᠡᠷᠡᠢᠳᠦᠯ᠂ ᠬᠡᠪ ᠪᠠᠷᠢᠮᠵᠢᠶ᠎ᠠ ᠬᠡᠯᠪᠡᠷᠢ ᠮᠠᠶᠢᠭ᠂ ᠭᠦᠢᠴᠡᠳᠭᠡᠬᠦ᠌ ᠪᠠᠷᠢᠮᠵᠢᠶ᠎ᠠ᠎ᠶ᠋ᠢᠨ ᠳ᠋ᠤᠭᠠᠷ᠂ ᠱᠢᠷᠬᠡᠭ᠎ᠦᠨ ᠪᠦᠷᠢᠯᠳᠦᠬᠦᠨ ᠵᠢᠴᠢ ᠠᠭᠤᠯᠤᠭ᠍ᠳᠠᠴᠠ᠂ ᠠᠮᠤᠷ ᠲᠦᠪᠰᠢᠨ᠎ᠤ ᠲᠥᠷᠥᠯ ᠢᠯᠭᠠᠯ᠂ ᠬᠠᠮᠠᠭᠠᠯᠠᠬᠤ ᠠᠷᠭ᠎ᠠ ᠵᠡᠷᠭᠡ ᠮᠡᠳᠡᠭᠡ ᠵᠠᠩᠭᠢ ᠪᠠᠭᠳᠠᠨ᠎ᠠ᠃ ᠡᠭᠦᠨ᠎ᠳᠤ 14 ᠨᠠᠰᠤ ᠵᠢᠴᠢ ᠲᠡᠭᠦᠨ᠎ᠠᠴᠠ ᠳᠣᠷᠣᠭ᠍ᠰᠢᠬᠢ ᠬᠡᠤᠬᠡᠳ᠎ᠤᠨ ᠬᠤᠪᠴᠠᠰᠤ(ᠴᠡᠴᠡᠷᠯᠢᠭ᠎ᠤᠨ ᠬᠤᠪᠴᠠᠰᠤ)ᠨᠢ ᠡᠷᠬᠡᠪᠰᠢ ᠠᠯᠪᠠᠳᠠᠯᠭ᠎ᠠ᠎ᠶ᠋ᠢᠨ ᠴᠢᠨᠠᠷᠲᠠᠶ ᠤᠯᠤᠰ᠎ᠤᠨ ᠪᠠᠷᠢᠮᠵᠢᠶ᠎ᠠ GB31701-2015 ᠵᠢᠴᠢ ᠦᠢᠯᠡᠳᠬᠦᠨ᠎ᠤ ᠢᠯᠡ ᠨᠡᠢᠲᠡᠯᠡᠬᠦ᠌ ᠪᠠᠷᠢᠮᠵᠢᠶ᠎ᠠ᠎ᠶ᠋ᠢᠨ ᠱᠠᠭᠠᠷᠳᠠᠯᠭ᠎ᠠ᠎ᠳᠤ ᠨᠡᠢᠴᠡᠭ᠌ᠰᠡᠨ ᠪᠠᠢᠬᠤ ᠬᠡᠷᠡᠭ᠌ᠲᠡᠶ᠃

ᠬᠤᠶᠠᠷ᠂ ᠦᠢᠯᠡᠳᠪᠦᠷᠢ᠎ᠶ᠋ᠢᠨ ᠨᠡᠷ᠎ᠠ  ᠬᠠᠶᠢᠬ᠎ᠢ ᠰᠢᠯᠭᠠᠨ ᠪᠠᠢᠴᠠᠭᠠᠬᠤ

ᠰᠤᠷᠭᠠᠭᠤᠯᠢ᠎ᠶ᠋ᠢᠨ ᠬᠤᠪᠴᠠᠰᠤ ᠵᠢ ᠬᠤᠳᠠᠯᠳᠤᠨ ᠠᠪᠬᠤ᠎ᠳᠠᠭᠠᠨ ᠫᠠᠢᠰᠠ᠂ ᠱᠣᠱᠢᠭ᠎ᠠ ᠳᠡᠭᠡᠷᠡᠬᠢ ᠦᠢᠯᠡᠳᠪᠦᠷᠢ᠎ᠶ᠋ᠢᠨ ᠨᠡᠷ᠎ᠠ ᠪᠤᠯᠤᠨ ᠬᠠᠶᠢᠬ᠎ᠢ ᠠᠩᠬᠠᠷᠬᠤ ᠬᠡᠷᠡᠭ᠌ᠲᠡᠢ᠃ ᠪᠦᠬᠦ᠌ ᠤᠯᠤᠰ᠎ᠤᠨ ᠵᠣᠬᠢᠶᠠᠨ ᠪᠠᠢᠭᠤᠯᠤᠯᠲᠠ᠎ᠶ᠋ᠢᠨ ᠪᠠᠢᠭᠤᠯᠤᠮᠵᠢ᠎ᠶ᠋ᠢᠨ ᠨᠡᠢᠭᠡᠮ᠎ᠤᠨ ᠢᠲᠡᠭᠡᠮᠵᠢ᠎ᠶ᠋ᠢᠨ ᠨᠢᠭᠡᠳᠦᠯᠲᠡᠢ ᠣᠷᠣᠯᠠᠬᠤ ᠨᠣᠮᠧᠷ᠎ᠢ ᠪᠠᠢᠴᠠᠭᠠᠨ ᠯᠠᠪᠯᠠᠬᠤ ᠲᠠᠪᠴᠠᠩ(https://www.cods.org.cn/gscx/)᠂ ᠡᠰᠡᠬᠦᠯ᠎ᠡ《ᠲᠢᠶᠠᠨ ᠶᠠᠨ ᠵᠢᠡᠷ ᠪᠠᠢᠴᠠᠭᠠᠬᠤ》᠂《ᠠᠵᠤ ᠠᠬᠤᠢᠯᠠᠯ᠎ᠢ ᠪᠠᠢᠴᠠᠭᠠᠬᠤ》ᠵᠡᠷᠭᠡ ᠰᠦᠯᠵᠢᠶ᠎ᠠ ᠵᠢᠨ ᠪᠠᠭᠠᠵᠢ᠎ᠶ᠋ᠢ ᠬᠡᠷᠡᠭ᠌ᠯᠡᠵᠦ᠍᠂ ᠰᠤᠷᠭᠠᠭᠤᠯᠢ᠎ᠶ᠋ᠢᠨ ᠬᠤᠪᠴᠠᠰᠤ ᠦᠢᠯᠡᠳᠪᠦᠷᠢᠯᠡᠬᠦ᠌ ᠠᠵᠤ ᠠᠬᠤᠢᠯᠠᠯ᠎ᠤᠨ ᠦᠨᠡᠨ ᠪᠣᠳᠠᠲᠠᠢ ᠪᠠᠢᠬᠤ ᠡᠰᠡᠬᠦ᠌᠎ᠶ᠋ᠢ ᠬᠢᠨᠠᠨ ᠬᠠᠷᠭᠤᠭᠤᠯᠵᠤ ᠦᠵᠡᠬᠦ ᠵᠢ ᠰᠠᠨᠠᠭᠤᠯᠪᠠ᠃ ᠬᠡᠷᠪᠡ ᠱᠣᠱᠢᠭ᠎ᠠ ᠲᠡᠮᠳᠡᠭ ᠨᠢ ᠠᠵᠤ ᠠᠬᠤᠢᠯᠠᠯ᠎ᠤᠨ ᠨᠡᠷ᠎ᠠ ᠵᠢ ᠳᠤᠪᠴᠢᠯᠠᠭᠰᠠᠠ ᠪᠠᠢᠪᠠᠯ ᠬᠡᠷᠡᠭᠯᠡᠭᠴᠢᠳ ᠪᠣᠷᠣᠯᠠᠭᠤᠯᠬᠤ ᠲᠠᠯ᠎ᠠ ᠵᠢᠨ ᠬᠢᠨ᠎ᠳᠤ ᠦᠢᠯᠡᠳᠪᠦᠷᠢᠯᠡᠭᠰᠡᠡ ᠠᠵᠤ ᠠᠬᠤᠢᠯᠠᠯ᠎ᠤᠨ ᠪᠦᠷᠢᠨ ᠪᠦᠲᠦᠨ ᠨᠡᠷᠡᠢᠳᠦᠯ᠎ᠢ ᠬᠢᠨᠠᠨ ᠪᠠᠢᠴᠠᠭᠠᠵᠤ᠂ ᠪᠤᠰᠤᠳ ᠦᠢᠯᠡᠳᠪᠦᠷᠢ᠎ᠶ᠋ᠢᠨ ᠨᠡᠷ᠎ᠡ ᠪᠠ ᠬᠠᠶᠢᠭ᠎ᠢ ᠬᠠᠭᠤᠷᠮᠠᠭ᠎ᠢᠶᠠᠷ ᠵᠣᠬᠢᠶᠠᠬᠤ᠂ ᠬᠠᠭᠤᠷᠮᠠᠭ᠍ᠯᠠᠨ ᠬᠡᠷᠡᠭ᠌ᠯᠡᠬᠦ᠌᠎ᠡᠴᠡ ᠵᠠᠢᠯᠠᠰᠭᠢᠵᠦ᠍ ᠪᠣᠯᠤᠨ᠎ᠠ᠃

