ᠲᠡᠷᠢᠭᠦᠨ ᠨᠢᠭᠤᠷ>ᠴᠠᠭ ᠲᠦᠷᠦ> ᠬᠠᠤᠯᠢ ᠳᠦᠷᠢᠮ

2026-07-30 11:16:19

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠰᠦᠯᠵᠢᠶᠡᠨ ᠳᠡᠭᠡᠷ᠎ᠡ ᠢᠯᠡᠴᠢᠯᠡᠨ ᠮᠡᠳᠡᠭᠦᠯᠵᠦ᠍ ᠴᠤᠤᠷᠬᠠᠯ᠎ᠢ ᠨᠢᠴᠤᠭᠠᠬᠤ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ᠎ᠶᠢ ᠳᠡᠭᠡᠭᠰᠢᠯᠡᠭᠦᠯᠵᠦ᠍᠂ ᠨᠡᠶ᠋ᠢᠭᠡᠮ᠎ᠦᠨ ᠡᠯ᠎ᠡ ᠲᠠᠯ᠎ᠠ᠎ᠶᠢᠨ᠎ᠬᠢᠨ᠎ᠢ ᠳᠠᠶ᠋ᠢᠴᠢᠯᠠᠨ ᠰᠦᠯᠵᠢᠶᠡᠨ ᠳᠡᠭᠡᠷ᠎ᠡ ᠢᠯᠡᠴᠢᠯᠡᠨ ᠮᠡᠳᠡᠭᠦᠯᠵᠦ᠍ ᠴᠤᠤᠷᠬᠠᠯ᠎ᠢ ᠨᠢᠴᠤᠭᠠᠬᠤ ᠠᠵᠢᠯ᠎ᠳᠤ ᠢᠳᠡᠪᠬᠢᠲᠡᠶ ᠣᠷᠣᠯᠴᠠᠭᠤᠯᠵᠤ᠂ ᠰᠦᠯᠵᠢᠶᠡᠨ ᠳᠡᠭᠡᠷ᠎ᠡ ᠬᠠᠤᠯᠢ᠎ᠠᠴᠠ ᠵᠥᠷᠢᠴᠡᠭᠰᠡᠨ ᠪᠠ ᠡᠷᠡᠭᠦᠯ ᠪᠤᠰᠤ ᠮᠡᠳᠡᠭᠡ ᠵᠠᠩᠭᠢ᠎ᠶᠢ ᠢᠯᠡᠴᠢᠯᠡᠨ ᠮᠡᠳᠡᠭᠦᠯᠬᠦ᠌ ᠠᠵᠢᠯ᠎ᠤᠨ ᠨᠡᠶ᠋ᠢᠭᠡᠮ᠎ᠦᠨ ᠣᠶ᠋ᠢᠯᠠᠭᠠᠵᠤ ᠮᠡᠳᠡᠬᠦ᠌ ᠬᠡᠮᠵᠢᠶ᠎ᠡ ᠪᠠ ᠣᠯᠠᠨ ᠨᠡᠶ᠋ᠢᠲᠡ᠎ᠶᠢᠨ ᠣᠷᠣᠯᠴᠠᠬᠤ ᠬᠡᠮᠵᠢᠶ᠎ᠡ᠎ᠶᠢ ᠦᠷᠭᠦᠯᠵᠢᠯᠡᠨ ᠳᠡᠭᠡᠭᠰᠢᠯᠡᠭᠦᠯᠬᠦ᠌᠎ᠶᠢᠨ ᠲᠤᠰᠠᠳᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠢᠨᠲ᠋ᠧᠷ ᠰᠦᠯᠵᠢᠶᠡᠨ᠎ᠦ ᠬᠠᠤᠯᠢ᠎ᠠᠴᠠ ᠵᠥᠷᠢᠴᠡᠭᠰᠡᠨ ᠪᠠ ᠡᠷᠡᠭᠦᠯ ᠪᠤᠰᠤ ᠮᠡᠳᠡᠭᠡ ᠵᠠᠩᠭᠢ᠎ᠶᠢ ᠢᠯᠡᠴᠢᠯᠡᠨ ᠮᠡᠳᠡᠭᠦᠯᠬᠦ᠌ ᠲᠥᠪ᠎ᠨᠢ 2026 ᠣᠨ᠎ᠤ ᠥᠪᠥᠷ ᠮᠣᠩᠭᠣᠯ᠎ᠤᠨ ᠢᠨᠲ᠋ᠧᠷ ᠰᠦᠯᠵᠢᠶᠡᠨ᠎ᠦ ᠴᠤᠤᠷᠬᠠᠯ᠎ᠢ ᠨᠢᠴᠤᠭᠠᠭᠰᠠᠨ ᠰᠢᠯᠢᠳᠡᠭ ᠪᠦᠲᠦᠭᠡᠯ ᠡᠯᠰᠡᠬᠦ ᠠᠵᠢᠯᠯᠠᠭ᠎ᠠ᠎ᠶᠢ ᠥᠷᠨᠢᠭᠦᠯᠪᠡ᠃


