ᠲᠡᠷᠢᠭᠦᠨ ᠨᠢᠭᠤᠷ>ᠴᠠᠭ ᠲᠦᠷᠦ> ᠬᠠᠤᠯᠢ ᠳᠦᠷᠢᠮ

2026-07-27 09:39:41

ᠵᠣᠬᠢᠶᠠᠭ᠍ᠴᠢ᠄ ᠰᠢᠨᠡᠪᠢᠯᠢᠭ ᠣᠩᠱᠢᠭ᠍ᠰᠠᠨ ᠣᠳᠠᠭ᠎ᠠ᠄ 3

ᠤᠢᠷ᠎ᠠ ᠳ᠋ᠸ᠋ ᠠᠷᠠᠳ ᠤ᠋ᠨ ᠲᠡᠭᠡᠳᠦ ᠪᠠᠢᠴᠠᠭᠠᠬᠤ ᠬᠤᠷᠢᠶ᠎ᠠ ᠡᠴᠨ 2025 ᠤᠨ ᠤ᠋ ᠪᠦᠬᠦ ᠵᠢᠯ ᠤ᠋ᠨ ᠪᠦᠬᠦ ᠤᠯᠤᠰ ᠤ᠋ᠨ ᠪᠠᠢᠴᠠᠭᠠᠬᠤ ᠪᠠᠢᠭᠤᠯᠭ᠎ᠠ ᠵᠢᠨ ᠰᠢᠯᠢᠳᠡᠭ ᠨᠡᠢᠬᠡᠮ ᠤ᠋ᠨ ᠵᠠᠰᠠᠯᠳᠠ ᠵᠢᠨ ᠪᠠᠢᠴᠠᠭᠠᠬᠤ ᠰᠠᠨᠠᠭᠤᠯᠭ᠎ᠠ ᠵᠢ ᠦᠨᠡᠯᠡᠨ ᠰᠢᠯᠭᠠᠷᠠᠭᠤᠯᠬᠤ ᠠᠵᠢᠯᠯᠠᠭ᠎ᠠ ᠵᠢᠨ ᠦᠷ᠎ᠡ ᠳ᠋ᠦ᠋ᠩ᠎ᠢ ᠨᠡᠢᠳᠡᠯᠡᠵᠡᠢ᠃ ᠲᠦᠮᠡᠳ ᠵᠡᠬᠦᠨ ᠬᠤᠰᠢᠭᠤᠨ ᠤ᠋ ᠠᠷᠠᠳ ᠤ᠋ᠨ ᠪᠠᠢᠴᠠᠭᠠᠬᠤ ᠬᠤᠷᠢᠶ᠎ᠠ ᠵᠢᠨ ᠬᠦᠳᠡᠬᠡ ᠲᠤᠰᠬᠤᠨ ᠤ᠋ ᠭᠠᠵᠠᠷ ᠰᠢᠷᠤᠢ ᠵᠢᠨ ᠵᠠᠭᠤᠷᠠᠯᠳᠤᠭᠠᠨ ᠤ᠋ ᠵᠠᠰᠠᠯᠳᠠ ᠵᠢᠨ ᠠᠰᠠᠭᠤᠳᠠᠯ ᠤ᠋ᠨ ᠲᠤᠬᠠᠢ ᠪᠠᠢᠴᠠᠭᠠᠬᠤ ᠰᠠᠨᠠᠭᠤᠯᠭ᠎ᠠ ᠨᠢ ᠪᠦᠬᠦ ᠤᠯᠤᠰ ᠤ᠋ᠨ ᠰᠢᠯᠢᠳᠡᠭ ᠪᠠᠢᠴᠠᠭᠠᠬᠤ ᠰᠠᠨᠠᠭᠤᠯᠭ᠎ᠠ ᠪᠡᠷ ᠰᠢᠯᠭᠠᠷᠠᠭᠤᠯᠤᠬᠳᠠᠵᠠᠢ᠃