ᠭᠤᠷᠪᠠ᠂ ᠱᠢᠷᠬᠡᠭ᠎ᠤᠨ ᠪᠦᠷᠢᠯᠳᠦᠬᠦᠨ ᠵᠢᠴᠢ ᠠᠭᠤᠯᠤᠭ᠍ᠳᠠᠴᠠ᠎ᠶ᠋ᠢ ᠪᠠᠢᠴᠠᠭᠠᠨ ᠦᠵᠡᠬᠦ᠌

ᠬᠤᠪᠴᠠᠰᠤᠨ᠎ᠤ ᠡᠳ᠋ ᠬᠢᠬᠡᠳ ᠳᠤᠳᠤᠷ ᠡᠳ᠋ ᠨᠢ ᠨᠢᠭᠡᠳᠦᠯ ᠦᠭᠡᠢ ᠪᠠᠢᠪᠠᠯ ᠳᠤᠰ ᠪᠦᠷᠢ ᠭᠠᠳᠠᠷ ᠡᠳ᠋᠂ ᠳᠣᠲᠣᠷ ᠡᠳ᠋ ᠤ᠋ᠨ ᠱᠢᠷᠬᠡᠭ᠌ᠯᠢᠭ᠎ᠤᠨ ᠪᠦᠷᠢᠯᠳᠦᠬᠦᠨ ᠬᠢᠭᠡᠳ ᠠᠭᠤᠯᠤᠭ᠍ᠳᠠᠴᠠ᠎ᠶ᠋ᠢ ᠲᠤᠰ ᠲᠤᠰ ᠲᠣᠳᠣᠷᠬᠠᠢᠯᠠᠵᠤ ᠦᠭᠬᠦ ᠬᠡᠷᠡᠭ᠌ᠲᠡᠶ᠃  ᠪᠦᠲᠦᠭᠡᠭ᠌ᠳᠡᠬᠦᠨ᠎ᠳᠦ ᠴᠢᠭᠵᠢᠶᠡᠰᠦ ᠲᠠᠢ ᠪᠣᠯ ᠲᠡᠬᠦᠨ᠎ᠤ ᠲᠥᠷᠥᠯ ᠵᠦᠢᠯ ᠵᠢᠴᠢ ᠠᠭᠤᠯᠤᠭ᠍ᠳᠠᠴᠠ᠎ᠶ᠋ᠢ ᠲᠣᠳᠣᠷᠬᠠᠢᠯᠠᠬᠤ ᠬᠡᠷᠡᠭ᠌ᠲᠡᠶ; ᠬᠡᠷᠪᠡ ᠨᠤᠤᠷᠰᠤᠨ ᠲᠡᠪᠡᠯ ᠪᠤᠯ ᠲᠡᠬᠦᠨ᠎ᠤ ᠲᠦᠷᠤᠯ ᠵᠤᠢᠯ ᠪᠤᠯᠤᠨ ᠠᠭᠤᠯᠤᠭᠳᠠᠴᠠ ᠵᠢᠴᠢ ᠦᠳᠤ ᠨᠤᠤᠰᠤᠨ᠎ᠤ ᠬᠡᠮᠵᠢᠶ᠎ᠠ ᠵᠡᠷᠭᠡ᠎ᠶ᠋ᠢ ᠲᠣᠳᠣᠷᠬᠠᠢᠯᠠᠬᠤ ᠬᠡᠷᠡᠭ᠌ᠲᠡᠶ᠃ ᠣᠨᠴᠠᠭᠠᠢ ᠰᠠᠨᠠᠭᠤᠯᠤᠮᠵᠢ᠄ ᠰᠤᠷᠭᠠᠭᠤᠯᠢ᠎ᠶᠢᠨ ᠬᠤᠪᠴᠠᠰᠤ ᠭᠦᠢᠴᠡᠳᠭᠡᠬᠦ᠌ ᠪᠠᠷᠢᠮᠵᠢᠶ᠎ᠠ ᠨᠢ GB /T31888-2015 ᠪᠠᠢᠬᠤ ᠦᠶᠠᠰ ᠰᠤᠷᠭᠠᠭᠤᠯᠢ᠎ᠶᠢᠨ ᠬᠤᠪᠴᠠᠰᠤ ᠵᠢᠨ ᠠᠷᠠᠰᠤ᠎ᠲᠠᠢ ᠱᠢᠭᠤᠳ ᠬᠦᠷᠤᠯᠴᠡᠬᠦ ᠬᠡᠰᠡᠭ ᠵᠢᠴᠢ ᠬᠥᠪᠥᠩ ᠱᠢᠷᠬᠡᠭ᠎ᠦ᠋ᠨ ᠠᠭᠤᠯᠤᠭ᠍ᠳᠠᠴᠠ ᠵᠢᠨ ᠬᠡᠮᠵᠢᠶ᠎ᠠ ᠨᠢ 35 % ᠎ᠠ᠋ᠴᠠ ᠳᠣᠣᠷ᠎ᠠ ᠪᠠᠢᠯᠭᠠᠬᠤ ᠦᠬᠡᠢ ᠪᠠᠢᠪᠠᠯ ᠵᠣᠬᠢᠨ᠎ᠠ᠃

ᠲᠦᠷᠪᠡ᠂ ᠬᠤᠪᠴᠠᠰᠤ ᠵᠢ ᠦᠨᠤᠷᠯᠡᠵᠤ᠂ ᠭᠠᠳᠠᠷ ᠪᠠᠢᠳᠠᠯ᠎ᠢ ᠪᠠᠢᠴᠠᠭᠠᠵᠤ ᠦᠵᠡᠬᠦ

ᠬᠤᠪᠴᠠᠰᠤᠨ ᠡᠴᠨ ᠬᠠᠮᠠᠷ ᠴᠤᠷᠬᠢᠮ᠎ᠠ᠂ ᠬᠠᠮᠠᠷ ᠭᠠᠲᠠᠮ᠎ᠠ ᠦᠮᠡᠬᠡᠢ ᠦᠨᠤᠷ ᠦᠨᠤᠷᠳᠤᠬᠦ ᠡᠰᠡᠬᠦ ᠵᠢ ᠠᠩᠬᠠᠷᠤᠨ᠎ᠠ᠃ ᠵᠢᠱ᠌ᠢᠶᠡᠯᠡᠪᠡᠯ ᠢᠯᠵᠢᠷᠡᠭᠰᠡᠡ ᠦᠨᠤᠷ᠂ ᠴᠢᠶᠢᠦ ᠲᠣᠰᠣᠨ᠎ᠤ᠋ ᠦᠨᠦᠷ᠂ ᠨᠡᠭᠦᠷᠡᠰᠦᠨ ᠲᠣᠰᠣᠨ᠎ᠤ᠋ ᠦᠨᠦᠷ᠂ ᠵᠢᠭᠠᠰᠤᠨ᠎ᠤ᠋ ᠦᠨᠦᠷ᠂ ᠦᠨᠦᠷᠲᠦ ᠨᠡᠭᠦᠷᠦᠭ᠌ᠴᠢ᠎ᠶᠢᠨ ᠦᠨᠦᠷ ᠵᠢᠴᠢ ᠬᠣᠯᠢᠮᠠᠭ ᠦᠨᠦᠷ᠎ᠲᠡᠢ ᠪᠠᠢᠨ᠎ᠠ ᠤᠤ ᠦᠬᠡᠢ ᠦᠦ? ᠡᠳᠡᠭᠡᠷ ᠣᠨᠳᠣᠣ ᠦᠨᠦᠷ ᠨᠢ ᠠᠮᠠᠷᠬᠠᠨ ᠪᠡᠶ᠎ᠡ᠎ᠶᠢᠨ ᠡᠷᠡᠭᠦᠯ ᠮᠡᠨᠳᠦ᠍᠎ᠳ᠋ᠦ᠍ ᠨᠥᠯᠥᠭᠡ ᠪᠣᠯᠳᠠᠭ᠃

