ᠲᠡᠷᠢᠭᠦᠨ ᠨᠢᠭᠤᠷ>ᠴᠠᠭ ᠲᠦᠷᠦ> ᠬᠠᠤᠯᠢ ᠳᠦᠷᠢᠮ

2026-07-13 09:52:25

ᠵᠣᠬᠢᠶᠠᠭ᠍ᠴᠢ᠄ ᠰᠢᠨᠡᠪᠢᠯᠢᠭ ᠣᠩᠱᠢᠭ᠍ᠰᠠᠨ ᠣᠳᠠᠭ᠎ᠠ᠄ 3

ᠣᠶ᠋ᠢᠷ᠎ᠠ᠎ᠳᠤ᠂ ᠲᠦᠪ᠎ᠤᠨ ᠷᠠᠳᠢᠤ᠋ ᠲᠸᠯᠸᠢᠰ᠎ᠤᠨ ᠶᠡᠷᠦᠩᠬᠡᠢ ᠬᠤᠷᠢᠶ᠎ᠠ ᠵᠢᠨ ᠸᠢᠳᠢᠤ᠋ ᠲᠠᠪᠴᠠᠩ ᠭᠢᠭᠡᠳ 《ᠦᠨᠦᠳᠦᠷ ᠬᠠᠤᠯᠢ ᠵᠢ ᠶᠠᠷᠢᠬᠤᠢ》 ᠪᠤᠯᠤᠩ ᠎ᠤᠨ ᠬᠠᠮᠲᠤᠷᠠᠨ ᠥᠷᠨᠢᠭᠦᠯᠦᠭᠰᠡᠨ 2025 ᠣᠨ᠎ᠤ 《ᠬᠠᠤᠯᠢ ᠴᠠᠭᠠᠵᠠ ᠎ᠶᠢᠨ ᠬᠠᠮ ᠵᠠᠭᠤᠴᠢᠯᠠᠭᠤᠷ᠎ᠤᠨ ᠨᠥᠯᠥᠭᠡᠯᠡᠬᠦ᠌ ᠬᠦᠴᠦᠨ ᠲᠠᠢ ᠪᠦᠲᠦᠭᠡᠯ ᠎ᠢ ᠳᠡᠯᠭᠡᠨ ᠦᠵᠡᠭᠦᠯᠵᠦ᠍ ᠨᠡᠪᠲᠡᠷᠡᠭᠦᠯᠬᠦ᠌ ᠠᠵᠢᠯᠯᠠᠭ᠎ᠠ》 ᠵᠢᠨ ᠱᠠᠩᠨᠠᠯ ᠭᠥᠷᠳᠡᠭᠰᠡᠨ ᠪᠦᠳᠦᠬᠡᠯ ᠲᠤᠳᠤᠷᠠᠵᠠᠢ᠃ ᠲᠤᠰ ᠠᠵᠢᠯᠯᠠᠭ᠎ᠠ ᠨᠢ ᠮᠡᠳᠡᠭᠦᠯᠦᠨ ᠳᠡᠪᠰᠢᠬᠦᠯᠦᠭᠰᠡᠨ 143 ᠪᠦᠲᠦᠭᠡᠯ᠎ᠡᠴᠡ 40 ᠬᠤᠪᠢ ᠵᠢ ᠰᠣᠩᠭᠣᠨ ᠭᠠᠷᠭᠠᠵᠦ ᠣᠨ᠎ᠤ ᠬᠠᠤᠯᠢ ᠴᠠᠭᠠᠵᠠ᠎ᠶᠢᠨ ᠬᠠᠮ ᠵᠠᠭᠤᠴᠢᠯᠠᠭᠤᠷ ᠎ᠤᠨ ᠨᠥᠯᠥᠭᠡᠯᠡᠬᠦ᠌ ᠬᠦᠴᠦᠨ ᠲᠠᠢ ᠪᠦᠲᠦᠭᠡᠯ᠎ᠵᠢᠡᠷ ᠰᠢᠯᠭᠠᠷᠠᠭᠤᠯᠪᠠ᠃ ᠡᠭᠦᠨ᠎ᠳᠦ ᠥᠪᠥᠷ ᠮᠣᠩᠭᠣᠯ᠎ᠤᠨ ᠪᠠᠶ᠋ᠢᠴᠠᠭᠠᠬᠤ ᠪᠠᠶ᠋ᠢᠭᠤᠯᠭ᠎ᠠ᠎ᠶᠢᠨ 6 ᠪᠦᠲᠦᠭᠡᠯ᠎ᠰᠤᠩᠭᠤᠬᠳᠠᠪᠠ᠃

