2026-10-19 11:45:28
— ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠪᠦᠬᠦ ᠣᠷᠣᠨ᠎ᠤ ᠺᠠᠳ᠋ᠷ ᠤᠯᠠᠨ ᠲᠦᠮᠡᠨ᠎ᠦ ᠳᠤᠮᠳᠠ ᠴᠢᠩᠭ᠎ᠠ ᠲᠤᠰᠬᠠᠯ ᠭᠠᠷᠪᠠ
10 ᠰᠠᠷ᠎ᠠ᠎ᠶᠢᠨ 16 ᠤ᠋ ᠡᠳᠦᠷ᠂ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠤᠯᠠᠭᠠᠨᠴᠠᠪ ᠬᠤᠳᠠ᠎ᠳᠤ ᠰᠢᠨᠵᠢᠯᠡᠨ ᠪᠠᠢᠴᠠᠭᠠᠬᠤ᠎ᠳᠠᠭᠠᠨ᠂ 《 ᠵᠡᠭᠦᠨᠳᠡᠬᠢ ᠲᠤᠭ᠎ᠠ ᠪᠠᠷᠢᠮᠳᠠ ᠵᠢ ᠪᠠᠷᠠᠭᠤᠨᠳᠠᠬᠢ ᠪᠤᠳᠤᠯᠳᠠ ᠵᠢᠨ ᠬᠦᠴᠦᠨ ᠵᠢᠡᠷ ᠲᠤᠯᠭᠠᠭᠤᠷᠢᠯᠠᠬᠤ》 ᠢᠨᠵᠧᠨᠧᠷᠢᠩ᠎ᠢ ᠬᠡᠷᠡᠭᠵᠢᠭᠦᠯᠵᠦ᠂ ᠪᠦᠬᠦ ᠤᠯᠤᠰ᠎ᠤᠨ ᠨᠢᠭᠡ ᠴᠣᠭᠴᠠᠵᠢᠭᠤᠯᠤᠭᠰᠠᠨ ᠪᠤᠳᠤᠯᠳᠠ ᠵᠢᠨ ᠬᠦᠴᠦᠨ ᠤ᠋ ᠲᠣᠣᠷ᠎ᠢ ᠪᠠᠶ᠋ᠢᠭᠤᠯᠬᠤ ᠪᠣᠯ ᠨᠠᠮ᠎ᠤᠨ ᠲᠥᠪ ᠬᠣᠷᠢᠶ᠎ᠠ ᠵᠢᠨ ᠴᠢᠬᠤᠯᠠ ᠪᠠᠢᠷᠢᠯᠠᠭᠤᠯᠤᠯᠲᠠ ᠪᠣᠯᠣᠨ᠎ᠠ᠃ ᠰᠢᠨᠵᠢᠯᠡᠬᠦ ᠤᠬᠠᠭᠠᠨᠴᠢ᠎ᠪᠠᠷ ᠲᠥᠯᠥᠪᠵᠢᠭᠦᠯᠬᠦ᠂ ᠡᠯᠧᠮᠧᠨ᠋ᠲ᠎ᠢᠶᠡᠷ ᠲᠤᠯᠭᠠᠭᠤᠷᠢᠯᠠᠬᠤ᠂ ᠠᠮᠤᠷ ᠲᠦᠪᠰᠢᠨ ᠢ᠋ ᠪᠠᠲᠤᠯᠠᠬᠤ᠎ᠶᠢ ᠴᠢᠩᠭᠠᠳᠬᠠᠵᠤ᠂ ᠨᠢᠭᠡᠨᠲᠡ ᠪᠦᠲᠦᠭᠡᠨ ᠪᠠᠢᠭᠤᠯᠤᠭᠰᠠᠨ ᠲᠦᠷᠦᠯ ᠵᠦᠢᠯ᠎ᠦᠨ ᠥᠨᠳᠥᠷ ᠪᠦᠲᠦᠮᠵᠢᠲᠡᠢ ᠠᠵᠢᠯᠯᠠᠬᠤ ᠵᠢ ᠪᠠᠲᠤᠯᠠᠬᠤ᠎ᠶᠢᠨ ᠬᠠᠮᠲᠤ ᠬᠣᠢᠰᠢᠳᠠ᠎ᠶᠢᠨ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠲᠣᠭᠲᠠᠭᠰᠠᠨ ᠬᠤᠭᠤᠴᠠᠭᠠᠨ᠎ᠳᠤ ᠪᠡᠶᠡᠯᠡᠭᠦᠯᠬᠦ ᠬᠡᠷᠡᠭᠲᠡᠢ᠃ ᠠᠵᠤ ᠦᠢᠯᠡᠰ᠎ᠦᠨ ᠬᠡᠯᠬᠢᠶ᠎ᠡ᠎ᠶᠢ ᠢᠳᠡᠪᠬᠢᠲᠡᠢ ᠤᠷᠲᠤᠳᠬᠠᠵᠤ᠂ ᠲᠣᠭᠠᠴᠢᠯᠠᠭᠰᠠᠨ ᠠᠵᠤ ᠠᠬᠤᠢ ᠪᠣᠯᠣᠨ ᠪᠣᠳᠠᠲᠤ ᠴᠣᠭᠴᠠ᠎ᠶᠢᠨ ᠠᠵᠤ ᠠᠬᠤᠢ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠪᠤᠳᠤᠯᠳᠠ ᠵᠢᠨ ᠬᠦᠴᠦᠨ᠎ᠦ ᠳᠠᠪᠠᠭᠤᠯᠢᠭ᠋᠎ᠢ ᠲᠠᠰᠤᠷᠠᠯᠲᠠ ᠦᠭᠡᠢ ᠬᠥᠭᠵᠢᠯᠲᠡ᠎ᠶᠢᠨ ᠳᠠᠪᠠᠭᠤᠯᠢᠭ᠋ ᠪᠣᠯᠭᠠᠨ ᠤᠯᠠᠷᠢᠭᠤᠯᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃

ᠶᠢᠤ ᠺᠸ ᠳ᠋ᠸ ᠺᠤᠮᠫᠠᠨᠢ ᠵᠢᠨ ᠤᠯᠠᠭᠠᠨᠴᠠᠪ ᠤ᠋ᠨ ᠤᠶᠤᠨᠳᠤ ᠪᠤᠳᠤᠯᠳᠠ ᠵᠢᠨ ᠬᠦᠴᠦᠨ ᠤ᠋ ᠲᠦᠪ ᠤ᠋ᠨ ᠭᠠᠳᠠᠷ ᠦᠵᠡᠮᠵᠢ
ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠤᠳᠠ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠵᠢᠨ ᠬᠠᠷᠠᠭᠠᠰᠤ ᠥᠷᠭᠡᠨ ᠪᠠᠢᠵᠤ᠂ ᠬᠦᠴᠦᠨ ᠴᠢᠳᠠᠯ᠎ᠢ ᠨᠢᠭ᠍ᠲᠠᠷᠠᠭᠤᠯᠵᠤ᠂ ᠥᠷᠭᠡᠨ ᠤᠯᠠᠨ ᠺᠠᠳ᠋ᠷ ᠤᠯᠠᠨ ᠲᠦᠮᠡᠨ᠎ᠦ ᠳᠤᠮᠳᠠ ᠬᠠᠯᠠᠭᠤᠨ ᠲᠤᠰᠬᠠᠯ ᠭᠠᠷᠪᠠ᠃ ᠤᠯᠠᠨ᠎ᠢᠶᠠᠷ᠎ᠢᠶᠠᠨ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ᠎ᠪᠠᠨ ᠴᠢᠯᠦᠭᠡᠯᠡᠵᠦ᠂ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠦᠨ᠂ ᠢᠲᠡᠭᠡᠯ ᠵᠣᠷᠢᠭ᠋᠎ᠢᠶᠠᠨ ᠪᠠᠲᠤᠳᠬᠠᠵᠤ᠂ ᠪᠣᠳᠠᠲᠠᠢ ᠠᠵᠢᠯᠯᠠᠨ ᠪᠠᠲᠤ ᠦᠢᠯᠡᠳᠦᠯᠭᠡᠵᠢᠭᠦᠯᠵᠦ᠂ ᠰᠢᠨ᠎ᠡ᠎ᠶᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡᠲᠤ᠂ ᠬᠠᠮᠲᠤ᠎ᠪᠠᠷ ᠡᠳ᠋ᠯᠡᠬᠦ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠪᠠᠷᠢᠮᠲᠠᠯᠠᠵᠤ᠂ ᠯᠠᠪᠳᠠᠭᠤᠨ ᠪᠠᠲᠤᠲᠠᠢ ᠠᠷᠭ᠎ᠠ ᠬᠡᠮᠵᠢᠶ᠎ᠡ᠎ᠪᠡᠷ ᠡᠯ᠎ᠡ ᠵᠦᠢᠯ᠎ᠦᠨ ᠠᠵᠢᠯ᠎ᠢᠶᠠᠨ ᠰᠠᠢᠲᠤᠷ ᠬᠢᠵᠦ᠂ ᠤᠯᠤᠰ᠎ᠤᠨ ᠪᠤᠳᠤᠯᠳᠠ ᠵᠢᠨ ᠬᠦᠴᠦᠨ ᠤ᠋ ᠪᠠᠢᠷᠢᠰᠢᠭᠤᠯᠤᠯᠲᠠ᠎ᠶᠢᠨ ᠴᠢᠬᠤᠯᠠ ᠶᠡᠬᠡ ᠠᠵᠠ ᠲᠣᠬᠢᠶᠠᠯ᠎ᠢ ᠪᠠᠲᠤ ᠡᠵᠡᠮᠳᠡᠵᠦ᠂ ᠪᠤᠳᠤᠯᠳᠠ ᠵᠢᠨ ᠬᠦᠴᠦᠨ ᠤ᠋ ᠴᠢᠨᠠᠷ ᠰᠠᠢᠲᠠᠢ ᠬᠥᠭᠵᠢᠯᠲᠡ᠎ᠪᠡᠷ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠤᠯᠭᠤᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠠᠶᠠᠨ᠎ᠳᠤ ᠭᠠᠪᠢᠶ᠎ᠠ ᠪᠠᠢᠭᠤᠯᠵᠤ ᠦᠢᠯᠡᠰ ᠪᠣᠰᠬᠠᠨ᠎ᠠ ᠭᠡᠵᠦ ᠢᠯᠡᠳᠬᠡᠵᠡᠭᠡᠪᠡ᠃
ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠡᠷ ᠪᠣᠬᠢᠷᠲᠤᠯ ᠦᠭᠡᠢ ᠪᠤᠳᠤᠯᠳᠠ ᠵᠢᠨ ᠬᠦᠴᠦᠨ ᠳ᠋ᠤ ᠡᠨ᠋ᠸᠷᠭᠢ ᠤᠯᠭᠤᠨ᠎ᠠ
《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠳᠤ᠂ ᠪᠣᠬᠢᠷᠲᠤᠯ ᠦᠭᠡᠢ ᠡᠨᠧᠷᠭᠢ᠂ ᠪᠤᠳᠤᠯᠳᠠ ᠵᠢᠨ ᠬᠦᠴᠦᠨ ᠵᠡᠷᠭᠡ ᠣᠯᠠᠨ ᠵᠦᠢᠯ᠎ᠦᠨ ᠳᠠᠪᠠᠭᠤᠯᠢᠭ᠋᠎ᠲᠤ ᠲᠦᠰᠢᠭᠯᠡᠨ᠂ ᠥᠪᠥᠷ ᠮᠣᠩᠭᠣᠯ ᠶᠠᠭ AI ᠪᠤᠳᠤᠯᠳᠠ ᠵᠢᠨ ᠬᠦᠴᠦᠨ ᠤ᠋ ᠬᠥᠭᠵᠢᠯᠲᠡ᠎ᠶᠢᠨ ᠠᠵᠠ ᠳᠤᠬᠢᠶᠠᠯ ᠢ᠋ ᠠᠮᠵᠢᠵᠤ᠂ ᠤᠯᠤᠰ᠎ᠤᠨ ᠴᠢᠬᠤᠯᠠ ᠪᠣᠬᠢᠷᠲᠤᠯ ᠦᠭᠡᠢ ᠪᠤᠳᠤᠯᠳᠠ ᠵᠢᠨ ᠬᠦᠴᠦᠨ ᠤ᠋ ᠪᠠᠲᠤᠯᠠᠭ᠎ᠠ᠎ᠶᠢᠨ ᠰᠠᠭᠤᠷᠢᠨ ᠪᠠ 《ᠪᠣᠬᠢᠷᠲᠤᠯ ᠦᠭᠡᠢ ᠪᠤᠳᠤᠯᠳᠠ ᠵᠢᠨ ᠬᠦᠴᠦᠨ + AI 》 ᠬᠡᠷᠡᠭᠯᠡᠭᠡᠨ᠎ᠦ ᠰᠠᠭᠤᠷᠢᠨ᠎ᠢ ᠴᠤᠭᠴᠠᠯᠠᠵᠤ ᠪᠠᠢᠨ᠎ᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠵᠠᠩ ᠸᠸᠨ ᠲᠤᠤ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ ᠨᠢ ᠪᠢᠳᠡᠨ ᠤ᠋ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ᠂ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠪᠡ᠃ ᠪᠦᠬᠦ ᠣᠷᠣᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠰᠲᠧᠮ᠎ᠦᠨ ᠬᠢᠨ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ ᠤ᠋ᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ ᠪᠠᠢᠯᠳᠤᠬᠤ ᠪᠣᠳᠣᠯᠭ᠎ᠠ᠎ᠶᠢᠨ ᠱᠠᠭᠠᠷᠳᠠᠯᠭ᠎ᠠ᠎ᠲᠠᠢ ᠨᠢᠭ᠍ᠲᠠ ᠤᠶᠠᠯᠳᠤᠭᠤᠯᠵᠤ᠂ ᠥᠪᠥᠷ ᠮᠣᠩᠭᠣᠯ᠎ᠤᠨ ᠡᠬᠢ ᠪᠠᠶᠠᠯᠢᠭ᠋᠎ᠤᠨ ᠳᠠᠪᠠᠭᠤᠯᠢᠭ᠋᠎ᠲᠤ ᠰᠠᠭᠤᠷᠢᠯᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠪᠣᠬᠢᠷᠲᠤᠯ ᠦᠭᠡᠢ ᠬᠥᠭᠵᠢᠯᠲᠡ ᠪᠠ ᠪᠤᠳᠤᠯᠳᠠ ᠵᠢᠨ ᠬᠦᠴᠦᠨ᠎ᠦ ᠳᠠᠪᠠᠭᠤᠯᠢᠭ᠋᠎ᠢ ᠬᠦᠭᠵᠢᠯᠳᠡ ᠵᠢᠨ ᠳᠠᠪᠠᠭᠤᠯᠢᠭ᠋ ᠪᠤᠯᠭᠠᠨ ᠤᠯᠠᠷᠢᠭᠤᠯᠬᠤ ᠪᠡᠷ ᠬᠦᠴᠦᠨ ᠴᠢᠷᠮᠠᠢᠨ᠎ᠠ᠃ 《ᠵᠡᠭᠦᠨᠳᠡᠬᠢ ᠲᠤᠭ᠎ᠠ ᠪᠠᠷᠢᠮᠳᠠ ᠵᠢ ᠪᠠᠷᠠᠭᠤᠨᠳᠠᠬᠢ ᠪᠤᠳᠤᠯᠳᠠ ᠵᠢᠨ ᠬᠦᠴᠦᠨ ᠵᠢᠡᠷ ᠲᠤᠯᠭᠠᠭᠤᠷᠢᠯᠠᠬᠤ》 ᠢᠨᠵᠧᠨᠧᠷᠢᠩ᠎ᠦᠨ ᠠᠵᠠ ᠲᠣᠬᠢᠶᠠᠯ᠎ᠢ ᠠᠮᠵᠢᠵᠤ᠂ ᠲᠣᠮᠣ᠌ ᠵᠠᠭᠪᠤᠷ᠂ 《 ᠵᠣᠬᠢᠶᠠᠮᠠᠯ ᠤᠶᠤᠨ ᠴᠢᠳᠠᠪᠤᠷᠢ + 》 ᠮᠡᠷᠭᠡᠵᠢᠯ᠎ᠦᠨ ᠰᠢᠨ᠎ᠡ᠎ᠶᠢ ᠡᠭᠦᠳᠬᠦ ᠪᠣᠯᠣᠨ ᠠᠬᠤᠢ ᠪᠠᠢᠳᠠᠯ᠎ᠢ ᠨᠠᠢᠳᠠᠪᠤᠷᠢᠵᠢᠭᠤᠯᠬᠤ᠎ᠶᠢ ᠠᠬᠢᠭᠤᠯᠵᠤ᠂ ᠲᠣᠭᠠᠴᠢᠯᠠᠭᠰᠠᠨ ᠠᠵᠤ ᠠᠬᠤᠢ ᠪᠣᠯᠣᠨ ᠪᠣᠳᠠᠲᠤ ᠴᠣᠭᠴᠠ᠎ᠶᠢᠨ ᠠᠵᠤ ᠠᠬᠤᠢ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠤᠨ᠎ᠠ ᠭᠡᠵᠤ ᠢᠯᠡᠳᠭᠡᠪᠡ᠃
ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ᠂ ᠶᠡᠷᠦᠩᠬᠡᠢ ᠱᠦᠵᠢ ᠰᠢ ᠵᠢᠨ ᠫᠢᠩ ᠳᠥᠷᠪᠡᠳᠡᠬᠢ ᠤᠳᠠᠭ᠎ᠠ ᠥᠪᠥᠷ ᠮᠣᠩᠭᠣᠯ᠎ᠳᠤ ᠰᠢᠨᠵᠢᠯᠡᠨ ᠪᠠᠢᠴᠠᠭᠠᠵᠤ ᠠᠵᠢᠯ ᠵᠢᠯᠣᠭᠣᠳᠪᠠ᠂ ᠡᠨᠡ ᠨᠢ ᠪᠥᠬᠥ ᠣᠷᠣᠨ᠎ᠤ ᠥᠷᠭᠡᠨ ᠣᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠠᠵᠢᠯᠲᠠᠨ᠎ᠤ ᠡᠷᠴᠢ ᠵᠣᠷᠢᠭ᠋ ᠢ ᠬᠥᠪᠴᠢᠯᠡᠪᠡ᠃ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠨᠡᠢᠭᠡᠮᠯᠢᠭ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠯᠢ ᠵᠥᠩ ᠽᠧᠩ᠄ 《ᠥᠪᠥᠷ ᠮᠣᠩᠭᠣᠯ ᠪᠣᠯ ᠡᠬᠡ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ ᠪᠣᠯᠬᠤ᠎ᠪᠠᠷ ᠪᠠᠷᠠᠬᠤ ᠦᠭᠡᠢ ᠪᠠᠰᠠ ᠴᠤ᠌ ᠤᠯᠤᠰ᠎ᠤᠨ ᠨᠠᠢ᠍ᠮᠠᠨ ᠶᠡᠬᠡ ᠪᠤᠳᠤᠯᠳᠠ ᠵᠢᠨ ᠬᠦᠴᠦᠨ᠎ᠦ ᠬᠦᠢᠰᠦ᠎ᠶᠢᠨ ᠨᠢᠭᠡ ᠪᠣᠯᠣᠨ᠎ᠠ᠃ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠨᠡᠢᠭᠡᠮᠯᠢᠭ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂〈ᠪᠤᠳᠤᠯᠳᠠ ᠵᠢᠨ ᠬᠦᠴᠦᠨ ᠪᠤᠯᠤᠨ ᠴᠠᠬᠢᠯᠭᠠᠨ ᠬᠦᠴᠦᠨ ᠤ᠋ ᠬᠠᠮᠵᠢᠯᠴᠠᠭ᠎ᠠ〉 〈ᠪᠤᠳᠤᠯᠳᠠ ᠵᠢᠨ ᠬᠦᠴᠦᠨ ᠪᠤᠯᠤᠨ ᠤᠰᠤᠨ ᠤ᠋ ᠡᠬᠢ ᠪᠠᠶᠠᠯᠢᠭ ᠤ᠋ᠨ ᠬᠠᠮᠵᠢᠯᠴᠠᠭ᠎ᠠ〉ᠪᠠ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ ᠵᠠᠩᠭᠢᠯᠠᠭ᠎ᠠ᠎ᠶᠢᠨ ᠮᠡᠷᠭᠡᠵᠢᠯ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠠᠵᠤ ᠦᠢᠯᠡᠰ ᠵᠢᠭᠠᠨ ᠰᠤᠷᠭᠠᠯᠳᠠ ᠰᠤᠳᠤᠯᠭᠠᠨ ᠤ᠋ ᠠᠭᠤᠰᠤᠯᠴᠠᠯ᠎ᠢ ᠭᠦᠨᠵᠡᠭᠡᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠲᠠᠪᠴᠠᠩ᠎ᠢ ᠪᠠᠢᠭᠤᠯᠤᠨ ᠬᠦᠴᠦᠷᠬᠡᠭᠵᠢᠭᠦᠯᠵᠦ᠂ ᠲᠣᠭᠠᠴᠢᠯᠠᠭᠰᠠᠨ ᠠᠵᠤ ᠠᠬᠤᠢ ᠪᠣᠯᠣᠨ ᠪᠣᠳᠠᠲᠤ ᠴᠣᠭᠴᠠ᠎ᠶᠢᠨ ᠠᠵᠤ ᠠᠬᠤᠢ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠤᠨ᠎ᠠ ᠭᠡᠵᠤ ᠢᠯᠡᠳᠭᠡᠪᠡ᠃
ᠲᠦᠷᠦᠭᠦᠬᠡᠨ᠂ ᠤᠯᠠᠭᠠᠨᠴᠠᠪ᠎ᠤᠨ ᠴᠠᠬᠠᠷ ᠳᠡᠭᠡᠳᠦ ᠰᠢᠨ᠎ᠡ ᠮᠡᠷᠭᠡᠵᠢᠯ᠎ᠦᠨ ᠠᠵᠤ ᠦᠢᠯᠡᠰ᠎ᠦᠨ ᠬᠦᠷᠢᠶᠡᠯᠡᠩ ᠲᠣᠭᠣᠷᠢᠭ᠋᠎ᠲᠤ᠂ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠤᠳᠤᠯᠭᠠᠨ᠎ᠤ ᠬᠦᠷᠢᠶᠡᠯᠡᠩ ᠪᠡᠭᠡᠵᠢᠩ ᠲᠢᠶᠠᠨᠵᠢᠨ ᠾᠧᠪᠧᠢ᠎ᠶᠢᠨ ᠤᠯᠤᠰ ᠤ᠋ᠨ ᠮᠡᠷᠭᠡᠵᠢᠯ ᠤ᠋ᠨ ᠰᠢᠨ᠎ᠠ ᠵᠢ ᠡᠭᠦᠳᠬᠦ ᠲᠥᠪ᠎ᠦᠨ ᠥᠪᠥᠷ ᠮᠣᠩᠭᠣᠯ᠎ᠤᠨ ᠬᠤᠪᠢᠶᠠᠷᠢ ᠲᠥᠪ᠎ᠲᠦ ᠲᠦᠰᠢᠭᠯᠡᠨ ᠨᠡᠪᠴᠢᠭᠦᠯᠦᠭᠰᠡᠨ ᠵᠦᠢᠯ᠎ᠦᠨ ᠭᠣᠣᠯ ᠴᠣᠭᠴᠠ ᠪᠣᠯᠬᠤ ᠬᠣᠩ ᠬᠣᠶ ᠮᠧᠩ ᠺᠸ ᠡᠨᠧᠷᠭᠢ᠎ᠶᠢᠨ ᠺᠣᠮᠫᠠᠨᠢ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋᠎ᠤᠨ ᠪᠣᠬᠢᠷᠲᠤᠯ ᠦᠭᠡᠢ ᠪᠤᠳᠤᠯᠳᠠ ᠵᠢᠨ ᠬᠦᠴᠦᠨ (ᠣᠶᠤᠨᠴᠢ ᠪᠣᠳᠣᠯᠳᠠ) ᠵᠢᠨ ᠰᠢᠨ᠎ᠡ ᠤᠷᠤᠯᠳᠤᠭᠠᠨ᠎ᠤ ᠵᠠᠮ᠎ᠤᠨ ᠲᠥᠷᠥᠯ ᠵᠦᠢᠯ᠎ᠢᠶᠡᠷ ᠠᠮᠵᠢᠯᠲᠠ᠎ᠲᠠᠢ ᠵᠥᠪᠰᠢᠶᠡᠷᠡᠭᠳᠡᠪᠡ᠃ ᠲᠥᠷᠥᠯ ᠵᠦᠢᠯ᠎ᠦᠨ ᠵᠣᠷᠢᠯᠭ᠎ᠠ ᠨᠢ 《ᠪᠣᠬᠢᠷᠲᠤᠯ ᠦᠭᠡᠢ ᠴᠠᠬᠢᠯᠭᠠᠨ — ᠪᠣᠬᠢᠷᠲᠤᠯ ᠦᠭᠡᠢ ᠪᠣᠳᠣᠯᠳᠠ ᠵᠢᠨ ᠬᠦᠴᠦᠨ — ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ》ᠥᠷᠲᠡᠭ᠎ᠦᠨ ᠬᠡᠯᠬᠢᠶ᠎ᠡ᠎ᠶᠢ ᠨᠠᠪᠲᠠᠷᠡᠭᠦᠯᠵᠦ᠂ ᠥᠪᠥᠷ ᠮᠣᠩᠭᠣᠯ᠎ᠤᠨ ᠤᠯᠤᠰ᠎ᠤᠨ ᠪᠣᠬᠢᠷᠲᠤᠯ ᠦᠭᠡᠢ ᠪᠤᠳᠤᠯᠳᠠ ᠵᠢᠨ ᠬᠦᠴᠦᠨ ᠤ᠋ ᠬᠦᠢᠰᠦ᠎ᠶᠢ ᠪᠦᠲᠦᠭᠡᠨ ᠪᠠᠢᠭᠤᠯᠵᠤ᠂ 《ᠬᠣᠣᠰ ᠨᠡᠭᠦᠷᠡᠰᠦᠲᠥ᠋ᠷᠥᠭᠴᠢ》 ᠵᠢᠨ ᠪᠠᠢᠯᠳᠤᠬᠤ ᠪᠣᠳᠣᠯᠭ᠎ᠠ᠎ᠶᠢ ᠨᠠᠢᠳᠠᠪᠤᠷᠢᠵᠢᠭᠤᠯᠬᠤ᠎ᠳᠤ ᠬᠡᠪ ᠳᠠᠭᠤᠷᠢᠶᠠᠯ ᠦᠵᠡᠭᠦᠯᠬᠦ᠎ᠶᠢᠨ ᠲᠥᠯᠥᠭᠡ ᠶᠤᠮ᠃