ᠣᠶᠣᠳᠠᠯ ᠨᠢ ᠲᠡᠭ᠌ᠰᠢ ᠪᠠᠢᠬᠤ ᠡᠰᠡᠬᠦ᠌᠎ᠶ᠋ᠢ ᠪᠠᠢᠴᠠᠭᠠᠵᠤ᠂ ᠤᠳᠠᠰᠤ ᠲᠠᠰᠤᠷᠠᠭᠰᠠᠠ᠂ ᠵᠡᠭᠦᠦ ᠠᠯᠳᠠᠭᠰᠠᠠ ᠦᠵᠡᠭ᠌ᠳᠡᠯ ᠪᠠᠢᠬᠤ ᠡᠰᠡᠬᠦ᠌᠎ᠶ᠋ᠢ ᠪᠠᠢᠴᠠᠭᠠᠨ᠎ᠠ;ᠬᠤᠪᠴᠠᠰᠤᠨ᠎ᠤ ᠭᠠᠳᠠᠷᠭᠤ᠎ᠳᠤ ᠥᠩᠭᠡ᠎ᠨᠢ ᠢᠯᠡᠷᠬᠡᠢ ᠵᠥᠷᠢᠶ᠎ᠡ ᠲᠡᠢ ᠪᠠᠢᠬᠤ᠂ ᠨᠦᠬᠡ ᠲᠠᠢ ᠪᠤᠶᠤ ᠪᠣᠬᠢᠷ ᠤᠰᠤ ᠪᠠᠢᠬᠤ ᠡᠰᠡᠬᠦ᠌᠎ᠶ᠋ᠢ ᠪᠠᠢᠴᠠᠭᠠᠨ᠎ᠠ;ᠲᠣᠪᠴᠢ᠂ ᠲᠠᠲᠠᠮᠠᠯ ᠳᠤᠪᠴᠢᠯᠠᠭᠤᠷ᠂ ᠲᠡᠮᠦᠷᠯᠢᠭ ᠴᠢᠮᠡᠭ᠌ᠯᠡᠯ ᠵᠡᠷᠭᠡ ᠳᠠᠭᠠᠯᠳᠤᠭᠤᠯᠤᠯ ᠵᠤᠢᠯ᠎ᠨᠢ ᠭᠥᠯᠢᠭᠡᠷ ᠪᠠᠲᠤ ᠪᠠᠬᠢ ᠪᠠᠢᠬᠤ ᠡᠰᠡᠬᠦ᠌᠎ᠶ᠋ᠢ ᠪᠠᠢᠴᠠᠭᠠᠵᠤ᠂ ᠬᠠᠨᠴᠤᠢ ᠵᠠᠬ᠎ᠠ ᠵᠠᠭᠠᠮ᠎ᠠ ᠪᠡᠷ ᠦᠯᠡᠳᠡᠭ᠌ᠳᠡᠯ ᠲᠡᠮᠦᠷᠯᠢᠭ ᠵᠡᠭᠦᠦ ᠵᠡᠷᠭᠡ ᠪᠣᠳᠠᠰ ᠪᠠᠢᠬᠤ ᠡᠰᠡᠬᠦ ᠵᠢ ᠠᠩᠬᠠᠷᠴᠤ᠂ ᠱᠢᠷᠬᠠᠳᠤᠬᠤ ᠡᠴᠨ ᠰᠡᠷᠭᠡᠢᠯᠡᠬᠦ ᠬᠡᠷᠡᠭᠳᠡᠢ᠃