ᠤᠢᠷ᠎ᠠ ᠵᠢᠨ ᠵᠢᠯ ᠡᠴᠨ ᠨᠠᠭᠠᠰᠢ᠂ ᠦᠪᠦᠷ ᠮᠤᠩᠭᠤᠯ ᠤ᠋ᠨ ᠪᠠᠢᠴᠠᠭᠠᠬᠤ ᠪᠠᠢᠭᠤᠯᠭ᠎ᠠ ᠨᠢ ᠤᠬᠠᠮᠰᠠᠷ ᠡᠴᠨ ᠪᠡᠨ ᠪᠠᠢᠴᠠᠭᠠᠬᠤ ᠠᠵᠢᠯ ᠤ᠋ᠨ ᠲᠤᠰᠢᠶᠠᠯ ᠵᠢᠡᠨ ᠬᠦᠢᠴᠡᠳᠬᠡᠬᠦ ᠶᠠᠪᠤᠳᠠᠯ ᠎ᠢ ᠨᠡᠢᠬᠡᠮ ᠤ᠋ᠨ ᠵᠠᠰᠠᠯᠳᠠ ᠵᠢᠨ ᠶᠡᠬᠡ ᠲᠠᠯ᠎ᠠ ᠳ᠋ᠸ᠋ ᠠᠭᠤᠰᠬᠠᠨ ᠤᠷᠤᠭᠤᠯᠵᠤ᠂ ᠬᠠᠤᠯᠢ ᠴᠠᠭᠠᠵᠠ ᠵᠢᠨ ᠬᠡᠷᠡᠭ ᠰᠢᠢᠳᠪᠦᠷᠢᠯᠡᠬᠦ ᠪᠤᠳᠠᠳᠠᠢ ᠲᠠᠢ ᠨᠢᠬᠳᠠ ᠤᠶᠠᠯᠳᠤᠭᠤᠯᠤᠨ᠂ ᠨᠠᠮ ᠤ᠋ᠨ ᠬᠤᠷᠢᠶ᠎ᠠ ᠵᠠᠰᠠᠬ ᠤ᠋ᠨ ᠤᠷᠳᠤᠨ ᠤ᠋ ᠠᠩᠬᠠᠷᠴᠤ ᠪᠠᠢᠭ᠎ᠠ ᠭᠤᠤᠯᠳᠠᠯᠭ᠎ᠠ ᠲᠠᠢ ᠠᠰᠠᠭᠤᠳᠠᠯ᠂ ᠨᠡᠢᠬᠡᠮ ᠤ᠋ᠨ ᠵᠠᠰᠠᠯᠳᠠ ᠵᠢᠨ ᠬᠦᠴᠢᠷᠳᠡᠯ ᠴᠡᠭ ᠪᠠ ᠠᠷᠠᠳ ᠤᠯᠠᠨ ᠤ᠋ ᠬᠦᠰᠡᠯ ᠡᠷᠡᠮᠡᠯᠵᠡᠯ ᠲᠠᠢ ᠨᠢᠬᠳᠠ ᠤᠶᠠᠯᠳᠤᠨ᠂ ᠤᠨᠢᠨ ᠲᠡᠭᠡᠷ᠎ᠡ ᠨᠢ ᠬᠦᠴᠦᠯᠡᠵᠦ᠂ ᠪᠤᠳᠠᠳᠠᠢ ᠠᠷᠭ᠎ᠠ ᠬᠡᠮᠵᠢᠶ᠎ᠡ ᠠᠪᠴᠤ᠂ ᠪᠠᠭ᠎ᠠ ᠪᠠᠢᠴᠠᠭᠠᠬᠤ ᠰᠠᠨᠠᠭᠤᠯᠭ᠎ᠠ ᠪᠡᠷ ᠨᠡᠢᠬᠡᠮ ᠤ᠋ᠨ ᠵᠠᠰᠠᠯᠳᠠ ᠵᠢᠨ ᠲᠤᠮᠤ ᠠᠰᠠᠭᠤᠳᠠᠯ᠎ᠢ ᠰᠢᠢᠳᠪᠦᠷᠢᠯᠡᠬᠦ ᠵᠢ ᠠᠬᠢᠭᠤᠯᠪᠠ᠃ 2023 ᠤᠨ ᠡᠴᠨ ᠨᠠᠭᠠᠰᠢ᠂ ᠨᠡᠢᠳᠡ 