QQ截图20260730150451.png


ᠨᠢᠭᠡ᠂ ᠣᠷᠣᠯᠴᠠᠬᠤ ᠬᠡᠯᠪᠡᠷᠢ

1. ᠡᠯᠰᠡᠬᠦ ᠡᠲᠡᠭᠡᠳ᠄ ᠪᠥᠬᠥ᠌ ᠣᠷᠣᠨ᠎ᠳᠤ ᠬᠠᠨᠳᠤᠭᠤᠯᠤᠨ ᠢᠯᠡ᠎ᠪᠡᠷ ᠡᠯᠰᠡᠵᠤ᠂ ᠬᠠᠮᠲᠤ ᠨᠢᠭᠡᠴᠢ ᠪᠤᠶᠤ ᠬᠤᠪᠢ ᠬᠥᠮᠦᠨ ᠪᠦᠷ ᠨᠡᠷ᠎ᠡ ᠮᠡᠳᠡᠭᠦᠯᠵᠦ ᠪᠣᠯᠤᠨ᠎ᠠ᠃

2. ᠡᠯᠰᠡᠬᠦ᠌ ᠴᠠᠭ᠄ 2026 ᠣᠨ᠎ᠤ 7 ᠰᠠᠷ᠎ᠠ᠎ᠶᠢᠨ ᠰᠡᠭᠦᠯᠴᠢ᠎ᠡᠴᠡ 11 ᠰᠠᠷ᠎ᠠ᠎ᠶᠢᠨ ᠰᠡᠭᠦᠯᠴᠢ ᠪᠣᠯᠲᠠᠯ᠎ᠠ᠃

3. ᠨᠡᠷ᠎ᠡ ᠮᠡᠳᠡᠭᠦᠯᠬᠦ᠌ ᠠᠷᠭ᠎ᠠ ᠮᠠᠶᠢᠭ᠄ ᠵᠣᠬᠢᠶᠠᠯ ᠪᠦᠲᠦᠭᠡᠯ᠂ ᠨᠡᠷ᠎ᠡ ᠮᠡᠳᠡᠭᠦᠯᠬᠦ᠌ ᠬᠦᠰᠦᠨᠦᠭᠲᠦ᠍᠂ ᠬᠡᠪᠯᠡᠯ᠎ᠦᠨ ᠡᠷᠬᠡ᠎ᠶᠢᠨ ᠠᠮᠠᠯᠠᠯᠲᠠ᠎ᠶᠢᠨ ᠪᠢᠴᠢᠭ᠂ ᠪᠦᠲᠦᠭᠡᠯ᠎ᠦᠨ ᠦᠵᠡᠭᠦᠯᠦᠯᠭᠡ᠎ᠶᠢᠨ ᠵᠢᠷᠤᠭ ᠵᠡᠷᠭᠡ ᠮᠠᠲ᠋ᠧᠷᠢᠶᠠᠯ᠎ᠤᠨ ᠨᠡᠷᠡᠶ᠋ᠢᠳᠦᠯ᠎ᠢ 《ᠨᠢᠭᠡᠴᠢ / ᠵᠣᠬᠢᠶᠠᠭᠴᠢ + ᠪᠦᠲᠦᠭᠡᠯ᠎ᠦᠨ ᠨᠡᠷᠡᠶ᠋ᠢᠳᠦᠯ + ᠪᠦᠲᠦᠭᠡᠯ᠎ᠦᠨ ᠲᠥᠷᠥᠯ ᠢᠯᠭᠠᠯ ( ᠵᠢᠱ᠌ᠢᠶᠡᠯᠡᠪᠡᠯ ᠥᠰᠥᠭ ᠪᠢᠴᠢᠭ᠎ᠦᠨ ᠲᠥᠷᠥᠯ )》 ᠭᠡᠵᠦ᠍ ᠨᠢᠭᠡᠳᠦᠯᠲᠡᠶ ᠨᠡᠷᠡᠶ᠋ᠢᠳᠦᠨ᠎ᠡ᠂ ᠡᠭᠦᠨ᠎ᠳᠦ ᠨᠡᠷ᠎ᠡ ᠮᠡᠳᠡᠭᠦᠯᠬᠦ᠌ ᠬᠦᠰᠦᠨᠦᠭᠲᠦ᠍᠂ ᠬᠡᠪᠯᠡᠯ᠎ᠦᠨ ᠡᠷᠬᠡ᠎ᠶᠢᠨ ᠠᠮᠠᠯᠠᠯᠲᠠ᠎ᠶᠢᠨ ᠪᠢᠴᠢᠭ᠎ᠲᠦ᠍ ᠡᠬᠡ ᠪᠢᠴᠢᠭ ᠥᠭᠭᠦᠭᠰᠡᠨ ᠨᠢᠭᠡᠴᠡ᠎ᠪᠡᠷ ᠲᠠᠮᠠᠭ᠎ᠠ ᠳᠠᠷᠤᠭᠤᠯᠤᠭᠰᠠᠨ ᠪᠤᠶᠤ ᠬᠤᠪᠢ ᠬᠥᠮᠦᠨ ᠭᠠᠷ᠎ᠤᠨ ᠥᠰᠥᠭ ᠵᠢᠷᠤᠭᠰᠠᠨ᠎ᠤ ᠳᠠᠷᠠᠭ᠎ᠠ JPG ᠪᠤᠶᠤ PDF ᠬᠡᠯᠪᠡᠷᠢ ᠪᠣᠯᠭᠠᠨ ᠰᠢᠷᠪᠢᠨ᠎ᠡ᠃

ᠳᠡᠭᠡᠷ᠎ᠡ ᠳᠤᠷᠠᠳᠤᠭᠰᠠᠨ ᠮᠠᠲ᠋ᠧᠷᠢᠶᠠᠯ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠢᠨᠲ᠋ᠧᠷ ᠰᠦᠯᠵᠢᠶᠡᠨ᠎ᠦ ᠬᠠᠤᠯᠢ᠎ᠠᠴᠠ ᠵᠥᠷᠢᠴᠡᠭᠰᠡᠨ ᠪᠠ ᠡᠷᠡᠭᠦᠯ ᠪᠤᠰᠤ ᠮᠡᠳᠡᠭᠡ ᠵᠠᠩᠭᠢ᠎ᠶᠢ ᠢᠯᠡᠴᠢᠯᠡᠨ ᠮᠡᠳᠡᠭᠦᠯᠬᠦ᠌ ᠲᠥᠪ᠎ᠦᠨ ᠠᠯᠪᠠᠨ᠎ᠤ ᠬᠠᠶᠢᠭ (nmgjbzx@126.com)᠎ᠲᠤ᠌ ᠢᠯᠡᠭᠡᠨ᠎ᠡ᠃ ᠠᠳᠠᠯᠢ ᠨᠢᠭᠡᠨ ᠪᠦᠲᠦᠭᠡᠯ᠎ᠢ ᠨᠢᠭᠡ ᠯᠡ ᠲᠥᠷᠥᠯ᠎ᠢ ᠰᠣᠩᠭᠣᠵᠤ ᠮᠡᠳᠡᠭᠦᠯᠦᠨ᠎ᠡ᠂ ᠳᠠᠬᠢᠨ ᠳᠠᠪᠲᠠᠨ ᠮᠡᠳᠡᠭᠦᠯᠵᠦ᠍ ᠪᠣᠯᠬᠤ ᠦᠭᠡᠶ᠃

ᠬᠣᠶᠠᠷ᠂ ᠵᠣᠬᠢᠶᠠᠯ᠎ᠤᠨ ᠱᠠᠭᠠᠷᠳᠠᠯᠭ᠎ᠠ

ᠲᠣᠰ ᠤᠳᠠᠭᠠᠨ᠎ᠤ ᠡᠯᠰᠡᠬᠦ ᠪᠦᠲᠦᠭᠡᠯ ᠨᠢ 2026 ᠣᠨ᠎ᠤ 1 ᠰᠠᠷ᠎ᠠ᠎ᠠᠴᠠ 11 ᠰᠠᠷ᠎ᠠ᠎ᠶᠢᠨ ᠬᠣᠭᠣᠷᠣᠨᠳᠣ ᠵᠣᠬᠢᠶᠠᠨ ᠪᠦᠲᠦᠭᠡᠭᠰᠡᠨ ᠢᠨᠲ᠋ᠸᠷ ᠰᠦᠯᠵᠢᠶᠡᠨ᠎ᠦ ᠴᠤᠤᠷᠬᠠᠯ᠎ᠢ ᠨᠢᠴᠤᠭᠠᠭᠰᠠᠨ ᠪᠦᠲᠦᠭᠡᠯ ᠪᠣᠯᠣᠨ᠎ᠠ᠃ ᠵᠣᠬᠢᠶᠠᠯ ᠪᠦᠲᠦᠭᠡᠯ᠎ᠨᠢ ᠰᠦᠯᠵᠢᠶᠡᠨ ᠳᠡᠭᠡᠷ᠎ᠡ ᠢᠯᠡᠴᠢᠯᠡᠨ ᠮᠡᠳᠡᠭᠦᠯᠵᠦ᠍ ᠴᠤᠤᠷᠬᠠᠯ᠎ᠢ ᠨᠢᠴᠤᠭᠠᠭᠰᠠᠨ ᠰᠡᠳᠦᠪᠯᠡᠬᠦᠨ᠎ᠳ᠋ᠤ ᠠᠩᠬᠠᠷᠤᠯ᠎ᠢᠶᠠᠨ ᠲᠥᠪᠯᠡᠷᠡᠭᠦᠯᠵᠦ᠍᠂ ᠠᠭᠤᠯᠭ᠎ᠠ᠎ᠨᠢ ᠰᠦᠯᠵᠢᠶᠡᠨ ᠳᠡᠭᠡᠷ᠎ᠡ ᠢᠯᠡᠴᠢᠯᠡᠨ ᠮᠡᠳᠡᠭᠦᠯᠵᠦ᠍ ᠴᠤᠤᠷᠬᠠᠯ᠎ᠢ ᠨᠢᠴᠤᠭᠠᠭᠰᠠᠨ᠎ᠢᠶᠠᠷ ᠭᠤᠤᠯᠳᠠᠯᠭ᠎ᠠ ᠪᠣᠯᠭᠠᠵᠤ᠂ ᠴᠤᠤᠷᠬᠠᠯ᠎ᠢ ᠨᠢᠴᠤᠭᠠᠵᠤ ᠰᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌᠂ ᠴᠤᠤᠷᠬᠠᠯ᠎ᠢ ᠰᠡᠷᠭᠡᠶ᠋ᠢᠯᠡᠬᠦ᠌ ᠨᠡᠶ᠋ᠢᠲᠡ᠎ᠶᠢᠨ ᠠᠰᠠᠷᠠᠮᠵᠢ ᠵᠢᠴᠢ ᠰᠦᠯᠵᠢᠶᠡᠨ ᠳᠡᠭᠡᠷ᠎ᠡ ᠡᠷᠬᠡ᠎ᠳᠦ ᠬᠠᠯᠳᠠᠭᠰᠠᠨ᠎ᠢ ᠢᠯᠡᠴᠢᠯᠡᠨ ᠮᠡᠳᠡᠭᠦᠯᠵᠦ᠍ ᠤᠬᠠᠭᠤᠯᠬᠤ ᠵᠡᠷᠭᠡ ᠲᠠᠯ᠎ᠠ᠎ᠶᠢ ᠪᠠᠭᠲᠠᠭᠠᠵᠤ᠂ ᠠᠭᠤᠯᠭ᠎ᠠ᠎ᠶᠢᠨ ᠡᠷᠬᠡ ᠰᠦᠷᠲᠦ ᠴᠢᠨᠠᠷ᠂ ᠪᠣᠳᠠᠲᠤ᠌ ᠶᠠᠪᠤᠳᠠᠯ᠎ᠤᠨ ᠵᠥᠪ ᠣᠨᠣᠪᠴᠢᠲᠠᠶ᠂ ᠢᠷᠡᠯᠲᠡ᠎ᠨᠢ ᠲᠣᠳᠣᠷᠬᠠᠢ᠂ ᠬᠠᠤᠯᠢ ᠲᠣᠭᠲᠠᠭᠠᠯ᠎ᠳᠤ ᠨᠡᠶ᠋ᠢᠴᠡᠬᠦ᠌᠎ᠶᠢ ᠦᠨᠡᠨ ᠬᠦ᠌ ᠪᠠᠲᠤᠯᠠᠬᠤ᠎ᠶᠢᠨ ᠬᠠᠮᠲᠤ᠌ ᠡᠭᠦᠳᠦᠯᠲᠡ᠎ᠶᠢᠨ ᠴᠢᠨᠠᠷ᠂ ᠬᠤᠭᠤᠴᠠᠭᠠᠲᠤ᠌ ᠴᠢᠨᠠᠷ ᠪᠠ ᠳᠠᠮᠵᠢᠭᠤᠯᠭ᠎ᠠ᠎ᠶᠢᠨ ᠴᠢᠨᠠᠷ᠎ᠢ ᠪᠦᠷᠢᠯᠳᠦᠭᠦᠯᠦᠭᠰᠡᠨ ᠪᠠᠶ᠋ᠢᠬᠤ ᠬᠡᠷᠡᠭᠲᠡᠶ᠃