14 ᠨᠠᠰᠤ ᠵᠢᠴᠢ ᠲᠡᠭᠦᠨ ᠎ᠡᠴᠠ ᠳᠣᠷᠣᠭ᠍ᠰᠢᠬᠢ ᠰᠤᠷᠤᠭ᠍ᠴᠢᠳ᠎ᠤᠨ ᠰᠤᠷᠭᠠᠭᠤᠯᠢ᠎ᠶ᠋ᠢᠨ ᠬᠤᠪᠴᠠᠰᠤ᠎ᠶ᠋ᠢ ᠰᠣᠩᠭᠤᠨ ᠠᠪᠬᠤ ᠎ᠳᠤ ᠤᠶᠠᠭᠠᠰᠤ ᠵᠢᠨ ᠠᠮᠤᠷ ᠲᠦᠪᠱᠢᠨ᠎ᠤ ᠳᠠᠯᠳᠠ ᠭᠡᠮ᠎ᠢ ᠭᠤᠤᠯᠳᠠᠯᠭ᠎ᠠ᠎ᠲᠠᠢ ᠵᠢᠭ᠍ᠰᠠᠭᠠᠨ ᠪᠠᠢᠴᠠᠭᠠᠬᠤ ᠬᠡᠷᠡᠭ᠌ᠲᠡᠶ᠃ 7 ᠨᠠᠰᠤᠨ᠎ᠠ᠋ᠴᠠ ᠳᠣᠷᠣᠭ᠍ᠱᠢᠬᠢ ᠬᠡᠦᠬᠡᠳ᠎ᠦ᠋ᠨ ᠰᠤᠷᠭᠠᠭᠤᠯᠢ᠎ᠶᠢᠨ ᠬᠤᠪᠴᠠᠰᠤ(ᠴᠡᠴᠡᠷᠯᠢᠭ᠎ᠦ᠋ᠨ ᠬᠤᠪᠴᠠᠰᠤ) ᠵᠢᠨ ᠲᠣᠯᠣᠭᠠᠢ᠎ᠶᠢᠨ ᠬᠡᠰᠡᠭ ᠪᠠ ᠬᠦᠵᠦᠭᠦᠦ ᠵᠢᠨ ᠬᠡᠰᠡᠭ ᠲᠤ᠌ ᠤᠶᠠᠭᠠᠰᠤ ᠦᠬᠡᠢ ᠪᠠᠢᠪᠠᠯ ᠵᠤᠬᠢᠨ᠎ᠠ; 7 ᠨᠠᠰᠤ ᠵᠢᠴᠢ ᠲᠡᠭᠦᠨ᠎ᠡᠴᠡ ᠳᠡᠭᠡᠭ᠌ᠱᠢᠬᠢ ᠰᠤᠷᠤᠭ᠍ᠴᠢ᠎ᠶᠢᠨ ᠰᠤᠷᠭᠠᠭᠤᠯᠢ᠎ᠶᠢᠨ ᠬᠤᠪᠴᠠᠰᠤ ᠵᠢᠨ ᠲᠣᠯᠣᠭᠠᠢ ᠬᠦᠵᠦᠭᠦᠦ ᠵᠢᠨ ᠬᠡᠰᠡᠭ ᠲᠤ᠌ ᠲᠣᠬᠢᠷᠠᠭᠤᠯᠬᠤ ᠤᠶᠠᠭᠠᠰᠤ ᠨᠢ ᠬᠡᠳᠤᠷᠬᠡᠢ ᠤᠷᠳᠤ ᠪᠠᠢᠵᠤ ᠪᠣᠯᠬᠤ ᠦᠭᠡᠢ᠂ ᠦᠵᠤᠬᠦᠷ᠎ᠤᠨ ᠬᠡᠰᠡᠭ᠎ᠢ ᠲᠡᠮᠦᠷᠯᠢᠭ ᠵᠤᠢᠯ ᠵᠢᠡᠷ ᠤᠷᠢᠶᠠᠵᠤ ᠪᠤᠯᠬᠤ ᠦᠬᠡᠢ᠂ ᠤᠶᠠᠭᠠᠰᠤ ᠵᠢᠨ ᠤᠷᠲᠤ᠎ᠶᠢᠨ ᠬᠡᠮᠵᠢᠶ᠎ᠡ  ᠵᠢ 75mm ᠡᠴᠨ ᠬᠡᠳᠤᠷᠡᠬᠦᠯᠵᠤ ᠪᠣᠯᠬᠤ ᠦᠭᠡᠢ;ᠰᠤᠷᠭᠠᠭᠤᠯᠢ᠎ᠶᠢᠨ ᠬᠤᠪᠴᠠᠰᠤ ᠨᠢ ᠬᠡᠷᠪᠡ ᠪᠦᠰᠡᠯᠡᠬᠦᠷ᠎ᠤᠨ ᠬᠡᠰᠡᠭ ᠲᠤ᠌᠎ᠤᠶᠠᠭᠠᠰᠤ ᠲᠠᠢ ᠪᠠᠢᠪᠠᠯ  ᠪᠦᠰᠡ ᠵᠢ ᠨᠢ ᠳᠤᠭᠳᠠᠮᠠᠯ ᠪᠤᠯᠭᠠᠵᠤ᠂ ᠲᠣᠭ᠍ᠲᠠᠮᠠᠯ ᠴᠡᠭ ᠡᠴᠡ ᠰᠤᠩᠭᠠᠵᠤ ᠭᠠᠷᠭᠠᠭ᠍ᠰᠠᠨ ᠤᠷᠲᠤ᠎ᠶᠢᠨ ᠬᠡᠮᠵᠢᠶ᠎ᠡ᠎ᠶᠢ 360mm ᠠ᠋ᠴᠠ ᠬᠡᠲᠦᠷᠡᠭᠦᠯᠵᠦ᠍ ᠪᠣᠯᠬᠤ ᠦᠭᠡᠢ᠃ ᠪᠦᠰᠡ ᠵᠢᠨ ᠱᠠᠭᠠᠷᠳᠠᠯᠭ᠎ᠠ ᠨᠢ ᠠᠯᠪᠠᠳᠠᠯᠭ᠎ᠠ᠎ᠶ᠋ᠢᠨ ᠴᠢᠨᠠᠷᠲᠠᠢ ᠤᠯᠤᠰ᠎ᠤᠨ ᠪᠠᠷᠢᠮᠵᠢᠶ᠎ᠠ GB31701-2015᠎ᠳ᠋ᠤ ᠬᠦᠷᠬᠦ ᠬᠡᠷᠡᠭᠳᠡᠢ᠃