3246 ᠬᠤᠪᠢ ᠨᠡᠢᠬᠡᠮ ᠤ᠋ᠨ ᠵᠠᠰᠠᠯᠳᠠ ᠵᠢᠨ ᠪᠠᠢᠴᠠᠭᠠᠬᠤ ᠰᠠᠨᠠᠭᠤᠯᠭ᠎ᠠ ᠭᠠᠷᠭᠠᠵᠦ᠂ ᠪᠦᠷᠬᠦᠬᠦ ᠬᠦᠷᠢᠶ᠎ᠡ ᠬᠡᠪᠴᠢᠶ᠎ᠡ ᠨᠢ ᠦᠷᠬᠡᠵᠢᠨ᠂ ᠬᠢᠨᠠᠯᠳᠠ ᠲᠠᠯᠪᠢᠬᠤ ᠦᠷ᠎ᠡ ᠪᠦᠳᠦᠮᠵᠢ ᠨᠢ ᠦᠷᠬᠦᠯᠵᠢᠯᠡᠨ ᠲᠡᠭᠡᠭᠰᠢᠯᠡᠵᠡᠢ᠃ ᠡᠬᠦᠨ ᠡᠴᠨ ᠭᠠᠳᠠᠨ᠎ᠠ᠂ ᠦᠪᠡᠷᠳᠡᠬᠡᠨ ᠵᠠᠰᠠᠬᠤ ᠤᠷᠤᠨ ᠤ᠋ ᠠᠷᠠᠳ ᠤ᠋ᠨ ᠪᠠᠢᠴᠠᠭᠠᠬᠤ ᠬᠤᠷᠢᠶ᠎ᠠ ᠨᠢ ᠨᠢᠬᠡᠨᠳᠡ ᠬᠤᠶᠠᠷ ᠵᠢᠯ ᠲᠠᠷᠠᠭᠠᠯᠠᠨ ᠰᠢᠯᠢᠳᠡᠭ ᠨᠡᠢᠬᠡᠮ ᠤ᠋ᠨ ᠵᠠᠰᠠᠯᠳᠠ ᠵᠢᠨ ᠪᠠᠢᠴᠠᠭᠠᠬᠤ ᠰᠠᠨᠠᠭᠤᠯᠭ᠎ᠠ ᠵᠢᠨ ᠠᠬᠤᠢ ᠲᠠᠯᠠᠪᠠᠢ ᠵᠢᠨ ᠬᠢᠨᠠᠨ ᠲᠤᠬᠳᠠᠭᠠᠬᠤ ᠬᠤᠷᠠᠯ ᠎ᠢ ᠬᠤᠷᠠᠯᠳᠤᠭᠤᠯᠵᠤ᠂ ᠬᠢᠨᠠᠯᠳᠠ ᠪᠡᠷ ᠰᠢᠯᠢᠳᠡᠭ᠎ᠢ ᠠᠬᠢᠭᠤᠯᠤᠨ᠂ ᠬᠠᠷᠢᠯᠴᠠᠨ ᠰᠤᠷᠤᠯᠴᠠᠵᠤ ᠬᠠᠷᠢᠯᠴᠠᠨ ᠲᠤᠯᠢ ᠪᠤᠯᠭᠠᠵᠤ᠂ ᠦᠪᠦᠷ ᠮᠤᠩᠭᠤᠯ ᠤ᠋ᠨ ᠪᠠᠢᠴᠠᠭᠠᠬᠤ ᠪᠠᠢᠭᠤᠯᠭ᠎ᠠ ᠵᠢᠨ ᠨᠡᠩ ᠯᠠᠪᠳᠠᠭᠤᠨ ᠪᠠᠳᠤᠳᠠᠢ᠂ ᠨᠡᠩ ᠵᠢᠷᠤᠮᠵᠢᠯ ᠲᠠᠢ᠂ ᠨᠡᠩ ᠠᠮᠵᠢᠯᠳᠠ ᠪᠦᠳᠦᠮᠵᠢ ᠲᠠᠢ ᠪᠡᠷ ᠨᠡᠢᠬᠡᠮ ᠤ᠋ᠨ ᠵᠠᠰᠠᠯᠳᠠ ᠵᠢᠨ ᠪᠠᠢᠴᠠᠭᠠᠬᠤ ᠰᠠᠨᠠᠭᠤᠯᠭ᠎ᠠ ᠵᠢᠨ ᠠᠵᠢᠯ ᠎ᠢ ᠦᠷᠨᠢᠬᠦᠯᠬᠦ ᠵᠢ ᠲᠠᠢᠴᠢᠯᠠᠨ ᠲᠠᠭᠠᠭᠤᠯᠵᠠᠢ᠃