ᠡᠬᠡ ᠪᠢᠴᠢᠭ᠎ᠦᠨ ᠲᠥᠷᠥᠯ

ᠨᠢᠭᠡᠨᠲᠡ ᠢᠯᠡ᠎ᠪᠡᠷ ᠨᠡᠶ᠋ᠢᠲᠡᠯᠡᠭᠰᠡᠨ ᠰᠦᠯᠵᠢᠶᠡᠨ ᠳᠡᠭᠡᠷ᠎ᠡ ᠢᠯᠡᠴᠢᠯᠡᠨ ᠮᠡᠳᠡᠭᠦᠯᠵᠦ᠍ ᠴᠤᠤᠷᠬᠠᠯ᠎ᠢ ᠨᠢᠴᠤᠭᠠᠭᠰᠠᠨ ᠵᠣᠬᠢᠶᠠᠯ᠂ ᠰᠣᠨᠢᠨ ᠮᠡᠳᠡᠭᠡᠯᠡᠯ ᠵᠡᠷᠭᠡ᠎ᠶᠢ ᠪᠠᠭᠲᠠᠭ᠋ᠠᠨ᠎ᠠ᠃ ᠴᠤᠤᠷᠬᠠᠯ ᠪᠤᠶᠤ ᠡᠨᠳᠡᠭᠦᠷᠡᠯ᠎ᠳᠦ ᠴᠢᠭᠯᠡᠭᠦᠯᠦᠨ ᠴᠠᠭ ᠲᠤᠬᠠᠶ᠎ᠳᠤᠨᠢ ᠢᠯᠡᠴᠢᠯᠡᠨ ᠮᠡᠳᠡᠭᠦᠯᠵᠦ᠂ ᠭᠣᠣᠯ ᠰᠡᠳᠦᠪ ᠨᠢ ᠲᠣᠪᠣᠶ᠋ᠢᠮ᠎ᠠ᠂ ᠳᠡᠰ ᠳᠠᠪᠬᠤᠷᠭ᠎ᠠ ᠨᠢ ᠢᠯᠡ ᠲᠣᠳᠣ᠂ ᠯᠣᠭᠢᠭ ᠨᠢ ᠲᠣᠳᠣᠷᠬᠠᠶ᠂ ᠦᠭᠡ ᠥᠭᠦᠯᠡᠪᠦᠷᠢ ᠨᠢ ᠤᠷᠤᠰᠤᠮ᠎ᠠ᠂ ᠦᠰᠦᠭ᠎ᠦᠨ ᠲᠣᠭ᠎ᠠ ᠨᠢ 1000 ᠦᠰᠦᠭ᠎ᠦᠨ ᠳᠣᠲᠣᠷ᠎ᠠ ᠪᠠᠶ᠋ᠢᠵᠤ᠂ ᠬᠡᠯᠪᠡᠷᠢ ᠨᠢ Word ᠪᠤᠶᠤ PDF ᠪᠣᠯᠤᠨ᠎ᠠ᠃