ᠲᠠᠪᠤ᠂ ᠱᠢᠯᠭᠠᠨ ᠪᠠᠢᠴᠠᠭᠠᠭ᠍ᠰᠠᠨ ᠮᠡᠳᠡᠭᠦᠯᠦᠯᠲᠡ᠎ᠶ᠋ᠢ ᠪᠠᠢᠴᠠᠭᠠᠨ ᠦᠵᠡᠬᠦ᠌

ᠰᠤᠷᠭᠠᠭᠤᠯᠢ᠎ᠶ᠋ᠢᠨ ᠬᠤᠪᠴᠠᠰᠤ ᠵᠢ ᠬᠠᠤᠯᠢ᠎ᠪᠠᠷ ᠲᠣᠭ᠍ᠲᠠᠭᠠᠭ᠍ᠰᠠᠨ ᠬᠢᠷᠢ ᠭᠡᠮ᠎ᠲᠡᠶ ᠪᠠᠢᠴᠠᠭᠠᠨ ᠱᠢᠯᠭᠠᠠ ᠬᠡᠮᠵᠢᠬᠦ᠌ ᠪᠠᠢᠭᠤᠯᠤᠮᠵᠢ᠎ᠡᠴᠠ ᠤᠯᠤᠰ᠎ᠤᠨ ᠬᠣᠯᠪᠣᠭ᠍ᠳᠠᠯ ᠪᠦᠬᠦᠢ ᠪᠠᠷᠢᠮᠵᠢᠶ᠎ᠠ ᠶᠣᠰᠣᠭᠠᠷ ᠦᠢᠯᠡᠳᠪᠦᠷᠢ᠎ᠡᠴᠡ ᠤᠢᠯᠡᠳᠪᠤᠷᠢᠯᠡᠨ ᠭᠠᠷᠭᠠᠵᠤ ᠪᠠᠢᠴᠠᠭᠠᠨ ᠱᠢᠯᠭᠠᠭᠠᠳ ᠬᠢᠷᠢ ᠲᠡᠩᠴᠡᠭ᠌ᠰᠡᠨ᠎ᠦ ᠳᠠᠷᠠᠭ᠎ᠠ ᠰᠠᠶᠢ ᠪᠣᠷᠣᠯᠠᠭᠤᠯᠵᠤ ᠪᠣᠯᠤᠨ᠎ᠠ᠃ ᠬᠡᠷᠡᠭ᠌ᠯᠡᠭ᠌ᠴᠢᠳ ᠪᠣᠷᠣᠯᠠᠭᠤᠯᠬᠤ ᠲᠠᠯ᠎ᠠ ᠵᠢᠨ ᠬᠢᠨ᠎ᠡᠴᠨ ᠳᠤᠰ ᠪᠦᠯᠦᠭ᠎ᠤᠨ ᠰᠤᠷᠭᠠᠭᠤᠯᠢ ᠵᠢᠨ ᠬᠤᠪᠴᠠᠰᠤᠨ᠎ᠤ ᠦᠢᠯᠡᠳᠪᠦᠷᠢ ᠵᠢᠨ ᠱᠢᠯᠭᠠᠨ ᠪᠠᠢᠴᠠᠭᠠᠬᠰᠠᠠ ᠮᠡᠳᠡᠭᠦᠯᠦᠯᠲᠡ ᠵᠢ ᠠᠪᠴᠤ ᠪᠤᠯᠬᠤ ᠮᠦᠷᠳᠡᠬᠡᠨ ᠭᠤᠤᠯᠳᠠᠯᠭ᠎ᠠ ᠲᠠᠢ ᠬᠠᠷᠭᠤᠭᠤᠯᠤᠨ ᠪᠠᠢᠴᠠᠭᠠᠵᠤ ᠪᠤᠯᠤᠨ᠎ᠠ᠃ ᠠᠭᠤᠯᠭ᠎ᠠ ᠨᠢ ᠳᠤᠤᠷᠡᠬᠢ ᠮᠡᠳᠤ᠄

1. ᠱᠢᠯᠭᠠᠨ ᠪᠠᠢᠴᠠᠭᠠᠭ᠍ᠰᠠᠨ ᠮᠡᠳᠡᠭᠦᠯᠦᠯᠲᠡ᠎ᠳᠤ ᠬᠢᠷᠢ ᠬᠡᠮ᠎ᠢ ᠮᠠᠭᠠᠳᠯᠠᠨ ᠲᠣᠭ᠍ᠲᠠᠭᠠᠭ᠍ᠰᠠᠨ ᠲᠡᠮᠳᠡᠭ (CMA) ᠲᠠᠢ ᠪᠠᠢᠪᠠᠯ ᠰᠠᠶᠢ ᠬᠢᠷᠢ ᠲᠡᠩᠴᠡᠭᠰᠡᠡ᠎ᠳᠤ ᠳᠤᠭᠠᠴᠠᠭᠳᠠᠨ᠎ᠠ᠃