ᠤᠢᠯᠠᠭᠠᠬᠰᠠᠨ ᠵᠢᠡᠷ᠂ ᠦᠪᠦᠷ ᠮᠤᠩᠭᠤᠯ ᠤ᠋ᠨ ᠪᠠᠢᠴᠠᠭᠠᠬᠤ ᠪᠠᠢᠭᠤᠯᠭ᠎ᠠ ᠨᠢ ᠲᠤᠰ ᠤᠳᠠᠭ᠎ᠠ ᠵᠢᠨ ᠪᠦᠬᠦ ᠤᠯᠤᠰ ᠤ᠋ᠨ ᠰᠢᠯᠢᠳᠡᠭ ᠪᠠᠢᠴᠠᠭᠠᠬᠤ ᠰᠠᠨᠠᠭᠤᠯᠭ᠎ᠠ ᠪᠡᠷ ᠦᠨᠡᠯᠡᠭᠳᠡᠭᠰᠡᠨ ᠶᠠᠪᠤᠳᠠᠯ ᠵᠢᠡᠷ ᠠᠵᠠ ᠲᠤᠬᠢᠶᠠᠯ ᠪᠤᠯᠭᠠᠨ᠂ ᠨᠡᠢᠬᠡᠮ ᠤ᠋ᠨ ᠵᠠᠰᠠᠯᠳᠠ ᠵᠢᠨ ᠪᠠᠢᠴᠠᠭᠠᠬᠤ ᠰᠠᠨᠠᠭᠤᠯᠭ᠎ᠠ ᠵᠢᠨ ᠠᠵᠢᠯ᠎ᠢ ᠴᠢᠨᠠᠬᠰᠢᠳᠠ ᠴᠢᠩᠭᠠᠳᠬᠠᠨ ᠵᠢᠷᠤᠮᠵᠢᠭᠤᠯᠵᠤ᠂ ᠶᠠᠰᠦ ᠴᠢᠨᠠᠷ ᠎ᠢ ᠲᠡᠭᠡᠭᠰᠢᠯᠡᠬᠦᠯᠬᠦ ᠲᠡᠭᠡᠷ᠎ᠡ ᠬᠦᠴᠦ ᠲᠠᠯᠪᠢᠵᠤ᠂ ᠰᠢᠯᠢᠳᠡᠭ ᠪᠦᠳᠦᠬᠡᠯ ᠭᠠᠷᠭᠠᠬᠤ ᠪᠡᠷ ᠴᠢᠷᠮᠠᠢᠵᠤ᠂ ᠨᠡᠩ ᠴᠢᠨᠠᠷ ᠰᠠᠢᠳᠠᠢ ᠦᠨᠳᠦᠷ ᠪᠦᠳᠦᠮᠵᠢᠳᠡᠢ ᠪᠠᠢᠴᠠᠭᠠᠬᠤ ᠰᠠᠨᠠᠭᠤᠯᠭ᠎ᠠ ᠪᠡᠷ ᠨᠡᠩ ᠬᠦᠨ ᠲᠠᠪᠬᠤᠷᠭ᠎ᠠ ᠵᠢᠨ ᠨᠡᠢᠬᠡᠮ ᠤ᠋ᠨ ᠵᠠᠰᠠᠯᠳᠠ ᠵᠢ ᠠᠬᠢᠭᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面