ᠥᠪᠥᠷ ᠮᠣᠩᠭᠣᠯ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠤᠳᠤᠯᠭᠠᠨ᠎ᠤ ᠬᠦᠷᠢᠶᠡᠯᠡᠩ᠎ᠦᠨ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠤᠯᠠᠨ ᠲᠦᠮᠡᠨ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠤᠳᠠ᠎ᠳᠤ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠲᠡᠷᠡ ᠳᠠᠷᠤᠢᠳᠤᠨᠢ ᠨᠠᠷᠢᠨ ᠬᠢᠨᠠᠮᠠᠭᠠᠢ ᠰᠤᠷᠤᠯᠴᠠᠪᠠ᠃ ᠲᠡᠳᠡ᠂ ᠶᠡᠷᠦᠩᠬᠡᠢ ᠱᠦᠵᠢ᠎ᠶᠢᠨ ᠬᠦᠰᠡᠯ ᠨᠠᠶ᠋ᠢᠳᠠᠯᠭ᠎ᠠ᠎ᠶᠢ ᠪᠠᠲᠤ᠌ ᠴᠡᠭᠡᠵᠢᠯᠡᠵᠦ᠍᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ᠎ᠤ ᠬᠠᠮᠵᠢᠯᠴᠠᠨ ᠰᠢᠨ᠎ᠡ᠎ᠶᠢ ᠡᠭᠦᠳᠬᠦ᠌᠎ᠶᠢ ᠭᠦᠨᠵᠡᠭᠡᠶ᠋ᠢᠷᠡᠭᠦᠯᠵᠦ᠍᠂ ᠪᠤᠳᠤᠯᠳᠠ᠎ᠶᠢᠨ ᠬᠦᠴᠤᠨ ᠪᠤᠯᠤᠨ ᠴᠠᠬᠢᠯᠭᠠᠨ ᠬᠦᠴᠤᠨ ᠤ᠋ ᠬᠠᠮᠵᠢᠯᠴᠠᠭ᠎ᠠ ᠵᠢᠨ ᠲᠣᠭᠣᠷᠢᠨ᠎ᠳᠤ ᠮᠡᠷᠭᠡᠵᠢᠯ᠎ᠦᠨ ᠪᠣᠭᠣᠮᠲᠠ ᠰᠢᠪᠲᠤᠯᠤᠯᠳᠠ ᠪᠠ ᠠᠵᠤ ᠦᠢᠯᠡᠰ᠎ᠦᠨ ᠪᠠᠶ᠋ᠢᠷᠢᠰᠢᠭᠤᠯᠤᠯᠲᠠ᠎ᠶᠢ ᠦᠷᠭᠦᠯᠵᠢᠯᠡᠨ ᠥᠷᠨᠢᠭᠦᠯᠵᠦ᠍᠂ ᠥᠨᠳᠥᠷ ᠲᠦᠪᠰᠢᠨ ᠪᠦᠬᠦᠢ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌᠎ᠪᠡᠷ 《ᠵᠡᠭᠦᠨᠳᠡᠬᠢ ᠲᠤᠭ᠎ᠠ ᠪᠠᠷᠢᠮᠳᠠ ᠵᠢ ᠪᠠᠷᠠᠭᠤᠨᠳᠡᠬᠢ ᠪᠤᠳᠤᠯᠳᠠ ᠵᠢᠨ ᠬᠦᠴᠤᠨ ᠵᠢᠡᠷ ᠲᠤᠯᠭᠠᠭᠤᠷᠢᠯᠠᠬᠤ》 ᠢᠨᠵᠧᠨᠧᠷᠢᠩ᠎ᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠦᠬᠦ᠌ ᠬᠦᠴᠦᠨ᠎ᠢᠶᠡᠷ᠎ᠢᠶᠡᠨ ᠪᠣᠶ᠋ᠢᠵᠢᠭᠤᠯᠤᠨ ᠪᠤᠵᠠᠭᠠᠶ᠋ᠢᠷᠠᠭᠤᠯᠵᠤ᠂ ᠤᠯᠤᠰ᠎ᠤᠨ ᠪᠣᠬᠢᠷᠲᠤᠯ ᠦᠭᠡᠢ ᠪᠤᠳᠤᠯᠳᠠ ᠵᠢᠨ ᠬᠦᠴᠤᠨ ᠤ᠋ ᠬᠦᠢᠰᠦ᠎ᠶᠢ ᠪᠦᠳᠦᠭᠡᠨ ᠪᠠᠶ᠋ᠢᠭᠤᠯᠬᠤ᠂《ᠬᠣᠣᠰ ᠨᠡᠭᠦᠷᠡᠰᠦᠲᠦ᠋ᠷᠥᠭᠴᠢ》ᠵᠢᠨ ᠬᠠᠷᠠᠯᠲᠠ᠎ᠶᠢ ᠪᠡᠶᠡᠯᠡᠭᠦᠯᠬᠦ᠌᠎ᠳᠦ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠬᠡᠵᠡᠭᠡᠪᠡ᠃
ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠶ ᠡᠪᠯᠡᠯ᠎ᠦᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠳᠡᠳ᠋ ᠲᠡᠷᠢᠭᠦᠯᠡᠭᠴᠢ ᠵᠠᠩ ᠬᠤᠢ ᠢᠦᠢ᠂ ᠪᠦᠬᠦ᠌ ᠣᠷᠣᠨ᠎ᠤ ᠡᠯ᠎ᠡ ᠱᠠᠲᠤᠨ᠎ᠤ ᠠᠵᠢᠯᠴᠢᠨ᠎ᠤ ᠡᠪᠯᠡᠯ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠤᠳᠠ᠎ᠳᠤ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠬᠥᠳᠡᠯᠭᠡᠭᠡᠨ᠎ᠦ ᠦᠢᠯᠡᠰ ᠪᠣᠯᠤᠨ ᠠᠵᠢᠯᠴᠢᠨ᠎ᠤ ᠡᠪᠯᠡᠯ᠎ᠦᠨ ᠠᠵᠢᠯ᠎ᠤᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶᠢ ᠬᠡᠷᠡᠭᠵᠢᠭᠦᠯᠬᠦ᠌᠎ᠪᠡᠷ ᠭᠣᠣᠯᠳᠠᠯᠭ᠎ᠠ ᠪᠣᠯᠭᠠᠨ᠂ ᠰᠢᠨ᠎ᠡ ᠬᠥᠭᠵᠢᠯᠲᠡ᠎ᠶᠢᠨ ᠤᠢ᠌ᠯᠠᠭᠠᠭᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠥᠷᠭᠡᠨ ᠤᠯᠠᠨ ᠠᠵᠢᠯᠳᠠᠨ ᠠᠵᠢᠯᠴᠢᠨ᠎ᠢ ᠪᠦᠯᠬᠦᠮᠳᠡᠭᠦᠯᠦᠨ ᠲᠠᠢ᠌ᠴᠢᠯᠠᠵᠦ᠍ ᠤᠯᠤᠰ᠎ᠤᠨ ᠪᠣᠬᠢᠷᠲᠤᠯ ᠦᠭᠡᠢ ᠪᠤᠳᠤᠯᠳᠠ ᠵᠢᠨ ᠬᠦᠴᠤᠨ ᠤ᠋ ᠪᠠᠲᠤᠯᠠᠭ᠎ᠠ᠎ᠶᠢᠨ ᠰᠠᠭᠤᠷᠢᠨ᠎ᠢ ᠪᠠᠶ᠋ᠢᠭᠤᠯᠬᠤ᠎ᠳᠤ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠨ᠎ᠡ ᠭᠡᠪᠡ᠃
ᠠᠵᠠ ᠲᠣᠬᠢᠶᠠᠯ ᠢ ᠠᠮᠵᠢᠵᠤ ᠪᠤᠳᠤᠯᠳᠠ ᠵᠢᠨ ᠬᠦᠴᠤᠨ ᠤ᠋ ᠠᠵᠤ ᠦᠢᠯᠡᠰ᠎ᠢ ᠪᠤᠵᠠᠭᠠᠶ᠋ᠢᠷᠠᠭᠤᠯᠤᠨᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠡᠷᠬᠢᠯᠡᠭᠴᠢ ᠬᠤᠸᠠᠩ ᠸᠸᠨ ᠴᠤᠸᠠᠨ᠂ ᠥᠪᠥᠷ ᠮᠣᠩᠭᠣᠯ ᠪᠣᠯ ᠪᠥᠬᠥ᠌ ᠤᠯᠤᠰ᠎ᠤᠨ ᠨᠠᠢ᠍ᠮᠠᠨ ᠶᠡᠬᠡ ᠪᠤᠳᠤᠯᠳᠠ ᠵᠢᠨ ᠬᠦᠴᠦᠨ᠎ᠦ ᠵᠠᠩᠭᠢᠯᠠᠭ᠎ᠠ᠎ᠶᠢᠨ ᠨᠢᠭᠡ ᠮᠥᠨ᠂ ᠬᠣᠷᠢᠨᠭᠡᠷ ᠳ᠋ᠠᠶ᠋ᠢᠲ᠋ᠠ᠎ᠶᠢᠨ ᠲᠥᠪ᠎ᠦᠨ ᠰᠦᠷᠦᠭᠵᠢᠯ ᠤ᠋ᠨ ᠬᠡᠪᠴᠢᠶ᠎ᠡ ᠨᠢ ᠬᠥᠬᠡᠬᠣᠲᠠ ᠪᠠ ᠤᠯᠠᠭᠠᠨᠴᠠᠪ ᠬᠣᠲᠠ ᠬᠣᠶᠠᠷ ᠭᠠᠵᠠᠷ᠎ᠢ ᠬᠠᠮᠤᠷᠴᠤ᠌ ᠪᠠᠶ᠋ᠢᠨ᠎ᠠ ᠭᠡᠵᠤ ᠢᠯᠡᠳᠭᠡᠪᠡ᠃ ᠬᠤᠸᠠᠩ ᠸᠸᠨ ᠴᠤᠸᠠᠨ᠄ 《ᠥᠪᠥᠷ ᠮᠣᠩᠭᠣᠯ ᠶᠡᠷᠦᠩᠬᠡᠢ ᠱᠦᠵᠢ ᠪᠣᠯᠤᠨ ᠨᠠᠮ᠎ᠤᠨ ᠲᠥᠪ ᠬᠣᠷᠢᠶ᠎ᠠ᠎ᠡᠴᠡ ᠥᠪᠥᠷ ᠮᠣᠩᠭᠣᠯ᠎ᠳᠤ ᠣᠯᠭᠣᠭᠰᠠᠨ ᠪᠠᠶ᠋ᠢᠯᠳᠤᠬᠤ ᠪᠤᠳᠤᠯᠭ᠎ᠠ᠎ᠶᠢᠨ ᠪᠠᠶ᠋ᠢᠷᠢ ᠲᠣᠭᠲᠠᠭᠠᠯᠲᠠ ᠪᠣᠯᠤᠨ ᠡᠭᠦᠷᠭᠡ ᠬᠠᠷᠢᠭᠤᠴᠠᠯᠭ᠎ᠠ᠎ᠪᠠᠨ ᠪᠠᠲᠤ᠌ ᠴᠡᠭᠡᠵᠢᠯᠡᠵᠦ᠍᠂ ᠤᠤᠭᠠᠯ ᠳᠠᠪᠠᠭᠤᠯᠢᠭ᠎ᠲᠠᠭᠠᠨ ᠰᠠᠭᠤᠷᠢᠯᠠᠵᠤ᠂ ᠡᠨᠧᠷᠭᠢ᠎ᠶᠢᠨ ᠡᠬᠢ ᠪᠠᠶᠠᠯᠢᠭ᠎ᠤᠨ ᠲᠤᠬᠢᠷᠠᠭᠤᠯᠤᠯᠳᠠ ᠪᠣᠯᠤᠨ ᠪᠤᠳᠤᠯᠳᠠ ᠵᠢᠨ ᠬᠦᠴᠦᠨ᠎ᠦ ᠲᠥᠬᠥᠭᠡᠷᠦᠮᠵᠢ᠎ᠶᠢᠨ ᠬᠠᠮᠵᠢᠯᠴᠠᠨ ᠪᠠᠶ᠋ᠢᠷᠢᠰᠢᠭᠤᠯᠬᠤ᠎ᠶᠢ ᠠᠬᠢᠭᠤᠯᠵᠤ᠂ ᠬᠣᠷᠢᠨᠭᠡᠷ ᠳ᠋ᠠᠶ᠋ᠢᠲ᠋ᠠ᠎ᠶᠢᠨ ᠲᠥᠪ᠎ᠦᠨ ᠪᠦᠯᠦᠭᠵᠢᠯ ᠤ᠋ᠨ ᠪᠦᠳᠦᠭᠡᠨ ᠪᠠᠶ᠋ᠢᠭᠤᠯᠤᠯᠲᠠ᠎ᠶᠢ ᠭᠣᠣᠯᠳᠠᠯᠭ᠎ᠠ᠎ᠲᠠᠶ ᠠᠬᠢᠭᠤᠯᠵᠤ᠂ ᠴᠠᠬᠢᠯᠭᠠᠨᠬᠦᠴᠤᠨ ᠵᠢᠡᠷ ᠪᠤᠳᠤᠯᠳᠠ ᠵᠢᠨ ᠬᠦᠴᠤᠨ ᠢ᠋ ᠬᠦᠴᠤᠷᠭᠡᠭᠵᠢᠬᠦᠯᠵᠤ᠂ ᠪᠤᠳᠤᠯᠳᠠ ᠵᠢᠨ ᠬᠦᠴᠤᠨ ᠵᠢᠡᠷ ᠴᠠᠬᠢᠯᠭᠠᠨᠬᠦᠴᠤᠨ ᠢ᠋ ᠠᠬᠢᠭᠤᠯᠵᠤ᠂ ᠪᠤᠳᠤᠯᠳᠠ ᠵᠢᠨ ᠬᠦᠴᠦᠨ᠎ᠦ ᠬᠡᠪᠴᠢᠶ᠎ᠡ᠎ᠶᠢᠨ ᠡᠮᠬᠢ ᠵᠢᠷᠤᠮ᠎ᠲᠡᠶ ᠨᠡᠮᠡᠭᠳᠡᠯ᠎ᠢ ᠠᠬᠢᠭᠤᠯᠵᠤ᠂ ᠪᠦᠬᠦ᠌ ᠤᠯᠤᠰ᠎ᠤᠨ ᠪᠣᠬᠢᠷᠲᠤᠯ ᠦᠭᠡᠢ ᠪᠤᠳᠤᠯᠳᠠ ᠵᠢᠨ ᠬᠦᠴᠦᠨ᠎ᠦ ᠥᠨᠳᠥᠷᠯᠢᠭ ᠢ᠋ ᠪᠠᠶ᠋ᠢᠭᠤᠯᠤᠨ᠎ᠠ》 ᠭᠡᠪᠡ᠃
ᠤᠯᠠᠭᠠᠨᠴᠠᠪ ᠬᠣᠲᠠ᠎ᠶᠢᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠭᠠᠵᠠᠷ ᠣᠷᠣᠨ᠎ᠢ᠋ ᠬᠦᠭᠵᠢᠬᠦᠯᠤᠨ ᠮᠠᠨᠳᠤᠭᠤᠯᠬᠤ ᠪᠠ ᠬᠠᠲᠤᠨ ᠭᠤᠤᠯ᠎ᠤᠨ ᠪᠠᠶ᠋ᠢᠯᠳᠤᠬᠤ ᠪᠣᠳᠣᠯᠭ᠎ᠠ᠎ᠶᠢᠨ ᠠᠬᠢᠭᠤᠯᠬᠤ ᠰᠠᠯᠠᠭᠠᠨ᠎ᠤ ᠳᠠᠷᠤᠭ᠎ᠠ ᠡᠣ ᠴᠢᠶᠦ᠋ᠩ᠄《ᠶᠡᠷᠦᠩᠬᠡᠶ ᠱᠦᠵᠢ ᠰᠢ ᠵᠢᠨ ᠫᠢᠩ᠎ᠦᠨ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ ᠨᠢ ᠪᠢᠳᠡᠨ ᠤ ᠥᠪᠡᠷᠮᠢᠴᠡ ᠣᠨᠴᠠᠯᠢᠭ ᠪᠥᠬᠥᠶ ᠦᠵᠡᠮᠵᠢ᠎ᠶᠢᠨ ᠡᠬᠢ ᠪᠠᠶᠠᠯᠢᠭ᠎ᠲᠠᠭᠠᠨ ᠰᠠᠭᠤᠷᠢᠯᠡᠨ ᠪᠣᠬᠢᠷᠲᠤᠯ ᠥᠬᠡᠶ ᠪᠤᠳᠤᠯᠳᠠ ᠵᠢᠨ ᠬᠦᠴᠦᠨ᠎ᠢ᠋ ᠬᠦᠭᠵᠢᠬᠦᠯᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠶ᠋ᠢᠵᠢᠭᠤᠯᠬᠤ ᠳᠤ ᠤᠷᠤᠭᠰᠢᠯᠠᠯᠲᠠ᠎ᠶᠢᠨ ᠴᠢᠭᠯᠡᠯ᠎ᠢ ᠲᠣᠳᠣᠷᠬᠠᠢ ᠵᠢᠭᠠᠵᠤ ᠥᠭᠴᠡᠢ᠂ ᠪᠠᠰᠠ ᠪᠤᠳᠤᠯᠳᠠ ᠵᠢᠨ ᠬᠦᠴᠤᠨ ᠤ᠋ ᠠᠵᠤ ᠦᠢᠯᠡᠰ᠎ᠢ ᠬᠥᠭᠵᠢᠭᠦᠯᠵᠤ᠂ ᠰᠢᠨ᠎ᠡ᠎ᠪᠡᠷ ᠮᠠᠨᠳᠤᠬᠰᠡᠨ ᠠᠵᠤ ᠦᠢᠯᠡᠰ᠎ᠢ ᠪᠣᠶ᠋ᠢᠵᠢᠭᠤᠯᠤᠨ ᠪᠤᠵᠠᠭᠠᠶ᠋ᠢᠷᠠᠭᠤᠯᠵᠤ᠂ ᠠᠵᠤ ᠦᠢᠯᠡᠰ᠎ᠦᠨ ᠲᠥᠪᠯᠡᠷᠡᠯ᠎ᠢᠶᠡᠷ ᠳᠠᠮᠵᠢᠭᠤᠯᠤᠨ ᠣᠯᠠᠨ ᠲᠦᠮᠡᠨ᠎ᠦ ᠣᠶ᠋ᠢᠷ᠎ᠠ ᠬᠠᠪᠢ᠎ᠳᠠᠭᠠᠨ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠬᠦ᠌᠎ᠶᠢ ᠳᠠᠶ᠋ᠢᠴᠢᠯᠠᠵᠤ᠂ ᠠᠷᠠᠳ ᠢᠷᠭᠡᠳᠲᠦ᠍ ᠬᠥᠭᠵᠢᠯᠲᠡ᠎ᠶᠢᠨ ᠠᠰᠢᠭ᠎ᠢ ᠦᠨᠡᠨ ᠬᠦ᠌ ᠡᠳ᠋ᠯᠡᠭᠦᠯᠬᠦ ᠪᠠᠷ ᠴᠢᠷᠮᠠᠢᠨ᠎ᠠ》 ᠭᠡᠪᠡ᠃
ᠣᠶ᠋ᠢᠷ᠎ᠠ᠎ᠶᠢᠨ ᠵᠢᠯ᠎ᠳ᠋ᠤ᠂ ᠬᠥᠬᠡᠬᠣᠲᠠ᠎ᠳᠤ ᠪᠠᠶ᠋ᠢᠷᠢᠯᠠᠭᠠ ᠬᠣᠷᠢᠨᠭᠡᠷ ᠰᠢᠨ᠎ᠡ ᠲᠣᠭᠣᠷᠢᠭ᠎ᠨᠢ ᠪᠤᠳᠤᠯᠳᠠ ᠵᠢᠨ ᠬᠦᠴᠤᠨ ᠪᠤᠯᠤᠨ ᠴᠠᠬᠢᠯᠭᠠᠨ ᠬᠦᠴᠤᠨ ᠬᠠᠮᠵᠢᠯᠴᠠᠨ ᠲᠠᠪᠬᠤᠴᠠᠬᠰᠡᠨ ᠳᠠᠪᠠᠭᠤᠯᠢᠭ᠎ᠢᠶᠠᠨ ᠦᠷᠭᠦᠯᠵᠢᠯᠡᠨ ᠥᠷᠭᠡᠳᠬᠡᠵᠦ᠍᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠵᠦ᠍᠂ ᠲᠣᠭᠠᠴᠢᠯᠠᠭᠰᠠᠨ ᠠᠵᠤ ᠠᠬᠤᠶ ᠶᠢᠨ ᠲᠤᠯᠤᠭᠠᠢᠯᠠᠬᠴᠢ ᠠᠵᠤ ᠠᠬᠤᠶ᠋ᠢᠯᠠᠯ᠎ᠢ ᠣᠨᠣᠴᠠᠲᠠᠶ᠎ᠪᠠᠷ ᠲᠡᠳᠡᠨ ᠠᠪᠴᠢᠷᠠᠵᠤ ᠨᠤᠳᠤᠬᠰᠢᠭᠤᠯᠤᠨ ᠪᠠᠶ᠋ᠢᠷᠢᠰᠢᠭᠤᠯᠵᠤ᠂ ᠬᠡᠪᠴᠢᠶᠡᠵᠢᠭᠰᠡᠨ᠂ ᠳᠡᠭᠡᠳᠦ ᠲᠠᠰ᠎ᠤᠨ᠂ ᠪᠣᠬᠢᠷᠲᠤᠯ ᠥᠬᠡᠶ ᠠᠵᠤ ᠦᠢᠯᠡᠰ᠎ᠦᠨ ᠪᠦᠯᠦᠭᠵᠢᠯ᠎ᠢ ᠪᠦᠷᠢᠯᠳᠦᠭᠦᠯᠪᠡ᠃
ᠳᠤᠮᠳᠠᠳᠤ ᠤᠯᠤᠰ (ᠥᠪᠥᠷ ᠮᠣᠩᠭᠣᠯ)᠎ᠤ᠋ᠨ ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠬᠥᠬᠡᠬᠣᠲᠠ᠎ᠶᠢᠨ ᠬᠡᠰᠡᠭ ᠲᠣᠭᠣᠷᠢᠭ᠂ ᠥᠪᠥᠷ ᠮᠣᠩᠭᠣᠯ᠎ᠤᠨ ᠬᠣᠷᠢᠨᠭᠡᠷ ᠰᠢᠨ᠎ᠡ ᠲᠣᠭᠣᠷᠢᠭ᠎ᠤᠨ ᠨᠠᠮ᠎ᠤᠨ ᠠᠵᠢᠯ ᠤ᠋ᠨ ᠬᠣᠷᠢᠶ᠎ᠠ᠎ᠶᠢᠨ ᠭᠡᠰᠢᠭᠦᠨ᠂ ᠬᠠᠮᠢᠶᠠᠷᠤᠯᠲᠠ᠎ᠶᠢᠨ ᠵᠥᠪᠯᠡᠯ᠎ᠦᠨ ᠳᠡᠳ᠋ ᠡᠷᠬᠢᠯᠡᠭᠴᠢ ᠭᠦᠸᠧ ᠵᠢᠤᠢ ᠶᠢᠩ᠂ ᠪᠢᠳᠡ ᠠᠭᠤᠷ ᠠᠮᠢᠰᠬᠤᠯ ᠬᠦᠢᠲᠡᠨ ᠰᠡᠷᠢᠭᠦᠨ᠂ ᠪᠤᠬᠢᠷᠳᠤᠯ ᠦᠭᠡᠢ ᠴᠠᠬᠢᠯᠭᠠᠨ ᠭᠦᠢᠴᠡᠳ ᠪᠠᠶ᠋ᠢᠬᠤ ᠬᠠᠷᠢᠴᠠᠭᠤᠯᠤᠭᠰᠠᠨ ᠳᠠᠪᠠᠭᠤᠯᠢᠭ᠎ᠲᠠᠭᠠᠨ ᠰᠠᠭᠤᠷᠢᠯᠠᠨ᠂ ᠪᠣᠬᠢᠷᠲᠤᠯ ᠥᠬᠡᠶ ᠪᠤᠳᠤᠯᠳᠠ ᠵᠢᠨ ᠬᠦᠴᠦᠨ᠎ᠦ ᠵᠠᠮ᠎ᠢᠶᠠᠷ ᠡᠷᠡᠰ ᠭᠤᠶ᠋ᠢᠪᠢᠰᠢ ᠥᠬᠡᠶ ᠵᠠᠮᠨᠠᠵᠤ᠂ 《ᠪᠤᠳᠤᠯᠳᠠ ᠵᠢᠨ ᠬᠦᠴᠤᠨ ᠪᠤᠯᠤᠨ ᠴᠠᠬᠢᠯᠭᠠᠨ ᠬᠦᠴᠤᠨ ᠤ᠋ ᠬᠠᠮᠵᠢᠯᠴᠠᠭ᠎ᠠ》᠂ 《ᠪᠤᠳᠤᠯᠳᠠ ᠵᠢᠨ ᠬᠦᠴᠤᠨ ᠪᠤᠯᠤᠨ ᠤᠰᠤᠨ ᠤ᠋ ᠡᠬᠢ ᠪᠠᠶᠠᠯᠢᠭ ᠤ᠋ᠨ ᠬᠠᠮᠵᠢᠯᠴᠠᠭ᠎ᠠ》 ᠵᠢ ᠠᠬᠢᠭᠤᠯᠵᠤ᠂ ᠠᠵᠤ ᠦᠢᠯᠡᠰ᠎ᠦᠨ ᠬᠡᠯᠬᠢᠶ᠎ᠡ᠎ᠶᠢ ᠢᠳᠡᠪᠬᠢᠲᠡᠶ ᠤᠷᠲᠤᠳᠬᠠᠵᠤ᠂ ᠲᠣᠭᠠᠴᠢᠯᠠᠭᠰᠠᠨ ᠠᠵᠤ ᠠᠬᠤᠶ ᠬᠢᠭᠡᠳ ᠪᠣᠳᠠᠲᠤ᠌ ᠴᠣᠭᠴᠠ᠎ᠶᠢᠨ ᠠᠵᠤ ᠠᠬᠤᠶ᠎ᠶᠢᠨ ᠭᠦᠨᠵᠡᠭᠡᠶ ᠠᠭᠤᠰᠤᠯᠴᠠᠯ᠎ᠢ ᠠᠬᠢᠭᠤᠯᠤᠨ᠎ᠠ ᠭᠡᠵᠤ ᠢᠯᠡᠳᠭᠡᠪᠡ᠃
ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠤᠨ ᠰᠠᠭᠤᠷᠢᠨ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ ᠣᠢᠷ᠎ᠠ᠎ᠶᠢᠨ ᠵᠢᠯ᠎ᠳᠦ 《ᠰᠠᠯᠬᠢ ᠭᠡᠷᠡᠯ ᠤ᠋ᠨ ᠡᠨ᠋ᠸᠷᠭᠢ᠂ ᠨᠡᠭᠦᠷᠡᠰᠦ᠂ ᠴᠠᠬᠢᠯᠭᠠᠨ ᠲᠣᠣᠷ》 ᠤ᠋ᠨ ᠡᠬᠢ ᠪᠠᠶᠠᠯᠢᠭ᠎ᠤᠨ ᠳᠠᠪᠠᠭᠤᠯᠢᠭ᠋᠎ᠢ ᠭᠦᠢᠴᠡᠳ ᠠᠰᠢᠭ᠍ᠯᠠᠨ᠂ ᠰᠢᠨ᠎ᠡ ᠡᠨᠧᠷᠭᠢ᠎ᠶᠢᠨ ᠬᠥᠭᠵᠢᠯᠲᠡ᠎ᠶᠢ ᠲᠦᠷᠭᠡᠨ ᠠᠬᠢᠭᠤᠯᠪᠠ᠃
ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠣᠲᠠ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠨᠢ ᠴᠠᠬᠢᠯᠭᠠᠨ ᠬᠦᠴᠦᠨ᠎ᠦ ᠠᠵᠢᠯ ᠲᠥᠷᠥᠯ᠎ᠦᠨ ᠺᠠᠳ᠋ᠷ ᠠᠵᠢᠯᠲᠠᠨ ᠠᠵᠢᠯᠴᠢᠨ᠎ᠳᠤ ᠬᠠᠷᠢᠭᠤᠴᠠᠯᠭ᠎ᠠ ᠬᠦᠨᠳᠦ ᠶᠡᠭᠡ ᠭᠡᠳᠡᠭ᠎ᠢ ᠮᠡᠳᠡᠷᠡᠬᠦᠯᠪᠡ᠃ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠪᠦᠯᠦᠭᠯᠡᠯ᠎ᠦᠨ ᠤᠯᠠᠭᠠᠨᠴᠠᠪ᠎ᠤᠨ ᠴᠠᠬᠢᠯᠭᠠᠨ ᠬᠠᠩᠭᠠᠬᠤ ᠺᠣᠮᠫᠠᠨᠢ᠎ᠶᠢᠨ ᠶᠡᠷᠦᠩᠬᠡᠢ ᠳᠠᠭᠠᠭᠠᠮᠠᠯ ᠺᠠᠩ ᡁᠢ ᠷᠦᠢ᠄《ᠮᠠᠨ᠎ᠤ ᠺᠣᠮᠫᠠᠨᠢ ᠪᠤᠳᠤᠯᠳᠠ᠎ᠶᠢᠨ ᠬᠦᠴᠦᠨ ᠪᠤᠯᠤᠨ ᠴᠠᠬᠢᠯᠭᠠᠨ ᠬᠦᠴᠦᠨ᠎ᠤ ᠬᠠᠮᠵᠢᠯᠴᠠᠭ᠎ᠠ᠎ᠶᠢ ᠭᠣᠣᠯ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠳᠤ ᠣᠷᠣᠭᠤᠯᠵᠤ᠂ ᠪᠥᠬᠥ ᠤᠯᠤᠰ᠎ᠤᠨ ᠪᠤᠳᠤᠯᠳᠠ᠎ᠶᠢᠨ ᠬᠦᠴᠦᠨ ᠪᠤᠯᠤᠨ ᠴᠠᠬᠢᠯᠭᠠᠨ ᠬᠦᠴᠦᠨ᠎ᠤ ᠬᠠᠮᠵᠢᠯᠴᠠᠭᠠᠨ᠎ᠤ ᠬᠡᠪ ᠳᠠᠭᠤᠷᠢᠶᠠᠯ᠎ᠢ ᠪᠥᠬᠥ ᠬᠦᠴᠦᠨ᠎ᠢᠶᠡᠷ᠎ᠢᠶᠡᠨ ᠴᠤᠬᠴᠠᠯᠠᠵᠦ ᠪᠤᠢ᠃ ᠢᠷᠡᠭᠡᠳᠦᠢ᠎ᠳᠦ᠂ ᠪᠢᠳᠡ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠪᠣᠬᠢᠷᠲᠤᠯ ᠦᠭᠡᠢ ᠣᠶᠤᠨᠴᠢ ᠰᠢᠨ᠎ᠡ ᠬᠡᠯᠪᠡᠷᠢ᠎ᠶᠢᠨ ᠴᠠᠬᠢᠯᠭᠠᠨ ᠲᠣᠣᠷ᠎ᠢ ᠥᠨᠳᠥᠷ ᠪᠠᠷᠢᠮᠵᠢᠶ᠎ᠠ᠎ᠪᠠᠷ ᠪᠦᠲᠦᠭᠡᠨ ᠪᠠᠢᠭᠤᠯᠵᠤ᠂ ᠨᠠᠢᠳᠠᠪᠤᠷᠢᠲᠠᠢ ᠴᠠᠬᠢᠯᠭᠠᠨ ᠬᠦᠴᠦᠨ᠎ᠢᠶᠡᠷ ᠪᠣᠬᠢᠷᠲᠤᠯ ᠦᠭᠡᠢ ᠪᠤᠳᠤᠯᠳᠠ᠎ᠶᠢᠨ ᠬᠦᠴᠦᠨ᠎ᠤ ᠴᠢᠳᠠᠪᠤᠷᠢ᠎ᠶᠢᠨ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠬᠠᠮᠠᠭᠠᠯᠠᠨ᠎ᠠ 》 ᠬᠡᠪᠡ᠃
ᠬᠠᠮᠢᠶ᠎ᠠ ᠪᠦᠬᠦᠢ ᠲᠣᠭ᠎ᠠ ᠪᠠᠷᠢᠮᠲᠠ᠎ᠳᠤ ᠬᠠᠷᠠᠭᠤᠯᠤᠬᠰᠠᠨ᠎ᠢᠶᠡᠷ᠂ 2026 ᠣᠨ᠎ᠤ ᠳᠡᠭᠡᠷ᠎ᠡ ᠬᠠᠭᠠᠰ ᠵᠢᠯ ᠪᠣᠯᠲᠠᠯ᠎ᠠ᠂ ᠪᠤᠳᠤᠯᠳᠡ᠎ᠶᠢᠨ ᠬᠦᠴᠦᠨ᠎ᠦ ᠠᠵᠢᠯ ᠲᠥᠷᠥᠯ᠎ᠦᠨ ᠤᠯᠤᠰ᠎ᠤᠨ ᠳᠣᠲᠣᠭᠠᠳᠤ᠎ᠳᠤ ᠲᠡᠷᠢᠭᠦᠯᠡᠭᠰᠡᠨ 30 ᠠᠷᠠᠳ᠎ᠤᠨ ᠡᠵᠡᠩᠨᠡᠯᠳᠡ᠎ᠶᠢᠨ ᠠᠵᠤ ᠠᠬᠤᠢᠯᠠᠯ᠎ᠤᠨ ᠳᠣᠲᠣᠷᠠᠬᠢ 20 ᠨᠢ ᠥᠪᠥᠷ ᠮᠣᠩᠭᠣᠯ᠎ᠳᠤ ᠪᠠᠢᠷᠢᠰᠢᠭᠤᠯᠤᠯᠲᠠ ᠬᠢᠵᠦ᠂ ᠪᠡᠯᠡ ᠣᠷᠣᠭᠤᠯᠤᠯᠲᠠ᠎ᠶᠢᠨ ᠬᠡᠪᠴᠢᠶ᠎ᠡ 2000 ᠳ᠋ᠦᠩᠰᠢᠭᠤᠷ ᠲᠥᠭᠥᠷᠢᠭ᠎ᠢ ᠳᠠᠪᠠᠵᠠᠢ᠃ ᠥᠪᠥᠷ ᠮᠣᠩᠭᠣᠯ ᠶᠠᠭ ᠪᠤᠳᠤᠯᠳᠡ᠎ᠶᠢᠨ ᠬᠦᠴᠦᠨ᠎ᠤ ᠠᠪᠤᠷᠭᠤ ᠨᠠᠷ᠎ᠤᠨ ᠲᠣᠮᠣ᠌ ᠲᠥᠷᠥᠯ ᠵᠦᠢᠯ᠎ᠦᠨ ᠲᠡᠷᠢᠭᠦᠨ ᠰᠣᠩᠭᠣᠯᠲᠠ᠎ᠶᠢᠨ ᠭᠠᠵᠠᠷ ᠪᠣᠯᠪᠠ᠃ ᠥᠪᠡᠷᠲᠡᠭᠡᠨ ᠵᠠᠰᠠᠬᠤ ᠣᠷᠣᠨ᠎ᠤ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠳᠡᠳ᠋ ᠲᠡᠷᠢᠭᠦᠯᠡᠭᠴᠢ ᠵᠧᠦ᠎ᠶᠢᠨ ᠵᠤᠸᠠᠩ᠄《ᠥᠪᠡᠷᠲᠡᠭᠡᠨ ᠵᠠᠰᠠᠬᠤ ᠣᠷᠣᠨ᠎ᠤ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ〈1571〉ᠠᠵᠢᠯ᠎ᠤᠨ ᠪᠠᠢᠷᠢᠯᠠᠭᠤᠯᠤᠯᠲᠠ᠎ᠶᠢ ᠭᠦᠨᠵᠡᠭᠡᠢ ᠨᠠᠢᠳᠠᠪᠤᠷᠢᠵᠢᠭᠤᠯᠵᠤ᠂ ᠬᠥᠭᠥᠷᠭᠡ ᠬᠣᠯᠪᠣᠭᠠᠰᠤ᠎ᠶᠢᠨ ᠦᠢᠯᠡᠳᠦᠯ᠎ᠢᠶᠡᠨ ᠤᠯᠠᠮ ᠨᠢᠭᠡ ᠠᠯᠬᠤᠮ ᠪᠠᠳᠠᠷᠠᠭᠤᠯᠵᠤ᠂ ᠪᠠᠢᠴᠠᠭᠠᠨ ᠰᠤᠳᠤᠯᠬᠤ ᠡᠷᠴᠢᠮ᠎ᠢᠶᠡᠨ ᠴᠢᠩᠭᠠᠷᠠᠭᠤᠯᠵᠤ᠂ ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯ᠎ᠤᠨ ᠬᠦᠰᠡᠯ ᠱᠠᠭᠠᠷᠳᠠᠯᠭ᠎ᠠ᠎ᠶᠢ ᠴᠤᠭᠯᠠᠭᠤᠯᠵᠤ᠂ ᠳᠣᠲᠣᠨᠣ᠌ ᠴᠢᠬᠡᠴᠢ ᠵᠠᠰᠠᠭ᠎ᠤᠨ ᠣᠷᠳᠣᠨ ᠪᠠ ᠬᠤᠳᠠᠯᠳᠤᠭᠠᠴᠢᠨ᠎ᠤ ᠬᠠᠷᠢᠴᠠᠭ᠎ᠠ᠎ᠶᠢ ᠪᠠᠶ᠋ᠢᠭᠤᠯᠬᠤ᠎ᠳᠤ ᠬᠦᠴᠦᠨ ᠨᠡᠮᠡᠷᠢᠯᠡᠵᠦ᠂ ᠠᠵᠤ ᠠᠬᠤᠢᠯᠠᠯ᠎ᠤᠨ ᠰᠢᠨ᠎ᠡ᠎ᠶᠢ ᠡᠭᠦᠳᠦᠨ ᠬᠥᠭᠵᠢᠭᠦ᠎ᠳᠦ ᠬᠦᠴᠦᠨ ᠤᠯᠭᠤᠵᠦ᠂ ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯ᠎ᠢ ᠬᠥᠲᠥᠯᠥᠨ ᠵᠢᠯᠤᠭᠣᠳᠴᠤ ᠪᠣᠬᠢᠷᠲᠤᠯ ᠦᠭᠡᠢ ᠬᠥᠭᠵᠢᠯᠲᠡ᠎ᠶᠢᠨ ᠣᠢᠯᠠᠭᠠᠭᠳᠠᠬᠤᠨ᠎ᠢ ᠦᠢᠯᠡᠳᠦᠯᠭᠡᠵᠢᠭᠦᠯᠵᠦ᠂ ᠠᠮᠢ ᠠᠬᠤᠢ᠎ᠶᠢᠨ ᠠᠮᠤᠷ ᠲᠦᠪᠰᠢᠨ᠎ᠢ ᠬᠠᠮᠠᠭᠠᠯᠠᠬᠤ᠎ᠶᠢᠨ ᠵᠡᠷᠭᠡ ᠪᠡᠷ ᠬᠡᠯᠬᠢᠶ᠎ᠡ᠎ᠶᠢ ᠤᠷᠲᠤᠳᠬᠠᠨ ᠬᠡᠯᠬᠢᠶ᠎ᠡ ᠶᠢ ᠨᠥᠬᠥᠪᠦᠷᠢᠯᠡᠵᠦ ᠬᠡᠯᠬᠢᠶ᠎ᠡ᠎ᠶᠢ ᠬᠦᠴᠦᠷᠬᠡᠭᠵᠢᠭᠦᠯᠵᠦ᠂ ᠡᠬᠢ ᠪᠠᠶᠠᠯᠢᠭ᠋᠎ᠤᠨ ᠳᠠᠪᠠᠭᠤᠯᠢᠭ᠋ ᠢ ᠠᠵᠤ ᠦᠢᠯᠡᠰ᠎ᠦᠨ ᠳᠠᠪᠠᠭᠤᠯᠢᠭ᠋ ᠪᠣᠯᠭᠠᠨ ᠬᠤᠪᠢᠷᠠᠭᠤᠯᠤᠨ᠎ᠠ》 ᠭᠡᠪᠡ᠃
ᠤᠷᠤᠰᠬᠠᠯ ᠢ ᠲᠠᠭᠠᠨ ᠬᠥᠭᠵᠢᠯᠲᠡ᠎ᠶᠢᠨ ᠬᠦᠴᠦᠨ᠎ᠢ ᠬᠠᠮᠳᠤᠳᠬᠠᠨ᠎ᠠ
ᠥᠩᠭᠡᠷᠡᠭᠰᠡᠨ᠎ᠦ ᠮᠠᠯᠵᠢᠯ᠎ᠤᠨ ᠲᠠᠯᠠᠪᠠᠶ ᠡᠴᠡ ᠤᠳᠤᠬᠠᠨ᠎ᠤ 《ᠪᠤᠳᠤᠯᠳᠡ᠎ᠶᠢᠨ ᠬᠦᠴᠦᠨ᠎ᠤ ᠦᠢᠯᠡᠳᠪᠦᠷᠢ 》 ᠬᠦᠷᠲᠡᠯ᠎ᠡ᠂ ᠥᠪᠥᠷ ᠮᠣᠩᠭᠣᠯ᠎ᠤᠨ ᠬᠥᠭᠵᠢᠯᠲᠡ ᠴᠤ ᠰᠢᠨ᠎ᠡ ᠪᠠᠢᠳᠠᠯ᠎ᠲᠠᠢ ᠪᠣᠯᠵᠠᠢ᠃ ᠪᠤᠳᠤᠯᠳᠡ᠎ᠶᠢᠨ ᠬᠦᠴᠦᠨ ᠨᠢ ᠲᠣᠭᠠᠴᠢᠯᠠᠭᠰᠠᠨ ᠠᠵᠤ ᠠᠬᠤᠢ᠎ᠶᠢᠨ ᠭᠣᠣᠯᠯᠠᠭ᠍ᠴᠢ ᠦᠢᠯᠡᠳᠪᠦᠷᠢᠯᠡᠯ᠎ᠦᠨ ᠬᠦᠴᠦᠨ ᠪᠣᠯᠤᠭᠰᠠᠨ᠎ᠤ ᠬᠤᠪᠢ᠎ᠳᠤ᠂ ᠲᠡᠭᠦᠨ᠎ᠦ ᠭᠣᠣᠯᠯᠠᠭ᠍ᠴᠢ ᠦᠷᠳᠡᠭ ᠨᠢ ᠡᠴᠦᠰ᠎ᠲᠡᠬᠡᠨ ᠪᠣᠳᠠᠲᠤ ᠴᠣᠭᠴᠠ᠎ᠶᠢᠨ ᠠᠵᠤ ᠠᠬᠤᠢ᠎ᠳᠤ ᠬᠦᠴᠦᠨ ᠣᠯᠭᠣᠬᠤ ᠪᠠ ᠪᠦᠬᠦ ᠠᠵᠢᠯ ᠲᠦᠷᠦᠯ᠎ᠦᠨ ᠪᠠᠢᠳᠠᠯ᠎ᠢ ᠨᠠᠢᠳᠠᠪᠤᠷᠢᠵᠢᠭᠤᠯᠬᠤ ᠳᠤᠮᠳᠠ ᠢᠯᠡᠷᠡᠵᠦ ᠪᠠᠢᠳᠠᠭ᠃