2. ᠮᠠᠳᠡᠬᠦᠯᠤᠯᠳᠠ᠎ᠳᠤ ᠠᠮᠤᠷ ᠲᠦᠪᠱᠢᠨ᠎ᠤ ᠴᠢᠳᠡᠪᠬᠢ ᠵᠢᠴᠢ ᠬᠡᠷᠡᠭ᠌ᠯᠡᠵᠦ᠍ ᠪᠣᠯᠬᠤᠢᠴᠠ ᠴᠢᠳᠡᠪᠬᠢ᠎ᠶ᠋ᠢᠨ ᠲᠠᠯ᠎ᠠ᠎ᠪᠠᠷ᠎ᠬᠢ ᠵᠠᠩᠭᠢᠯᠠᠭ᠎ᠠ᠎ᠶ᠋ᠢᠨ ᠴᠢᠨᠠᠷᠲᠠᠢ ᠭᠦᠢᠴᠡᠳᠭᠡᠯ ᠲᠤᠭ᠎ᠠ᠎ᠶ᠋ᠢ ᠪᠠᠭ᠍ᠲᠠᠭᠠᠵᠠᠢ᠂ ᠡᠭᠦᠨ᠎ᠳᠤ ᠤᠶᠠᠭᠠᠰᠤ ᠪᠦᠰᠡ᠎ᠶ᠋ᠢᠨ ᠱᠠᠭᠠᠷᠳᠠᠯᠭ᠎ᠠ(14 ᠨᠠᠰᠤ ᠵᠢᠴᠢ ᠲᠡᠭᠦᠨ᠎ᠡᠴᠠ ᠳᠣᠷᠣᠭ᠍ᠰᠢᠬᠢ ᠰᠤᠷᠤᠭᠴᠢᠳ ᠰᠤᠷᠭᠠᠭᠤᠯᠢ᠎ᠶ᠋ᠢᠨ ᠬᠤᠪᠴᠠᠰᠤ᠎ᠶ᠋ᠢ ᠬᠡᠷᠡᠭ᠌ᠯᠡᠬᠦ᠌᠎ᠳᠤ ᠲᠣᠬᠢᠷᠠᠮᠵᠢᠲᠠᠢ ᠪᠠᠢᠬᠤ)ᠵᠢ ᠬᠢᠵᠠᠭᠠᠷᠯᠠᠬᠤ ᠦᠬᠡᠢ᠂ ᠱᠢᠷᠬᠡᠭ᠌ᠯᠢᠭ᠎ᠤᠨ ᠠᠭᠤᠯᠤᠭ᠍ᠳᠠᠴᠠ᠂ ᠰᠢᠷᠭᠤᠯᠵᠢᠨ ᠠᠯᠳᠧᠾᠢᠳ᠋᠎ᠤᠨ ᠠᠭᠤᠯᠤᠭ᠍ᠳᠠᠴᠠ᠂ PH ᠬᠡᠮᠵᠢᠭ᠌ᠳᠡᠯ ᠵᠡᠷᠭᠡ ᠠᠭᠤᠯᠭ᠎ᠠ᠎ᠪᠤᠢ᠃

3. ᠮᠡᠳᠡᠬᠦᠯᠤᠯᠳᠠ ᠵᠢᠨ ᠮᠡᠳᠡᠬᠡ ᠵᠡᠩᠬᠢ ᠪᠤᠯᠤᠨ ᠰᠤᠷᠭᠠᠭᠤᠯᠢ ᠵᠢᠨ ᠬᠤᠪᠴᠠᠰᠤ ᠵᠢᠨ ᠪᠤᠳᠠᠳᠤ ᠪᠠᠢᠳᠠᠯ ᠲᠠᠢ ᠳᠤᠬᠢᠷᠠᠯᠴᠠᠵᠤ᠂ ᠱᠤᠰᠢᠭ᠎ᠠ ᠲᠡᠮᠳᠡᠭ᠎ᠤᠨ ᠬᠠᠳᠠᠭᠰᠠᠠ ᠰᠢᠷᠬᠡᠭᠯᠢᠭ ᠪᠦᠳᠤᠬᠡᠭᠳᠡᠬᠦᠨ᠎ᠤ ᠪᠦᠷᠢᠯᠳᠤᠬᠦᠨ ᠪᠤᠯᠤᠨ ᠠᠭᠤᠯᠤᠭᠳᠠᠴᠠ ᠵᠡᠷᠬᠡ ᠠᠭᠤᠯᠭ᠎ᠠ ᠨᠢᠬᠡᠳᠤᠯᠳᠡᠢ ᠪᠠᠢᠬᠤ ᠬᠡᠷᠡᠭᠳᠡᠢ᠃

ᠱᠢᠯᠭᠠᠨ ᠪᠠᠢᠴᠠᠭᠠᠭ᠍ᠰᠠᠨ ᠮᠡᠳᠡᠭᠦᠯᠦᠯᠲᠡ᠎ᠨᠢ ᠶᠡᠷᠦ᠍᠎ᠳ᠋ᠡᠬᠡᠨ ᠱᠢᠯᠭᠠᠨ ᠪᠠᠢᠴᠠᠭᠠᠬᠤ ᠪᠠᠢᠭᠤᠯᠤᠮᠵᠢ᠎ᠶ᠋ᠢᠨ ᠬᠠᠭᠤᠷᠮᠠᠭ ᠪᠦᠳᠤᠬᠡᠭᠳᠡᠬᠦᠨ ᠡᠴᠠ ᠰᠡᠷᠭᠡᠢᠯᠡᠬᠦ᠌ ᠬᠤᠶᠠᠷ ᠬᠡᠮᠵᠢᠯᠳᠦ ᠺᠣᠳ᠋᠎ᠲᠠᠢ ᠪᠠᠢᠵᠤ᠂ ᠺᠣᠳ᠋᠎ᠢ ᠱᠢᠷᠪᠢᠨ ᠮᠡᠳᠡᠭᠦᠯᠦᠯᠲᠡ᠎ᠶ᠋ᠢᠨ ᠦᠨᠡᠨ ᠬᠤᠳᠠᠯ᠎ᠢ ᠪᠠᠢᠴᠠᠭᠠᠨ ᠯᠠᠪᠯᠠᠵᠤ ᠪᠣᠯᠤᠨ᠎ᠠ;ᠬᠠᠭᠤᠷᠮᠠᠭ ᠪᠦᠳᠤᠬᠡᠭᠳᠡᠬᠦᠨ᠎ᠡᠴᠠ ᠰᠡᠷᠭᠡᠢᠯᠡᠬᠦ᠌ ᠬᠤᠶᠠᠷ ᠬᠡᠮᠵᠢᠯᠳᠦ ᠺᠣᠳ᠋ ᠦᠭᠡᠢ ᠪᠣᠯ ᠭᠠᠷ ᠤᠳᠠᠰᠤ ᠵᠡᠷᠭᠡ ᠠᠷᠭ᠎ᠠ ᠪᠡᠷ ᠳᠠᠮᠵᠢᠨ ᠦᠨᠡᠨ ᠬᠤᠳᠠᠯ᠎ᠢ ᠪᠠᠢᠴᠠᠭᠠᠨ ᠯᠠᠪᠯᠠᠵᠤ ᠪᠣᠯᠤᠨ᠎ᠠ᠃

