ᠲᠡᠷᠢᠭᠦᠨ ᠨᠢᠭᠤᠷ>ᠴᠠᠭ ᠲᠦᠷᠦ> ᠬᠠᠤᠯᠢ ᠳᠦᠷᠢᠮ

2026-06-29 10:06:41

ᠵᠣᠬᠢᠶᠠᠭ᠍ᠴᠢ᠄ ᠰᠢᠨᠡᠪᠢᠯᠢᠭ ᠣᠩᠱᠢᠭ᠍ᠰᠠᠨ ᠣᠳᠠᠭ᠎ᠠ᠄ 3

ᠪᠣᠳᠠᠲᠤ ᠪᠠᠢᠯᠳᠤᠭᠠᠨ᠎ᠤ ᠰᠤᠷᠭᠠᠭᠤᠯᠢᠯᠠᠯ ᠬᠢᠬᠦ᠂ ᠭᠣᠣᠯᠯᠠᠬᠤ ᠳᠠᠶ᠋ᠢᠴᠢᠨ ᠬᠦᠴᠦᠨ᠎ᠢ ᠳᠡᠭᠡᠭᠰᠢᠯᠡᠭᠦᠯᠬᠦ ᠲᠤᠬᠠᠢ ᠳᠣᠲᠣᠭᠠᠳᠤ᠎ᠶᠢ ᠬᠠᠮᠠᠭᠠᠯᠠᠬᠤ ᠶᠠᠮᠤᠨ᠎ᠤ ᠠᠵᠢᠯ᠎ᠤᠨ ᠪᠠᠢᠷᠢᠯᠠᠭᠤᠯᠤᠯᠲᠠ᠎ᠶᠢᠨ ᠱᠠᠭᠠᠷᠳᠠᠯᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠪᠦᠬᠦ ᠤᠷᠤᠨ᠎ᠦ ᠳᠣᠲᠣᠭᠠᠳᠤ᠎ᠶᠢ ᠬᠠᠮᠠᠭᠠᠯᠠᠬᠤ ᠰᠢᠰᠲᠸᠮ᠎ᠦᠨ ᠡᠷᠡᠭᠦᠦ᠎ᠶᠢᠨ ᠬᠡᠷᠡᠭ᠎ᠦᠨ ᠮᠡᠷᠭᠡᠵᠢᠯ᠎ᠦᠨ ᠡᠩᠨᠡᠭᠡ᠎ᠶᠢᠨ ᠲᠤᠰᠬᠠᠢ ᠮᠡᠷᠭᠡᠵᠢᠯ᠎ᠦᠨ ᠬᠡᠪ ᠪᠣᠯᠪᠠᠰᠤᠷᠠᠯ ᠪᠠ ᠪᠣᠳᠠᠲᠤ ᠪᠠᠢᠯᠳᠤᠭᠠᠨ᠎ᠤ ᠴᠢᠳᠠᠪᠤᠷᠢ᠎ᠶᠢ ᠪᠥᠬᠥ ᠲᠠᠯ᠎ᠠ᠎ᠪᠠᠷ ᠴᠢᠩᠭᠠᠳᠬᠠᠬᠤ ᠵᠢᠨ ᠲᠤᠯᠠᠳᠠ ᠤᠢᠷ᠎ᠠ ᠵᠢᠨ ᠡᠳᠦᠷ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶᠢ ᠬᠠᠮᠠᠭᠠᠯᠠᠬᠤ ᠲᠢᠩᠬᠢᠮ ᠬᠥᠬᠡᠬᠣᠲᠠ᠎ᠳᠤ 2026 ᠣᠨ᠎ᠤ ᠪᠦᠬᠦ ᠣᠷᠣᠨ᠎ᠤ ᠳᠣᠲᠣᠭᠠᠳᠤ᠎ᠶᠢ ᠬᠠᠮᠠᠭᠠᠯᠠᠬᠤ ᠰᠢᠰᠲᠸᠮ᠎ᠦᠨ ᠴᠠᠭᠳᠠᠭᠠᠨ᠎ᠤ ᠶᠠᠪᠤᠳᠠᠯ᠎ᠤᠨ ᠮᠡᠷᠭᠡᠵᠢᠯ ᠴᠢᠳᠠᠪᠤᠷᠢ᠎ᠶᠢᠨ ᠤᠷᠤᠯᠳᠤᠭᠠᠨ ᠵᠢᠴᠢ ᠵᠢᠷᠭᠤᠳᠤᠭᠠᠷ ᠬᠤᠭᠤᠴᠠᠭᠠᠨ᠎ᠤ ᠦᠪᠦᠷ ᠮᠤᠩᠭᠤᠯ ᠤ᠋ᠨ ᠡᠷᠡᠭᠦᠦ᠎ᠶᠢᠨ ᠬᠡᠷᠡᠭ᠎ᠦᠨ ᠮᠡᠷᠭᠡᠵᠢᠯ ᠴᠢᠳᠠᠪᠤᠷᠢ᠎ᠶᠢᠨ ᠤᠷᠤᠯᠳᠤᠭᠠᠨ᠎ᠢ ᠡᠷᠬᠢᠯᠡᠨ ᠶᠠᠪᠤᠬᠳᠠᠭᠤᠯᠪᠠ᠃

ᠲᠣᠰ ᠬᠤᠭᠤᠴᠠᠭᠠᠨ᠎ᠤ ᠤᠷᠤᠯᠳᠤᠭᠠᠨ ᠨᠢ ᠲᠠᠩᠨᠠᠨ ᠪᠠᠢᠴᠠᠭᠠᠵᠤ ᠭᠡᠷᠡᠴᠢ ᠵᠢ ᠭᠠᠷᠭᠠᠨ ᠠᠪᠬᠤ᠂ ᠰᠢᠯᠭᠠᠨ ᠪᠠᠢᠴᠠᠭᠠᠵᠤ ᠬᠢᠨᠠᠨ ᠲᠣᠭᠲᠠᠭᠠᠬᠤ᠂ ᠡᠬᠢ ᠰᠤᠷᠪᠤᠯᠵᠢ᠎ᠶᠢ ᠨᠢ ᠮᠥᠷᠳᠡᠬᠦ ᠵᠡᠷᠭᠡ ᠡᠷᠡᠭᠦᠦ᠎ᠶᠢᠨ ᠬᠡᠷᠡᠭ᠎ᠦᠨ ᠮᠡᠷᠭᠡᠵᠢᠯ᠎ᠦᠨ ᠴᠢᠳᠠᠪᠤᠷᠢ᠎ᠵᠢ ᠪᠦᠬᠦ ᠲᠠᠯ᠎ᠠ ᠪᠡᠷ ᠰᠢᠯᠭᠠᠨ ᠬᠢᠨᠠᠵᠠᠢ᠃ ᠦᠪᠦᠷ ᠮᠤᠩᠭᠤᠯ ᠤ᠋ᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠶᠢᠨ 13 ᠲᠥᠯᠥᠭᠡᠯᠡᠭᠴᠢᠳ᠎ᠦᠨ ᠠᠩᠭᠢ᠂ 117 ᠣᠷᠣᠯᠴᠠᠭ᠍ᠴᠢ ᠣᠷᠭᠢᠯᠤᠮ᠎ᠠ ᠬᠠᠯᠠᠭᠤᠨ ᠰᠡᠳᠬᠢᠯᠭᠡ᠂ ᠡᠷᠡᠰ ᠪᠠᠳᠤ ᠲᠡᠮᠡᠴᠡᠯ᠎ᠦᠨ ᠵᠣᠷᠢᠭ᠋᠎ᠢᠶᠠᠷ ᠤᠷᠤᠯᠳᠤᠭᠠᠨ᠎ᠳᠤ ᠣᠷᠣᠯᠴᠠᠵᠤ᠂ ᠡᠯ᠎ᠡ ᠵᠦᠢᠯ᠎ᠦᠨ ᠤᠷᠤᠯᠳᠤᠭᠠᠨ᠎ᠤ ᠲᠥᠷᠥᠯ ᠵᠦᠢᠯ᠎ᠢ ᠠᠮᠵᠢᠯᠲᠠ᠎ᠲᠠᠢ ᠪᠡᠶᠡᠯᠡᠭᠦᠯᠪᠡ᠃

ᠤᠷᠤᠯᠳᠤᠭᠠᠨ᠎ᠤ ᠬᠢᠴᠢᠶᠡᠯ ᠲᠥᠷᠥᠯ ᠨᠢ ᠡᠷᠡᠭᠦᠦ᠎ᠶᠢᠨ ᠬᠡᠷᠡᠭ᠎ᠦᠨ ᠮᠡᠷᠭᠡᠵᠢᠯ᠎ᠦᠨ ᠰᠠᠭᠤᠷᠢ ᠣᠨᠣᠯ᠎ᠤᠨ ᠬᠢᠷᠢ ᠬᠡᠮᠵᠢᠶ᠎ᠡ ᠪᠠ ᠲᠤᠰᠬᠠᠢ ᠮᠡᠷᠭᠡᠵᠢᠯ᠎ᠦᠨ ᠪᠣᠳᠠᠲᠤ ᠠᠵᠢᠯᠯᠠᠭᠠᠨ᠎ᠤ ᠴᠢᠳᠠᠪᠤᠷᠢ᠎ᠶᠢ ᠭᠣᠣᠯᠳᠠᠯᠭ᠎ᠠ᠎ᠲᠠᠢ ᠰᠢᠯᠭᠠᠨ ᠬᠢᠨᠠᠵᠤ᠂ ᠣᠢᠷ᠎ᠠ᠎ᠶᠢᠨ ᠵᠢᠯ᠎ᠳᠦ ᠮᠠᠨ᠎ᠤ ᠣᠷᠣᠨ᠎ᠤ ᠡᠷᠬᠢᠯᠡᠨ ᠶᠠᠪᠤᠬᠳᠠᠭᠤᠯᠤᠬᠰᠠᠨ ᠡᠷᠡᠭᠦᠦ᠎ᠶᠢᠨ ᠬᠡᠷᠡᠭ᠎ᠦᠨ ᠲᠠᠩᠨᠠᠨ ᠪᠠᠢᠴᠠᠭᠠᠬᠤ ᠬᠦᠷᠢᠶ᠎ᠡ ᠬᠡᠪᠴᠢᠶ᠎ᠡ᠎ᠪᠡᠷ ᠬᠠᠮᠤᠭ᠎ᠤᠨ ᠶᠡᠬᠡ᠂ ᠲᠤᠰᠬᠠᠢ ᠮᠡᠷᠭᠡᠵᠢᠯ᠎ᠢᠶᠡᠷ ᠬᠠᠮᠤᠭ᠎ᠤᠨ ᠪᠦᠷᠢᠨ ᠨᠢᠭᠡ ᠤᠳᠠᠭᠠᠨ᠎ᠤ ᠴᠠᠭᠳᠠᠭᠠᠨ᠎ᠤ ᠶᠠᠪᠤᠳᠠᠯ᠎ᠤᠨ ᠤᠷᠤᠯᠳᠤᠭᠠᠨ ᠪᠤᠯᠵᠠᠢ᠃ ᠬᠠᠤᠯᠢ᠎ᠶᠢᠨ ᠡᠮᠴᠢ᠂ DNA ᠮᠡᠷᠭᠡᠵᠢᠯ᠂ ᠤᠯᠠ ᠮᠥᠷ᠂ ᠹᠢᠽᠢᠺ ᠬᠢᠮᠢ᠂ ᠳᠦᠷᠰᠦ ᠰᠢᠩᠭᠡᠭᠡᠯᠲᠡ᠂ ᠲᠠᠭᠤ᠂ ᠡᠯᠧᠺᠲᠷᠣᠨ ᠪᠣᠳᠠᠰ᠎ᠤᠨ ᠭᠡᠷᠡᠴᠢ᠂ ᠰᠣᠶᠣᠯ ᠎ᠤᠨ ᠪᠠᠢᠴᠠᠭᠠᠯᠲᠠ ᠵᠡᠷᠭᠡ 8 ᠲᠤᠰᠬᠠᠢ ᠮᠡᠷᠭᠡᠵᠢᠯ᠎ᠦᠨ ᠬᠦᠷᠢᠶᠡᠨ᠎ᠦ ᠤᠷᠤᠯᠴᠠᠬᠰᠠᠳ ᠨᠢᠭᠡ ᠲᠠᠢᠰᠠᠨ᠎ᠠ ᠤᠷᠤᠯᠳᠤᠵᠤ᠂ ᠤᠷᠤᠯᠳᠤᠭᠠᠨ᠎ᠳᠤ ᠤᠷᠤᠯᠴᠠᠬᠰᠠᠳ ᠤ᠋ᠨ ᠲᠤᠰᠬᠠᠢ ᠮᠡᠷᠭᠡᠵᠢᠯ᠎ᠦᠨ ᠰᠠᠭᠤᠷᠢ ᠣᠨᠣᠯ᠎ᠤᠨ ᠬᠢᠷᠢ ᠲᠦᠪᠰᠢᠨ ᠪᠠ ᠬᠦᠴᠢᠷ ᠲᠦᠪᠡᠭ ᠲᠠᠢ ᠪᠠᠢᠳᠠᠯ ᠲᠤᠤᠷᠠᠬᠢ ᠰᠢᠯᠭᠠᠨ ᠪᠠᠢᠴᠠᠭᠠᠵᠤ ᠵᠠᠳᠠᠯᠬᠤ ᠴᠢᠳᠠᠪᠤᠷᠢ᠎ᠶᠢ ᠭᠦᠢᠴᠡᠳ ᠬᠢᠨᠠᠨ ᠰᠢᠯᠭᠠᠵᠠᠢ᠃ ᠬᠤᠷᠴᠠ ᠰᠢᠷᠦᠭᠦᠨ ᠥᠷᠢᠰᠦᠯᠳᠦᠭᠡᠨ᠎ᠢᠶᠡᠷ ᠲᠠᠮᠵᠢᠨ ᠬᠥᠯᠥᠨ ᠪᠣᠶ᠋ᠢᠷ ᠬᠣᠲᠠ᠎ᠶᠢᠨ ᠲᠥᠯᠥᠭᠡᠯᠡᠭᠴᠢᠳ᠎ᠦᠨ ᠠᠩᠭᠢ ᠨᠢ ᠪᠦᠯᠬᠦᠮ᠎ᠦᠨ ᠨᠢᠭᠡᠳᠦᠭᠡᠷ ᠳᠡᠰ᠎ᠤᠨ ᠱᠠᠩᠨᠠᠯ ᠭᠥᠷᠳᠡᠵᠦ᠂ ᠱᠢ ᠭᠦᠸᠧ ᠴᠢᠶᠠᠩ᠂ ᠯᠢᠦ ᠴᠦᠨ ᠰᠢᠦᠢ᠂ ᠬᠤᠤ ᠢᠦᠢ ᠵᠡᠷᠬᠡ 8 ᠬᠦᠮᠦᠨ ᠲᠤᠰᠪᠤᠷᠢ ᠲᠤᠰᠬᠠᠢ ᠮᠡᠷᠭᠡᠵᠢᠯ᠎ᠦᠨ ᠬᠤᠪᠢ ᠬᠥᠮᠥᠨ᠎ᠦ ᠤᠷᠤᠯᠳᠤᠭᠠᠨ᠎ᠤ ᠨᠢᠭᠡᠳᠦᠭᠡᠷ ᠨᠡᠷᠡᠰ ᠲᠦ᠍ ᠲᠤᠳᠤᠷᠠᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面