ᠪᠤᠭᠤᠲᠤ ᠬᠣᠲᠠ᠎ᠶᠢᠨ ᠬᠥᠨᠳᠡᠯᠡᠨ ᠲᠣᠭᠣᠷᠢᠭ᠋᠎ᠤᠨ ᠵᠠᠰᠠᠭ ᠵᠠᠬᠢᠷᠭᠠᠨ᠎ᠤ ᠬᠢᠨᠠᠨ ᠵᠥᠪᠰᠢᠶᠡᠷᠡᠬᠦ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠬᠢᠭᠡᠳ ᠲᠣᠭ᠎ᠠ ᠪᠠᠷᠢᠮᠲᠠ᠎ᠶᠢᠨ ᠬᠠᠮᠢᠶᠠᠷᠤᠯᠲᠠ᠎ᠶᠢᠨ ᠲᠣᠪᠴᠢᠶ᠎ᠠ᠎ᠶᠢᠨ ᠳᠠᠷᠤᠭ᠎ᠠ ᠯᠢᠦ ᠱᠢ ᠸᠸᠨ᠂ ᠪᠢᠳᠡ ᠲᠣᠭᠠᠴᠢᠯᠠᠭᠰᠠᠨ ᠬᠤᠳᠠᠯᠳᠤᠭᠠᠨ᠎ᠤ ᠭᠣᠣᠯ ᠴᠣᠭᠴᠠ᠎ᠶᠢ ᠲᠥᠪᠯᠡᠷᠡᠭᠦᠯᠵᠦ᠂ ᠲᠣᠭ᠎ᠠ ᠪᠠᠷᠢᠮᠲᠠ᠎ᠶᠢᠨ ᠦᠢᠯᠡᠴᠢᠯᠡᠭᠡᠨ᠎ᠦ ᠰᠢᠨ᠎ᠡ ᠡᠵᠡᠩᠨᠡᠯᠲᠡ᠎ᠶᠢᠨ ᠬᠡᠯᠪᠡᠷᠢ᠎ᠶᠢ ᠪᠣᠢᠵᠢᠭᠤᠯᠤᠨ᠎ᠠ; ᠵᠠᠰᠠᠭ᠎ᠤᠨ ᠶᠠᠪᠤᠳᠠᠯ᠂ ᠵᠠᠮ ᠬᠠᠷᠢᠯᠴᠠᠭ᠎ᠠ᠂ ᠡᠮᠴᠢᠯᠡᠭᠡᠨ᠎ᠦ ᠴᠢᠨᠠᠷ ᠰᠠᠢᠲᠠᠢ ᠲᠣᠭ᠎ᠠ ᠪᠠᠷᠢᠮᠲᠠ᠎ᠶᠢᠨ ᠴᠤᠭᠯᠠᠷᠠᠯ᠎ᠢ ᠡᠮᠬᠢᠯᠡᠨ ᠨᠡᠢᠯᠡᠭᠦᠯᠵᠦ᠂ ᠪᠤᠳᠤᠯᠳᠡ᠎ᠶᠢᠨ ᠬᠦᠴᠤᠨ᠎ᠤ ᠴᠢᠳᠠᠪᠤᠷᠢ᠎ᠶᠢᠨ ᠬᠡᠷᠡᠭᠯᠡᠯᠲᠡ᠂ ᠵᠣᠬᠢᠶᠠᠮᠠᠯ ᠣᠶᠤᠨ ᠴᠢᠳᠠᠪᠤᠷᠢ᠎ᠶᠢᠨ ᠪᠣᠯᠪᠠᠰᠤᠷᠠᠯ ᠬᠢᠭᠡᠳ ᠣᠶᠤᠨᠴᠢ ᠵᠠᠰᠠᠯᠲᠠ᠎ᠶᠢ ᠲᠤᠯᠭᠠᠭᠤᠷᠢᠯᠠᠵᠤ᠂ ᠲᠣᠭ᠎ᠠ ᠪᠠᠷᠢᠮᠲᠠ᠂ ᠪᠤᠳᠤᠯᠳᠡ᠎ᠶᠢᠨ ᠬᠦᠴᠦᠨ᠎ᠤ ᠴᠢᠳᠠᠪᠤᠷᠢ᠎ᠶᠢᠨ ᠬᠣᠣᠰ ᠬᠦᠷᠳᠦ᠎ᠪᠡᠷ ᠪᠥᠬᠥ ᠣᠷᠣᠨ ᠪᠦᠰᠡ᠎ᠶᠢᠨ ᠠᠵᠤ ᠦᠢᠯᠡᠰ᠎ᠦᠨ ᠬᠠᠮᠵᠢᠯᠴᠠᠨ ᠬᠥᠭᠵᠢᠬᠦ᠎ᠶᠢ ᠳᠠᠶ᠋ᠢᠴᠢᠯᠠᠨ᠎ᠠ᠃ ᠶᠡᠷᠦᠩᠬᠡᠢ ᠱᠦᠵᠢ᠎ᠶᠢᠨ ᠬᠦᠰᠡᠯ ᠨᠠᠶ᠋ᠢᠳᠠᠯᠭ᠎ᠠ ᠨᠢ ᠪᠢᠳᠡᠨ᠎ᠦ ᠪᠤᠳᠤᠯᠳᠠ᠎ᠶᠢᠨ ᠬᠦᠴᠦᠨ᠎ᠤ ᠪᠦᠳᠦᠭᠡᠨ ᠪᠠᠢᠭᠤᠯᠤᠯᠲᠠ᠎ᠶᠢ ᠠᠬᠢᠭᠤᠯᠬᠤ᠂ ᠲᠣᠭᠠᠴᠢᠯᠠᠭᠰᠠᠨ ᠠᠵᠤ ᠠᠬᠤᠢ᠎ᠶᠢ ᠬᠦᠴᠦᠷᠬᠡᠭᠵᠢᠭᠦᠯᠬᠦ᠎ᠳᠦ ᠬᠡᠮᠵᠢᠭᠦᠷ ᠵᠢᠷᠤᠵᠤ᠂ ᠠᠷᠭ᠎ᠠ ᠵᠠᠮ ᠵᠢᠭᠠᠵᠤ ᠥᠭᠴᠡᠢ᠃ ᠪᠢᠳᠡ ᠥᠨᠳᠥᠷ ᠪᠦᠲᠦᠮᠵᠢᠲᠡᠶ᠂ ᠪᠣᠬᠢᠷᠲᠤᠯ ᠦᠭᠡᠢ᠂ ᠠᠮᠤᠷ ᠲᠦᠪᠰᠢᠨ ᠬᠥᠭᠵᠢᠯᠲᠡ᠎ᠶᠢᠨ ᠱᠠᠭᠠᠷᠳᠠᠯᠭ᠎ᠠ᠎ᠶᠢ ᠪᠠᠲᠤ ᠴᠡᠭᠡᠵᠢᠯᠡᠵᠦ᠂ ᠪᠤᠭᠤᠲᠤ᠎ᠶᠢᠨ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠦᠭᠵᠢᠬᠦᠯᠬᠦ ᠵᠠᠮ᠎ᠢᠶᠠᠷ ᠰᠠᠢᠲᠤᠷ ᠵᠠᠮᠨᠠᠬᠤ᠎ᠳᠤ ᠬᠦᠴᠦᠨ ᠨᠡᠮᠡᠷᠢᠯᠡᠨ᠎ᠡ ᠬᠡᠵᠦ ᠢᠯᠡᠳᠬᠡᠵᠡᠢ᠃
ᠦᠪᠡᠷᠲᠡᠭᠡᠨ ᠵᠠᠰᠠᠬᠤ ᠤᠷᠤᠨ᠎ᠤ ᠬᠠᠤᠯᠢ ᠴᠠᠭᠠᠵᠠ ᠵᠢᠨ ᠲᠢᠩᠬᠢᠮ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠮᠡᠳᠡᠭᠡ ᠵᠠᠩᠬᠢᠵᠢᠯᠲᠠ ᠵᠢᠨ ᠭᠠᠵᠠᠷ᠎ᠤᠨ ᠳᠠᠷᠤᠭ᠎ᠠ ᠯᠢ ᠴᠠᠩ᠄《ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠣᠲᠠ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠨᠢ ᠪᠢᠳᠡᠨ᠎ᠦ ᠲᠣᠭᠠᠴᠢᠯᠠᠭᠰᠠᠨ ᠬᠠᠦᠯᠢ ᠪᠡᠷ ᠵᠠᠰᠠᠬᠤ ᠪᠡᠷ ᠬᠠᠤᠯᠢ ᠴᠠᠭᠠᠵᠠ ᠵᠠᠰᠠᠭ ᠵᠠᠬᠢᠷᠭᠠᠨ᠎ᠤ ᠴᠢᠨᠠᠷ ᠰᠠᠢᠲᠠᠢ ᠬᠥᠭᠵᠢᠯᠲᠡ᠎ᠳᠦ ᠬᠦᠴᠦᠨ ᠤᠯᠭᠤᠬᠤ ᠳ᠋ᠦ ᠤᠷᠤᠭᠰᠢᠯᠠᠬᠤ ᠴᠢᠭᠯᠡᠯ᠎ᠢ ᠲᠣᠳᠣᠷᠬᠠᠢ ᠵᠢᠭᠠᠵᠤ ᠥᠭᠪᠡ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ ᠪᠤᠳᠤᠯᠳᠡ᠎ᠶᠢᠨ ᠬᠦᠴᠦᠨ᠎ᠢ ᠠᠰᠢᠭ᠍ᠯᠠᠨ ᠣᠯᠠᠨ ᠨᠡᠶ᠋ᠢᠲᠡ᠎ᠶᠢᠨ ᠬᠠᠤᠯᠢ ᠴᠠᠭᠠᠵᠠ᠎ᠶᠢᠨ ᠦᠢᠯᠡᠴᠢᠯᠡᠭᠡᠨ᠎ᠦ ᠲᠠᠪᠴᠠᠩ᠎ᠢ ᠰᠢᠯᠢᠳᠡᠭᠵᠢᠭᠦᠯᠵᠦ᠂ ᠠᠯᠤᠰ᠎ᠠᠴᠠ ᠠᠯᠪᠠᠨ ᠭᠡᠷᠡᠴᠢᠯᠡᠭᠡ ᠬᠢᠬᠦ᠂ ᠰᠦᠯᠵᠢᠶᠡᠨ ᠳᠡᠭᠡᠷ᠎ᠡ ᠬᠠᠤᠯᠢ ᠴᠠᠭᠠᠵᠠ᠎ᠶᠢᠨ ᠲᠤᠰᠠᠯᠠᠮᠵᠢ ᠦᠵᠡᠭᠦᠯᠬᠦ᠂ ᠣᠶᠤᠨᠴᠢ᠎ᠪᠠᠷ ᠬᠠᠤᠯᠢ ᠲᠦᠭᠡᠮᠡᠯᠵᠢᠭᠦᠯᠬᠦ ᠵᠡᠷᠭᠡ ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡ᠎ᠶᠢ ᠳᠡᠯᠭᠡᠷᠡᠭᠦᠯᠵᠦ᠂ ᠣᠯᠠᠨ ᠨᠡᠶ᠋ᠢᠲᠡ᠎ᠶᠢᠨ ᠬᠠᠤᠯᠢ ᠴᠠᠭᠠᠵᠠ᠎ᠶᠢᠨ ᠦᠢᠯᠡᠴᠢᠯᠡᠭᠡᠨ᠎ᠦ 〈ᠡᠴᠦᠰ᠎ᠦᠨ ᠨᠢᠭᠡ ᠺᠢᠯᠣᠮᠧᠲᠷ 〉 ᠢ᠋ ᠨᠡᠪᠲᠡᠷᠡᠭᠦᠯᠦᠨ᠎ᠡ》 ᠬᠡᠯ᠎ᠠ᠃
ᠲᠣᠭᠠᠴᠢᠯᠠᠯᠲᠠ᠎ᠶᠢᠨ ᠨᠦᠯᠦᠭᠡ ᠪᠠᠰᠠ ᠰᠣᠶᠣᠯ᠎ᠤᠨ ᠬᠦᠷᠢᠶ᠎ᠡ ᠲᠡᠢᠰᠢ ᠥᠷᠭᠡᠵᠢᠵᠦ᠍ ᠪᠠᠢᠨ᠎ᠠ᠃ ᠥᠪᠥᠷ ᠮᠣᠩᠭᠣᠯ᠎ᠤᠨ ᠰᠢᠨᠬᠤᠸᠠ ᠲᠠᠷᠬᠠᠭᠠᠯᠲᠠ᠎ᠶᠢᠨ ᠪᠦᠯᠦᠭᠯᠡᠯ᠎ᠦᠨ ᠪᠠᠶ᠋ᠢᠯᠳᠤᠬᠤ ᠪᠤᠳᠤᠯᠭ᠎ᠠ᠎ᠶᠢᠨ ᠬᠥᠭᠵᠢᠯᠲᠡ᠎ᠶᠢᠨ ᠬᠡᠯᠲᠡᠰ᠎ᠦᠨ ᠳᠠᠷᠤᠭ᠎ᠠ ᠶᠢᠩ ᠴᠦᠨ᠂ ᠪᠦᠯᠦᠭᠯᠡᠯ᠎ᠦᠨ ᠬᠢᠨ ᠲᠣᠭᠠᠴᠢᠯᠠᠭᠰᠠᠨ ᠠᠵᠤ ᠠᠬᠤᠢ᠎ᠶᠢᠨ ᠬᠥᠭᠵᠢᠯᠲᠡ᠎ᠶᠢᠨ ᠠᠵᠠ ᠲᠣᠬᠢᠶᠠᠯ᠎ᠢ ᠠᠮᠵᠢᠵᠤ᠂ 《ᠤᠶᠤᠨᠴᠢ ᠰᠢᠨᠬᠤᠸᠠ》 ᠪᠦᠳᠦᠭᠡᠨ ᠪᠠᠶ᠋ᠢᠭᠤᠯᠤᠯᠲᠠ᠎ᠶᠢ ᠲᠦᠷᠭᠡᠳᠬᠡᠵᠦ᠍᠂ ᠡᠭᠦᠳᠡᠨ ᠳᠡᠯᠭᠡᠭᠦᠷ᠎ᠦᠨ ᠲᠣᠭᠠᠴᠢᠯᠠᠭᠰᠠᠨ ᠬᠠᠮᠢᠶᠠᠷᠤᠯᠲᠠ᠎ᠶᠢᠨ ᠰᠢᠰᠲ᠋ᠧᠮ᠎ᠢ ᠲᠡᠰ ᠳᠡᠪᠰᠢᠭᠦᠯᠵᠦ᠍᠂ ᠰᠦᠯᠵᠢᠶᠡᠨ ᠳᠡᠭᠡᠷᠡᠬᠢ ᠪᠠ ᠪᠤᠳᠠᠳᠤ ᠴᠤᠭᠴᠠ᠎ᠶᠢ ᠨᠢᠭᠡ ᠴᠤᠬᠴᠠᠵᠢᠭᠤᠯᠤᠭᠰᠠᠨ ᠤᠩᠰᠢᠯᠭ᠎ᠠ᠎ᠶᠢᠨ ᠦᠢᠯᠡᠴᠢᠯᠡᠭᠡ᠎ᠶᠢ ᠥᠷᠭᠡᠳᠬᠡᠵᠦ᠍᠂ ᠰᠣᠶᠣᠯ᠎ᠤᠨ ᠦᠢᠯᠡᠴᠢᠯᠡᠭᠡᠨ᠎ᠦ ᠬᠡᠯᠬᠢᠶ᠎ᠡ᠎ᠶᠢ ᠤᠷᠲᠤᠳᠬᠠᠵᠤ᠂ ᠤᠯᠠᠮᠵᠢᠯᠠᠯᠲᠤ᠌ ᠲᠠᠷᠬᠠᠭᠠᠯᠲᠠ᠎ᠶᠢᠨ ᠠᠵᠢᠯ ᠲᠦᠷᠦᠯ᠎ᠦᠨ ᠬᠡᠯᠪᠡᠷᠢ ᠪᠠᠶ᠋ᠢᠳᠠᠯ᠎ᠤᠨ ᠲᠡᠰ ᠳᠡᠪᠰᠢᠬᠦ᠌᠎ᠶᠢ ᠠᠬᠢᠭᠤᠯᠵᠤ᠂ ᠲᠣᠭᠠᠴᠢᠯᠠᠯᠲᠠ ᠪᠡᠷ ᠰᠣᠶᠣᠯ᠎ᠤᠨ ᠬᠦᠴᠦᠷᠬᠡᠭ ᠣᠷᠣᠨ᠎ᠤ ᠪᠦᠳᠦᠭᠡᠨ ᠪᠠᠶ᠋ᠢᠭᠤᠯᠤᠯᠲᠠ᠎ᠳᠤ ᠬᠦᠴᠦᠨ ᠤᠯᠭᠤᠨ᠎ᠠ ᠭᠡᠵᠦ᠍ ᠢᠯᠡᠳᠬᠡᠪᠡ᠃