ᠵᠢᠷᠭᠤᠭ᠎ᠠ᠂ ᠭᠡᠷᠡᠴᠢ ᠪᠠᠷᠢᠮᠲᠠ ᠵᠢ ᠦᠯᠡᠳᠡᠭᠡᠨ ᠬᠠᠳᠠᠭᠠᠯᠠᠬᠤ

ᠬᠠᠤᠯᠢ ᠵᠢᠨ ᠪᠠᠳᠤᠯᠠᠭ᠎ᠠ ᠲᠠᠢ ᠵᠠᠮ ᠮᠥᠷ᠎ᠢ ᠰᠣᠩᠭᠣᠵᠤ᠂ ᠪᠠᠷᠠᠭ᠎ᠠ ᠬᠤᠳᠠᠯᠳᠤᠨ ᠠᠪᠬᠤ ᠬᠡᠷᠡᠴᠢ ᠪᠠᠷᠢᠮᠲᠠ(ᠬᠤᠳᠠᠯᠳᠤᠨ ᠠᠪᠤᠭᠰᠠᠠ ᠭᠡᠷ᠎ᠡ)᠂ ᠮᠦᠩᠬᠦ ᠲᠤᠱᠢᠶᠠᠭ᠍ᠰᠠᠨ ᠲᠡᠮᠳᠡᠭ᠌ᠯᠡᠯ᠂ ᠫᠠᠢᠰᠠ ᠵᠡᠷᠭᠡ ᠬᠡᠷᠡᠭ᠌ᠯᠡᠭᠡ᠎ᠶ᠋ᠢᠨ ᠭᠡᠷᠡᠴᠢ ᠪᠠᠷᠢᠮᠲᠠ᠎ᠶ᠋ᠢ ᠲᠣᠬᠢᠲᠠᠶ ᠬᠠᠳᠠᠭᠠᠯᠠᠬᠤ ᠬᠡᠷᠡᠭ᠌ᠲᠡᠶ᠃ ᠬᠡᠷᠪᠡ ᠶᠠᠰᠤ ᠴᠢᠨᠠᠷ᠎ᠤᠨ ᠠᠰᠠᠭᠤᠳᠠᠯ ᠲᠠᠢ ᠪᠠᠢᠪᠠᠯ ᠳᠠᠷᠦ᠋ᠢᠬᠠᠨ ᠪᠠᠷᠠᠭ᠎ᠠ ᠬᠠᠩᠭᠠᠬᠤ ᠠᠵᠤ ᠠᠬᠤᠢᠯᠠᠯ᠎ᠲᠠᠢ ᠬᠠᠷᠢᠯᠴᠠᠵᠤ ᠪᠠᠢᠭᠠᠳ ᠰᠣᠯᠢᠨ᠎ᠠ᠃ ᠬᠡᠷᠪᠡ ᠬᠠᠭᠤᠷᠮᠠᠭ ᠮᠠᠭᠤ ᠲᠠᠸᠠᠷ ᠪᠤᠶᠤ ᠬᠡᠷᠡᠭ᠌ᠯᠡᠭᠡ᠎ᠶ᠋ᠢᠨ ᠵᠠᠭᠤᠷᠠᠯᠳᠤᠭᠠᠨ᠎ᠤ ᠤᠴᠢᠷ ᠲᠣᠬᠢᠶᠠᠯᠳᠤᠪᠠᠯ ᠬᠠᠮᠢᠶᠠᠷᠤᠯᠳᠠ ᠵᠢᠨ ᠡᠷᠬᠡ᠎ᠲᠡᠶ ᠠᠵᠢᠯ ᠲᠥᠷᠥᠯ᠎ᠦᠨ ᠭᠣᠤᠯᠴᠢᠯᠠᠨ ᠬᠠᠮᠢᠶᠠᠷᠤᠭᠴᠢ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠲᠦ ᠵᠠᠭᠠᠯᠳᠤᠵᠤ ᠢᠯᠡᠴᠢᠯᠡᠨ ᠮᠡᠳᠡᠭᠦᠯᠵᠦ᠍ ᠪᠣᠯᠤᠨ᠎ᠠ᠂ ᠲᠠᠷᠠᠴᠢᠯᠠᠨ ᠲᠤᠰ ᠪᠡᠶ᠎ᠡ᠎ᠶ᠋ᠢᠨ ᠬᠠᠤᠯᠢ ᠶᠣᠰᠣᠨ᠎ᠤ ᠡᠷᠬᠡ ᠠᠱᠢᠭ᠎ᠢᠶᠠᠨ ᠬᠠᠤᠯᠢ ᠶᠣᠰᠣᠭᠠᠷ ᠬᠠᠮᠠᠭᠠᠯᠠᠪᠡᠯ ᠵᠤᠬᠢᠨ᠎ᠠ᠃


(《ᠲᠡᠬᠦᠯᠢᠯᠳᠠ ᠬᠠᠮ ᠵᠠᠭᠤᠴᠢᠯᠠᠭᠤᠷ》᠎ᠤᠨ ᠲᠠᠪᠴᠠᠩ ᠡᠴᠨ ᠤᠷᠴᠢᠭᠤᠯᠤᠨ ᠠᠪᠤᠪᠠ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面