ᠡᠳᠡᠬᠡᠷ ᠪᠦᠳᠦᠭᠡᠯ᠎ᠳᠦ᠂ ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠤ ᠲᠦᠩᠯᠢᠶᠣᠤ ᠬᠣᠲᠠ᠎ᠶᠢᠨ ᠠᠷᠠᠳ᠎ᠤᠨ ᠪᠠᠶ᠋ᠢᠴᠠᠭᠠᠬᠤ ᠬᠣᠷᠢᠶ᠎ᠠ ᠵᠢᠨ 《ᠦᠨ᠎ᠡ ᠲᠥᠯᠥᠪᠦᠷᠢ ᠥᠬᠡᠶ ᠲᠠᠬᠢᠶᠠᠨ ᠥᠨᠳᠡᠭᠡ + ᠡᠷᠡᠭᠦᠯ ᠮᠡᠨᠳᠦ᠎ᠶᠢᠨ ᠰᠤᠪᠢᠯᠠᠯᠲᠠ? ᠡᠨᠡ ᠬᠦ᠌ ᠠᠷᠭ᠎ᠠ ᠪᠠᠰᠢᠷ ᠨᠢ ᠨᠠᠰᠤᠳᠠᠢᠴᠤᠳ᠎ᠤᠨ ᠵᠤᠭᠤᠰ ᠮᠦᠩᠬᠦ ᠵᠢ ᠮᠡᠬᠡᠯᠡᠬᠦ ᠬᠡᠵᠦ ᠪᠠᠢᠨ᠎ᠠ》᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ ᠲᠦᠩᠯᠢᠶᠣᠤ ᠬᠣᠲᠠ᠎ᠶᠢᠨ ᠬᠣᠷᠴᠢᠨ ᠲᠣᠭᠣᠷᠢᠭ᠎ᠤᠨ ᠠᠷᠠᠳ᠎ᠤᠨ ᠪᠠᠶ᠋ᠢᠴᠠᠭᠠᠬᠤ ᠬᠣᠷᠢᠶ᠎ᠠ ᠵᠢᠨ 《ᠨᠣᠬᠠᠢ᠎ᠡᠴᠡ ᠪᠤᠯᠤᠬᠰᠠᠨ ᠬᠡᠷᠡᠭ ᠡᠵᠡᠨ᠎ᠲᠡᠶ ᠨᠢ ᠬᠠᠮᠢᠶ᠎ᠠ ᠦᠭᠡᠢ᠎ᠦᠦ? ᠬᠠᠤᠯᠢ ᠴᠠᠭᠠᠵᠠ ᠵᠢᠨ ᠬᠠᠷᠠᠭᠠᠰᠦ ᠡᠴᠡ ᠦᠵᠡᠪᠡᠯ ᠶᠠᠮᠠᠷ ᠪᠤᠯ?》᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠤᠨ ᠬᠣᠰᠢᠭᠤᠨ᠎ᠤ ᠠᠷᠠᠳ᠎ᠤᠨ ᠪᠠᠶ᠋ᠢᠴᠠᠭᠠᠬᠤ ᠬᠣᠷᠢᠶ᠎ᠠ ᠵᠢᠨ 《ᠰᠢᠨ᠎ᠡ ᠲᠣᠭᠲᠠᠭᠠᠯ᠎ᠨᠡᠢᠳᠡᠯᠡᠭᠳᠡᠯ᠎ᠡ !ᠡᠨᠡ ᠬᠣᠶᠠᠷ ᠶᠡᠬᠡ ᠬᠤᠪᠢᠷᠠᠯᠲᠠ᠎ᠵᠢᠨ ᠲᠤᠬᠠᠢ ᠪᠠᠢᠴᠠᠭᠠᠬᠤ ᠲᠤᠰᠢᠶᠠᠯᠲᠠᠨ ᠭᠣᠣᠯᠳᠠᠯᠭ᠎ᠠ᠎ᠵᠢ ᠲᠤᠬᠳᠠᠭᠠᠵᠤ ᠦᠭᠬᠦᠯ᠎ᠡ》᠂ ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠤ ᠪᠠᠶᠠᠨᠨᠠᠭᠤᠷ ᠬᠣᠲᠠ᠎ᠶᠢᠨ ᠠᠷᠠᠳ᠎ᠤᠨ ᠪᠠᠶ᠋ᠢᠴᠠᠭᠠᠬᠤ ᠬᠣᠷᠢᠶ᠎ᠠ ᠵᠢᠨ《ᠨᠢᠬᠡᠯᠬᠡᠨ ᠭᠠᠷᠠᠬ ᠲᠦ᠍ ᠤᠯᠠᠨ ᠬᠦᠮᠦᠨ ᠮᠡᠬᠡᠯᠡᠭᠳᠡᠵᠡᠢ! ᠬᠤᠳᠠᠯ ᠬᠠᠭᠤᠷᠮᠠᠭ ᠡᠷᠡᠭᠦᠯᠵᠢᠯ᠎ᠦᠨ ᠲᠥᠷᠥᠯ ᠵᠦᠢᠯ ᠨᠠᠰᠤᠲᠠᠨ᠎ᠢ ᠠᠯᠬᠤᠮ ᠠᠯᠬᠤᠮ᠎ᠢᠶᠠᠷ ᠤᠷᠠᠬᠠᠨ᠎ᠳ᠋ᠠᠭᠠᠨ ᠣᠷᠣᠭᠤᠯᠤᠨ᠎ᠠ》᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠤᠬ᠎ᠠ ᠵᠢᠨ ᠵᠣ ᠵᠢᠨ ᠭᠠᠵᠠᠷ ᠤᠷᠤᠨ ᠤ᠋ ᠠᠷᠠᠳ ᠤ᠋ᠨ ᠪᠠᠢᠴᠠᠭᠠᠬᠤ ᠬᠤᠷᠢᠶ᠎ᠠ ᠵᠢᠨ 《ᠤᠯᠤᠰ᠎ᠤᠨ ᠠᠮᠤᠷ ᠲᠦᠪᠰᠢᠨ᠎ᠳᠦ ᠬᠣᠣᠷ ᠬᠥᠨᠥᠭᠡᠯ ᠤᠴᠠᠷᠠᠭᠤᠯᠬᠤ ᠶᠠᠭᠤᠮ᠎ᠠ ᠲᠠᠢ ᠪᠢᠳᠡᠬᠡᠢ ᠬᠠᠯᠳᠠᠭᠠᠷᠠᠢ》᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠎ᠶᠢᠨ ᠰᠠᠶ᠋ᠢᠬᠠᠨ ᠲᠣᠭᠣᠷᠢᠭ᠎ᠤᠨ ᠠᠷᠠᠳ᠎ᠤᠨ ᠪᠠᠶ᠋ᠢᠴᠠᠭᠠᠬᠤ ᠬᠣᠷᠢᠶ᠎ᠠ ᠵᠢᠨ 《ᠨᠢᠭᠡ ᠦᠷᠦᠬᠡ᠎ᠵᠢ ᠤᠯᠠᠨ ᠲᠠᠰᠤᠯᠭ᠎ᠠ ᠪᠤᠯᠭᠠᠨ ᠲᠠᠰᠤᠯᠤᠭᠠᠳ ᠲᠦᠷᠢᠶᠡᠰᠦᠯᠡᠭᠦᠯᠵᠡᠢ᠂ ᠡᠨᠡ ᠨᠢ 〈ᠣᠷᠣᠨ ᠰᠠᠭᠤᠴᠠ ᠵᠢᠨ ᠲᠦᠷᠢᠶᠡᠰᠦᠯᠡᠬᠦ᠌ ᠳᠦᠷᠢᠮ〉 ᠎ᠢ᠋ ᠵᠦᠷᠢᠴᠡᠵᠡᠢ》 ᠵᠡᠷᠬᠡ ᠪᠤᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面