ᠥᠪᠥᠷ ᠮᠣᠩᠭᠣᠯ᠎ᠤᠨ ᠬᠡᠪᠯᠡᠯ᠎ᠦᠨ ᠪᠦᠯᠦᠭᠯᠡᠯ᠎ᠦᠨ ᠺᠠᠳ᠋ᠷ ᠠᠵᠢᠯᠳᠠᠨ᠂ ᠰᠤᠷᠤᠯᠴᠠᠯᠭ᠎ᠠ᠎ᠶᠢᠨ ᠦᠷ᠎ᠡ ᠪᠦᠲᠦᠭᠡᠯ᠎ᠢ ᠪᠣᠳᠠᠲᠠᠢ᠎ᠳᠤ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶᠢ ᠦᠨᠡᠨ ᠬᠦ᠌ ᠠᠬᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ᠎ᠪᠠᠷ ᠭᠣᠣᠯ ᠰᠢᠵᠢᠮ ᠪᠣᠯᠭᠠᠵᠤ᠂ ᠭᠣᠣᠯ ᠬᠠᠷᠢᠭᠤᠴᠠᠯᠭ᠎ᠠ ᠭᠣᠣᠯ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠤᠯᠠᠭᠠᠨᠴᠠᠪ᠎ᠤᠨ ᠠᠮᠢ ᠠᠬᠤᠢ᠎ᠶᠢᠨ ᠵᠠᠰᠠᠯᠲᠠ ᠬᠢᠭᠡᠳ ᠪᠣᠬᠢᠷᠲᠤᠯ ᠦᠭᠡᠢ ᠬᠥᠭᠵᠢᠯᠲᠡ᠎ᠶᠢᠨ ᠦᠢᠯᠡᠳᠦᠯᠭᠡ᠎ᠶᠢ ᠢᠯᠡᠷᠡᠭᠦᠯᠦᠭᠰᠡᠨ ᠰᠣᠳᠣᠨ ᠬᠡᠪᠯᠡᠭᠳᠡᠬᠦᠨ᠎ᠢ ᠴᠣᠭᠴᠠᠯᠠᠵᠤ᠂ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠦᠭᠵᠢᠬᠦᠯᠬᠦ ᠥᠪᠥᠷ ᠮᠣᠩᠭᠣᠯ᠎ᠤᠨ ᠦᠯᠢᠭᠡᠷ ᠢ ᠰᠠᠶ᠋ᠢᠲᠤᠷ ᠶᠠᠷᠢᠨ᠎ᠠ᠃ ᠲᠣᠭᠠᠴᠢᠯᠠᠭᠰᠠᠨ ᠬᠥᠭᠵᠢᠯᠲᠡ᠎ᠶᠢᠨ ᠠᠵᠠ ᠲᠣᠬᠢᠶᠠᠯ᠎ᠢ ᠠᠮᠵᠢᠵᠤ᠂ 《ᠵᠡᠭᠦᠨᠳᠡᠬᠢ ᠲᠤᠭ᠎ᠠ ᠪᠠᠷᠢᠮᠳᠠ ᠵᠢ ᠪᠠᠷᠠᠭᠤᠨᠳᠡᠬᠢ ᠪᠤᠳᠤᠯᠲᠠ ᠵᠢᠨ ᠬᠦᠴᠦᠨ ᠵᠢᠡᠷ ᠲᠤᠯᠭᠠᠭᠤᠷᠢᠯᠠᠬᠤ》 ᠪᠠᠶ᠋ᠢᠯᠳᠤᠬᠤ ᠪᠤᠳᠤᠯᠭ᠎ᠠ᠎ᠶᠢ ᠵᠣᠯᠭᠠᠭᠤᠯᠵᠤ᠂ ᠬᠡᠪᠯᠡᠯ ᠪᠠ ᠪᠣᠬᠢᠷᠲᠤᠯ ᠦᠭᠡᠢ ᠪᠤᠳᠤᠯᠲᠠ ᠵᠢᠨ ᠬᠦᠴᠦᠨ᠂ ᠲᠣᠭᠠᠴᠢᠯᠠᠭᠰᠠᠨ ᠠᠵᠤ ᠠᠬᠤᠢ᠎ᠶᠢ ᠠᠭᠤᠰᠤᠯᠴᠠᠭᠤᠯᠬᠤ ᠠᠷᠭ᠎ᠠ ᠵᠠᠮ᠎ᠢ ᠬᠠᠶ᠋ᠢᠨ ᠰᠦᠪᠡᠭᠴᠢᠯᠡᠵᠦ᠍᠂ ᠮᠡᠷᠭᠡᠵᠢᠯ᠎ᠢᠶᠡᠷ ᠠᠭᠤᠯᠭ᠎ᠠ᠎ᠶᠢ ᠦᠢᠯᠡᠳᠪᠦᠷᠢᠯᠡᠨ ᠳᠡᠯᠭᠡᠷᠡᠭᠦᠯᠬᠦ ᠳ᠋ᠦ ᠬᠦᠴᠦᠨ ᠣᠯᠭᠣᠨ᠎ᠠ ᠭᠡᠵᠦ᠍ ᠢᠯᠡᠳᠬᠡᠪᠡ᠃
ᠲᠣᠭᠠᠴᠢᠯᠠᠭᠰᠠᠨ ᠳᠤᠮᠳᠠᠳᠤ ᠤᠯᠤᠰ᠎ᠤᠨ ᠪᠦᠳᠦᠭᠡᠨ ᠪᠠᠶ᠋ᠢᠭᠤᠯᠤᠯᠲᠠ᠎ᠶᠢ ᠠᠬᠢᠭᠤᠯᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢ ᠠᠬᠢᠭᠤᠯᠬᠤ᠎ᠳᠤ ᠴᠢᠳᠠᠪᠤᠷᠢᠲᠠᠨ᠎ᠤ ᠲᠤᠯᠭᠠᠭᠤᠷᠢᠯᠠᠯ ᠡᠴᠡ ᠰᠠᠯᠵᠤ ᠴᠢᠳᠠᠬᠤ ᠦᠭᠡᠢ ᠶᠤᠮ᠃ 《ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ᠎ᠶᠢ ᠲᠤᠬᠠᠢ᠎ᠶᠢᠨ ᠲᠠᠯᠠᠪᠠᠢ᠎ᠳᠤ ᠰᠣᠨᠣᠰᠤᠭᠠᠳ ᠪᠢ ᠲᠤᠶ᠋ᠢᠯ᠎ᠢᠶᠠᠷ ᠳᠣᠭᠳᠣᠯᠤᠭᠰᠠᠨ ᠪᠥᠭᠡᠳ ᠡᠭᠦᠷᠭᠡ ᠬᠠᠷᠢᠭᠤᠴᠠᠯᠭ᠎ᠠ᠎ᠪᠠᠨ ᠬᠦᠨᠳᠦ ᠴᠢᠬᠤᠯᠠ ᠪᠠᠢᠨ᠎ᠠ ᠭᠡᠳᠡᠭ᠎ᠢ ᠮᠡᠳᠡᠵᠡᠢ》 ᠭᠡᠵᠦ᠍ ᠶᠤᠸᠠᠢ ᠺᠸ ᠤᠯᠠᠭᠠᠨᠴᠠᠪ᠎ᠤᠨ ᠪᠤᠳᠤᠯᠲᠠ ᠵᠢᠨ ᠬᠦᠴᠦᠨ᠎ᠦ ᠲᠥᠪ᠎ᠦᠨ ᠴᠠᠬᠢᠯᠭᠠᠨ ᠭᠡᠢ ᠵᠢᠨ ᠢᠨᠵᠧᠨᠧᠷ ᠴᠧᠨ ᠳ᠋ᠠᠨ ᠰᠡᠳᠬᠢᠯ ᠳᠣᠭᠳᠣᠯᠤᠨ ᠬᠡᠯᠡᠪᠡ᠃ ᠣᠳᠣᠬᠠᠨ᠎ᠳᠤ᠂ ᠪᠤᠳᠤᠯᠲᠠ ᠵᠢᠨ ᠬᠦᠴᠦᠨ᠎ᠤ ᠠᠵᠤ ᠦᠢᠯᠡᠰ ᠶᠠᠭ ᠲᠦᠷᠭᠡᠨ ᠬᠥᠭᠵᠢᠬᠦ᠌ ᠱᠠᠲᠤᠨ᠎ᠳᠤ ᠣᠷᠣᠰᠢᠵᠤ᠂ ᠢᠷᠡᠭᠡᠳᠦᠶ ᠭᠡᠭᠡᠨ ᠰᠠᠷᠠᠭᠤᠯ ᠪᠠᠶ᠋ᠢᠨ᠎ᠠ᠃ ᠴᠧᠨ ᠳ᠋ᠠᠨ᠎ᠤ ᠡᠳᠦᠷ ᠲᠤᠲᠤᠮ᠎ᠤᠨ ᠠᠵᠢᠯ ᠪᠣᠯ ᠪᠤᠳᠤᠯᠲᠠ ᠵᠢᠨ ᠬᠦᠴᠦᠨ᠎ᠦ ᠲᠥᠪ᠎ᠦᠨ ᠴᠠᠬᠢᠯᠭᠠᠨ ᠬᠦᠴᠦᠨ᠎ᠦ ᠦᠷᠭᠦᠯᠵᠢᠯᠡᠨ ᠲᠣᠭᠲᠠᠭᠤᠨ᠎ᠢᠶᠠᠷ ᠬᠠᠩᠭᠠᠬᠤ᠎ᠶᠢ ᠪᠠᠲᠤᠯᠠᠵᠤ᠂ ᠠᠵᠢᠯᠯᠠᠭᠤᠯᠵᠤ ᠬᠠᠮᠠᠭᠠᠯᠠᠬᠤ ᠳᠤᠮᠳᠠ ᠪᠤᠳᠤᠯᠲᠠ ᠵᠢᠨ ᠬᠦᠴᠦᠨ᠎ᠦ ᠭᠠᠷᠭᠠᠯᠲᠠ᠎ᠶᠢ ᠳᠡᠭᠡᠭᠰᠢᠯᠡᠭᠦᠯᠵᠦ᠍᠂ ᠡᠨᠧᠷᠭᠢ᠎ᠶᠢᠨ ᠬᠣᠷᠣᠭᠳᠠᠯ᠎ᠢ ᠪᠠᠭᠠᠰᠬᠠᠬᠤ ᠪᠣᠯᠤᠨ᠎ᠠ᠃ ᠲᠡᠷᠡ᠂ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠤᠬᠠᠶ᠋ᠢᠯᠠᠭᠰᠠᠨ ᠠᠵᠢᠯ᠎ᠳᠠᠭᠠᠨ ᠰᠠᠭᠤᠷᠢᠯᠠᠨ᠂ ᠪᠤᠳᠤᠯᠲᠠ ᠵᠢᠨ ᠬᠦᠴᠦᠨ᠎ᠤ ᠠᠵᠢᠯᠯᠠᠭᠠᠨ᠎ᠤ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠪᠠᠲᠤ᠌ ᠰᠠᠬᠢᠵᠤ᠂ ᠲᠥᠷᠥᠯ ᠵᠦᠢᠯ᠎ᠦᠨ ᠡᠨᠧᠷᠭᠢ᠎ᠶᠢᠨ ᠬᠣᠷᠣᠭᠳᠠᠯ᠎ᠢ ᠴᠢᠩᠭ᠎ᠠ ᠡᠵᠡᠮᠳᠡᠵᠦ᠍᠂ ᠪᠤᠳᠤᠯᠲᠠ ᠵᠢᠨ ᠬᠦᠴᠦᠨ᠎ᠤ ᠲᠠᠪᠴᠠᠩ᠎ᠤᠨ ᠲᠣᠭᠲᠠᠭᠤᠨ ᠪᠥᠭᠡᠳ ᠨᠠᠶ᠋ᠢᠳᠠᠪᠤᠷᠢᠲᠠᠶ ᠠᠵᠢᠯᠯᠠᠭ᠎ᠠ᠎ᠨᠢ ᠪᠠᠲᠤᠯᠠᠵᠤ᠂ ᠤᠯᠠᠭᠠᠨᠴᠠᠪ ᠬᠣᠲᠠ᠎ᠶᠢᠨ ᠪᠣᠬᠢᠷᠲᠤᠯ ᠥᠬᠡᠶ ᠪᠤᠳᠤᠯᠲᠠ ᠵᠢᠨ ᠬᠦᠴᠦᠨ᠎ᠤ ᠠᠵᠤ ᠦᠢᠯᠡᠰ᠎ᠦᠨ ᠴᠢᠨᠠᠷ ᠰᠠᠶ᠋ᠢᠲᠠᠶ ᠬᠥᠭᠵᠢᠯᠲᠡ᠎ᠳᠦ ᠨᠢᠭᠡᠳᠦᠭᠡᠷ ᠹᠷᠣᠨᠲ᠎ᠤᠨ ᠮᠡᠷᠭᠡᠵᠢᠯ᠎ᠦᠨ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠬᠡᠪᠡ᠃
ᠶᠡᠷᠦᠩᠬᠡᠢ ᠱᠦᠵᠢ ᠰᠢ ᠵᠢᠨ ᠫᠢᠩ ᠤᠯᠠᠭᠠᠨᠴᠠᠪ ᠬᠤᠳᠠ᠎ᠳᠤ ᠰᠢᠨᠵᠢᠯᠡᠨ ᠪᠠᠶ᠋ᠢᠴᠠᠭᠠᠭᠰᠠᠨ ᠪᠥᠭᠡᠳ ᠪᠤᠳᠤᠯᠲᠠ ᠵᠢᠨ ᠬᠦᠴᠦᠨ᠎ᠤ ᠠᠵᠤ ᠦᠢᠯᠡᠰ᠎ᠦᠨ ᠬᠥᠭᠵᠢᠯᠲᠡ᠎ᠳᠦ ᠴᠢᠬᠤᠯᠠ ᠵᠢᠭᠠᠪᠤᠷᠢ ᠥᠭᠴᠡᠢ᠂ ᠡᠨᠡ ᠨᠢ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠶᠢᠨ ᠤᠶᠤᠨᠲᠤ᠌ ᠰᠢᠨᠵᠢᠯᠡᠬᠦ᠌ ᠤᠬᠠᠭᠠᠨ ᠪᠣᠯᠤᠨ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠳᠡᠳ᠋ ᠵᠠᠬᠢᠷᠤᠯ ᠷᠢᠨᠴᠢᠨᠳᠤᠷᠵᠢ ᠵᠢ ᠮᠠᠰᠢ ᠪᠠᠶᠠᠷᠯᠠᠭᠤᠯᠵᠠᠢ᠃ ᠲᠡᠷᠡ᠂ ᠣᠶᠤᠨᠳᠤ ᠰᠢᠨᠵᠢᠯᠡᠬᠦ᠌ ᠤᠬᠠᠭᠠᠨ ᠪᠣᠯᠤᠨ ᠮᠡᠷᠭᠡᠵᠢᠯ᠎ᠦᠨ ᠬᠦᠷᠢᠶᠡᠨ᠎ᠦ ᠰᠤᠷᠭᠠᠨ ᠬᠥᠮᠦᠵᠢᠯ᠂ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ᠎ᠤᠨ ᠪᠤᠬᠢᠷᠳᠤᠯ ᠦᠭᠡᠢ ᠴᠠᠬᠢᠯᠭᠠᠨ᠎ᠤ ᠳᠠᠪᠠᠭᠤᠯᠢᠭ ᠬᠡᠷᠬᠢᠨ ᠦᠨᠡᠨ ᠬᠦ᠌ ᠪᠤᠳᠤᠯᠲᠠ ᠵᠢᠨ ᠬᠦᠴᠦᠨ᠎ᠦ ᠳᠠᠪᠠᠭᠤᠯᠢᠭ ᠪᠣᠯᠤᠨ ᠬᠤᠪᠢᠷᠠᠭᠤᠯᠵᠤ᠂ ᠪᠤᠳᠤᠯᠲᠠ ᠵᠢᠨ ᠬᠦᠴᠦᠨ᠎ᠦ ᠳᠠᠪᠠᠭᠤᠯᠢᠭ ᠬᠡᠷᠬᠢᠨ ᠦᠨᠡᠨ ᠬᠦ᠌ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠮᠲᠤ᠎ᠪᠠᠷ ᠡᠳ᠋ᠯᠡᠬᠦ᠌ ᠬᠥᠭᠵᠢᠯᠲᠡ᠎ᠶᠢᠨ ᠳᠠᠪᠠᠭᠤᠯᠢᠭ ᠪᠣᠯᠤᠨ ᠬᠤᠪᠢᠷᠠᠭᠤᠯᠬᠤ᠎ᠶᠢ ᠪᠣᠳᠣᠯᠬᠢᠯᠠᠭᠰᠠᠭᠠᠷ ᠢᠷᠡᠵᠡᠢ ᠭᠡᠪᠡ᠃ ᠲᠡᠷᠡ᠂ ᠤᠶᠤᠨᠲᠤ᠌ ᠪᠤᠳᠤᠯᠲᠠ ᠵᠢᠨ ᠬᠦᠴᠦᠨ᠎ᠤ ᠮᠡᠷᠭᠡᠵᠢᠯ᠎ᠦᠨ ᠰᠤᠳᠤᠯᠭᠠᠨ᠎ᠤ ᠴᠢᠭᠯᠡᠯ᠎ᠳᠦ ᠰᠠᠭᠤᠷᠢᠯᠠᠨ᠂ ᠥᠪᠡᠷᠲᠡᠭᠡᠨ ᠵᠠᠰᠠᠬᠤ ᠣᠷᠣᠨ᠎ᠤ 《ᠵᠡᠭᠦᠨᠳᠡᠬᠢ ᠲᠤᠭ᠎ᠠ ᠪᠠᠷᠢᠮᠳᠠ ᠵᠢ ᠪᠠᠷᠠᠭᠤᠨᠳᠡᠬᠢ ᠪᠤᠳᠤᠯᠲᠠ ᠵᠢᠨ ᠬᠦᠴᠦᠨ ᠵᠢᠡᠷ ᠲᠤᠯᠭᠠᠭᠤᠷᠢᠯᠠᠬᠤ》 ᠬᠦᠢᠰᠦ᠎ᠶᠢᠨ ᠪᠥᠲᠥᠭᠡᠨ ᠪᠠᠶ᠋ᠢᠭᠤᠯᠤᠯᠲᠠ᠎ᠪᠠᠷ ᠭᠤᠤᠯᠳᠠᠭᠤᠯᠵᠤ᠂ ᠪᠤᠳᠤᠯᠲᠠ ᠵᠢᠨ ᠬᠦᠴᠦᠨ ᠪᠤᠯᠤᠨ ᠴᠠᠬᠢᠯᠭᠠᠨ ᠬᠦᠴᠦᠨ᠎ᠤ ᠬᠠᠮᠵᠢᠯᠴᠠᠭ᠎ᠠ᠂ ᠪᠤᠳᠤᠯᠲᠠ ᠵᠢᠨ ᠬᠦᠴᠦᠨ᠎ᠦ ᠠᠮᠤᠷ ᠲᠦᠪᠰᠢᠨ ᠵᠡᠷᠭᠡ ᠵᠠᠩᠭᠢᠯᠠᠭ᠎ᠠ᠎ᠶᠢᠨ ᠬᠦᠷᠢᠶᠡᠨ᠎ᠦ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠣᠭᠣᠮᠲᠠ ᠰᠢᠪᠲᠤᠯᠬᠤ ᠠᠵᠢᠯ᠎ᠢ ᠭᠦᠨᠵᠡᠭᠡᠶ᠋ᠢᠷᠡᠭᠦᠯᠵᠦ᠍᠂ ᠠᠵᠤ ᠦᠢᠯᠡᠰ ᠪᠠ ᠵᠢᠭᠠᠨ ᠰᠤᠷᠭᠠᠯᠲᠠ ᠵᠢᠨ ᠠᠭᠤᠰᠤᠯᠴᠠᠯ᠎ᠢ ᠭᠦᠨᠵᠡᠭᠡᠶ᠋ᠢᠷᠡᠭᠦᠯᠦᠨ᠂ ᠪᠣᠬᠢᠷᠲᠤᠯ ᠥᠬᠡᠶ ᠪᠤᠳᠤᠯᠲᠠ ᠵᠢᠨ ᠬᠦᠴᠦᠨ᠎ᠤ ᠠᠵᠤ ᠦᠢᠯᠡᠰ᠎ᠲᠦ᠍ ᠬᠠᠨᠳᠤᠭᠤᠯᠤᠨ ᠲᠣᠭᠠᠴᠢᠯᠠᠭᠰᠠᠨ ᠴᠢᠳᠠᠪᠤᠷᠢᠲᠠᠨ᠎ᠢ ᠬᠥᠮᠦᠵᠢᠭᠦᠯᠦᠨ᠎ᠡ ᠭᠡᠵᠦ᠍ ᠢᠯᠡᠳᠬᠡᠪᠡ᠃
ᠵᠢᠨᠢᠩ᠎ᠦᠨ ᠪᠠᠭᠰᠢ᠎ᠶᠢᠨ ᠳᠡᠭᠡᠳᠦ ᠰᠤᠷᠭᠠᠭᠤᠯᠢ᠎ᠶᠢᠨ ᠥᠪᠥᠷ ᠮᠣᠩᠭᠣᠯ᠎ᠤᠨ ᠤᠮᠠᠷᠠᠲᠤ᠌ ᠬᠢᠯᠢ᠎ᠶᠢᠨ ᠪᠤᠳᠤᠯᠲᠠ ᠵᠢᠨ ᠬᠦᠴᠦᠨ᠎ᠦ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ ᠰᠦᠨ ᠸᠧᠢ᠄《ᠶᠡᠷᠦᠩᠬᠡᠢ ᠱᠦᠵᠢ᠎ᠶᠢᠨ ᠬᠦᠰᠡᠯ ᠨᠠᠶ᠋ᠢᠳᠠᠯᠭ᠎ᠠ ᠪᠢᠳᠡᠨ᠎ᠦ ᠡᠷᠴᠢ ᠵᠣᠷᠢᠭ᠎ᠢ ᠬᠥᠪᠴᠢᠯᠡᠵᠦ᠍᠂ ᠥᠷᠭᠡᠨ ᠤᠯᠠᠨ ᠪᠠᠭᠰᠢ ᠰᠤᠷᠤᠬᠴᠢ᠎ᠶᠢᠨ ᠪᠤᠳᠤᠯᠲᠠ ᠵᠢᠨ ᠬᠦᠴᠦᠨ᠎ᠦ ᠠᠵᠤ ᠦᠢᠯᠡᠰ᠎ᠲᠦ᠍ ᠦᠢᠯᠡᠴᠢᠯᠡᠬᠦ᠌ ᠢᠲᠡᠭᠡᠯ ᠵᠣᠷᠢᠭ᠎ᠢ ᠤᠯᠠᠮ ᠪᠠᠲᠤᠳᠬᠠᠪᠠ᠃ ᠶᠡᠬᠡ ᠳᠡᠭᠡᠳᠦ ᠰᠤᠷᠭᠠᠭᠤᠯᠢ ᠪᠣᠯ ᠪᠤᠳᠤᠯᠲᠠ ᠵᠢᠨ ᠬᠦᠴᠦᠨ᠎ᠦ ᠠᠵᠤ ᠦᠢᠯᠡᠰ᠎ᠦᠨ ᠴᠢᠳᠠᠪᠤᠷᠢᠲᠠᠨ᠎ᠤ ᠬᠠᠩᠭᠠᠯᠭ᠎ᠠ᠎ᠶᠢᠨ ᠡᠬᠢ ᠪᠤᠯᠠᠭ ᠮᠥᠨ᠂ ᠰᠤᠷᠭᠠᠭᠤᠯᠢ᠎ᠡᠴᠡ ᠪᠣᠬᠢᠷᠲᠤᠯ ᠥᠬᠡᠶ ᠪᠤᠳᠤᠯᠲᠠ ᠵᠢᠨ ᠬᠦᠴᠦᠨ᠎ᠦ ᠬᠣᠰᠢᠭᠤᠷᠠᠯ ᠰᠤᠳᠤᠯᠭᠠᠨ᠎ᠤ ᠰᠡᠳᠦᠪᠲᠦ᠍ ᠠᠩᠬᠠᠷᠤᠯ᠎ᠢᠶᠠᠨ ᠲᠥᠪᠯᠡᠷᠡᠭᠦᠯᠦᠨ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠣᠭᠣᠮᠲᠠ ᠰᠢᠪᠲᠤᠯᠬᠤ ᠠᠵᠢᠯ ᠥᠷᠨᠢᠭᠦᠯᠵᠦ᠍᠂ ᠵᠢᠭᠠᠨ ᠰᠤᠷᠭᠠᠯᠲᠠ᠎ᠶᠢᠨ ᠦᠵᠡᠭᠳᠡᠯ ᠪᠠᠶ᠋ᠢᠳᠠᠯ᠎ᠢ ᠪᠤᠳᠤᠯᠲᠠ ᠵᠢᠨ ᠬᠦᠴᠦᠨ᠎ᠦ ᠠᠵᠤ ᠦᠢᠯᠡᠰ᠎ᠦᠨ ᠨᠢᠭᠡᠳᠦᠭᠡᠷ ᠹᠷᠣᠨᠲ ᠲᠡᠶ᠋ᠢᠰᠢ ᠤᠷᠲᠤᠳᠬᠠᠬᠤ᠎ᠶᠢ ᠠᠬᠢᠭᠤᠯᠵᠤ᠂ ᠪᠣᠬᠢᠷᠲᠤᠯ ᠥᠬᠡᠶ ᠪᠤᠳᠤᠯᠲᠠ ᠵᠢᠨ ᠬᠦᠴᠦᠨ᠎ᠦ ᠤᠷᠤᠯᠳᠤᠭᠠᠨ᠎ᠤ ᠵᠠᠮ᠎ᠳᠤ ᠳᠣᠭᠢᠷᠠᠭᠰᠠᠨ ᠬᠠᠮ ᠬᠡᠯᠪᠡᠷᠢ᠎ᠶᠢᠨ ᠲᠤᠰᠬᠠᠶ ᠮᠡᠷᠭᠡᠵᠢᠯ᠎ᠦᠨ ᠴᠢᠳᠠᠪᠤᠷᠢᠲᠠᠨ᠎ᠢ ᠦᠷᠭᠦᠯᠵᠢᠯᠡᠨ ᠬᠠᠨᠭᠭᠠᠨ᠎ᠠ》 ᠭᠡᠪᠡ᠃
ᠮᠡᠷᠭᠡᠵᠢᠯ᠎ᠦᠨ ᠪᠣᠭᠣᠮᠲᠠ ᠰᠢᠪᠲᠤᠯᠬᠤ ᠲᠤᠷᠰᠢᠯᠲᠠ᠎ᠶᠢᠨ ᠲᠠᠰᠤᠭ᠎ᠡᠴᠡ ᠮᠠᠰᠢᠨ᠎ᠤ ᠭᠡᠷ᠎ᠤᠨ ᠠᠵᠢᠯ᠎ᠢ ᠪᠠᠲᠤᠯᠠᠬᠤ ᠡᠮᠦᠨ᠎ᠡ ᠹᠷᠣᠨᠲ᠎ᠤᠨ ᠠᠬᠤᠢ ᠲᠠᠯᠠᠪᠠᠢ ᠬᠦᠷᠲᠡᠯ᠎ᠡ᠂ ᠶᠡᠬᠡ ᠳᠡᠭᠡᠳᠦ ᠰᠤᠷᠭᠠᠭᠤᠯᠢ᠎ᠶᠢᠨ ᠦᠢᠯᠡᠳᠪᠦᠷᠢᠯᠡᠯ ᠵᠢᠭᠠᠨ ᠰᠤᠷᠭᠠᠯᠲᠠ ᠠᠭᠤᠰᠤᠯᠴᠠᠭᠰᠠᠨ ᠬᠢᠴᠢᠶᠡᠯ᠎ᠦᠨ ᠲᠠᠩᠬᠢᠮ᠎ᠡᠴᠡ ᠠᠵᠤ ᠦᠢᠯᠡᠰ ᠲᠥᠪᠯᠡᠷᠡᠭᠰᠡᠨ ᠬᠦᠷᠢᠶᠡᠯᠡᠩ ᠲᠣᠭᠣᠷᠢᠭ᠎ᠤᠨ ᠰᠢᠮᠡᠳᠦ ᠬᠥᠷᠥᠰᠥ᠍ ᠬᠦᠷᠲᠡᠯ᠎ᠡ᠂ ᠪᠣᠬᠢᠷᠲᠤᠯ ᠦᠭᠡᠢ ᠪᠤᠳᠤᠯᠲᠠ ᠵᠢᠨ ᠬᠦᠴᠦᠨ᠎ᠤ ᠴᠢᠨᠠᠷ ᠰᠠᠶ᠋ᠢᠲᠠᠢ ᠬᠥᠭᠵᠢᠯᠲᠡ᠎ᠶᠢ ᠠᠬᠢᠭᠤᠯᠬᠤ ᠬᠠᠮᠲᠤᠷᠠᠯ ᠬᠦᠴᠦᠨ ᠥᠪᠥᠷ ᠮᠣᠩᠭᠣᠯ᠎ᠤᠨ ᠡᠬᠡ ᠭᠠᠵᠠᠷ᠎ᠲᠤ᠌ ᠴᠤᠭᠯᠠᠷᠠᠪᠠ᠃ ᠥᠪᠥᠷ ᠮᠣᠩᠭᠣᠯ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠠᠮᠢ ᠠᠬᠤᠶ᠎ᠶᠢᠨ ᠬᠣᠷᠢᠭ᠎ᠠ ᠱᠤᠭᠤᠮ᠎ᠢ ᠰᠠᠶ᠋ᠢᠲᠤᠷ ᠰᠠᠬᠢᠵᠤ᠂ ᠪᠠᠶ᠋ᠢᠯᠳᠤᠬᠤ ᠪᠣᠳᠣᠯᠭ᠎ᠠ᠎ᠶᠢᠨ ᠠᠵᠠ ᠲᠣᠬᠢᠶᠠᠯ᠎ᠢ ᠠᠮᠵᠢᠵᠤ᠂ ᠰᠦᠯᠵᠢᠶᠡᠨ᠎ᠦ ᠬᠦᠴᠦᠷᠬᠡᠭ ᠤᠯᠤᠰ᠂ ᠲᠣᠭᠠᠴᠢᠯᠠᠭᠰᠠᠨ ᠳᠤᠮᠳᠠᠳᠤ ᠤᠯᠤᠰ᠎ᠤᠨ ᠪᠥᠲᠥᠭᠡᠨ ᠪᠠᠶ᠋ᠢᠭᠤᠯᠤᠯᠲᠠ᠎ᠳᠤ ᠬᠦᠴᠦᠨ ᠨᠡᠮᠡᠷᠢᠯᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠪᠥᠲᠥᠭᠡᠨ ᠪᠠᠶ᠋ᠢᠭᠤᠯᠤᠯᠲᠠ᠎ᠶᠢᠨ ᠠᠤᠭ᠎ᠠ ᠠᠶᠠᠨ᠎ᠳᠤ ᠥᠪᠥᠷ ᠮᠣᠩᠭᠣᠯ᠎ᠤᠨ ᠬᠦᠴᠦᠨ ᠴᠢᠳᠠᠯ᠎ᠢᠶᠠᠨ ᠴᠢᠷᠮᠠᠶ᠋ᠢᠨ ᠡᠷᠭᠦᠨ᠎ᠡ᠃
(ᠬᠡᠷᠡᠯ ᠵᠢᠷᠤᠭ ᠢ᠋ ᠤᠯᠠᠭᠠᠨᠴᠠᠪ ᠬᠤᠳᠠ ᠵᠢᠨ ᠲᠤᠮᠤ ᠳ᠋ᠠᠢᠲ᠋ᠠ ᠵᠢᠨ ᠬᠠᠮᠢᠶᠠᠷᠤᠯᠳᠠ ᠵᠢᠨ ᠲᠤᠪᠴᠢᠶ᠎ᠠ ᠬᠠᠩᠭᠠᠪᠠ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