ᠵᠢᠷᠤᠭ᠎ᠤᠨ ᠲᠥᠷᠥᠯ

ᠰᠦᠯᠵᠢᠶᠡᠨ ᠳᠡᠭᠡᠷ᠎ᠡ ᠢᠯᠡᠴᠢᠯᠡᠨ ᠮᠡᠳᠡᠭᠦᠯᠦᠭᠰᠡᠨ ᠴᠤᠤᠷᠬᠠᠯ᠎ᠢ ᠨᠢᠴᠤᠭᠠᠭᠰᠠᠨ ᠱᠣᠭ ᠵᠢᠷᠤᠭ᠂ ᠵᠠᠷ ᠮᠡᠳᠡᠭᠡ᠂ ᠣᠷᠳᠣ ᠵᠢᠷᠤᠭ᠂ H5 ᠵᠡᠷᠭᠡ ᠪᠠᠭᠲᠠᠨ᠎ᠠ᠂ ᠵᠠᠭᠪᠤᠷ ᠨᠢ JPG ᠪᠤᠶᠤ PDF᠂ ᠲᠠᠩ ᠭᠠᠭᠴᠠ ᠵᠢᠷᠤᠭ᠎ᠤᠨ ᠪᠦᠲᠦᠭᠡᠯ᠎ᠦᠨ ᠶᠡᠬᠡ ᠪᠠᠭ᠎ᠠ ᠨᠢ 5MB ᠎ᠡᠴᠡ ᠪᠠᠭ᠎ᠠ ᠪᠥᠭᠡᠳ 300 ᠳᠦᠷᠰᠦ᠎ᠶᠢᠨ ᠡᠯᠧᠮᠧᠨ᠋ᠲ᠎ᠡᠴᠡ ᠪᠠᠭ᠎ᠠ ᠪᠠᠶ᠋ᠢᠵᠤ ᠪᠣᠯᠬᠤ ᠥᠬᠡᠶ; H5 ᠬᠡᠯᠪᠡᠷᠢ ᠨᠢ ᠰᠦᠯᠵᠢᠶᠡᠨ᠎ᠦ ᠬᠠᠶᠢᠭ ᠵᠢᠴᠢ ᠠᠭᠤᠯᠭ᠎ᠠ᠎ᠶᠢᠨ ᠵᠢᠷᠤᠭ᠎ᠢ ᠲᠤᠰᠢᠶᠠᠬᠤ ᠬᠡᠷᠡᠭᠲᠡᠶ᠃

ᠲᠠᠭᠤ ᠳᠦᠷᠰᠦ ᠰᠢᠩᠭᠡᠭᠡᠯᠲᠡ᠎ᠶᠢᠨ ᠲᠥᠷᠥᠯ

ᠰᠦᠯᠵᠢᠶᠡᠨ ᠳᠡᠭᠡᠷ᠎ᠡ ᠢᠯᠡᠴᠢᠯᠡᠨ ᠮᠡᠳᠡᠭᠦᠯᠵᠦ᠍ ᠴᠤᠤᠷᠬᠠᠯ᠎ᠢ ᠨᠢᠴᠤᠭᠠᠭᠰᠠᠨ ᠳᠠᠭᠤᠤ᠂ MV᠂ ᠺᠠᠷᠲ᠋ᠣᠨ ᠣᠬᠣᠷ ᠹᠢᠯᠢᠮ᠂ ᠪᠢᠴᠢᠯ ᠪᠠᠷᠢᠮᠲᠠᠲᠤ᠌ ᠹᠢᠯᠢᠮ᠂ ᠪᠢᠴᠢᠯ ᠺᠢᠨᠣ᠋᠂ ᠨᠡᠶ᠋ᠢᠲᠡ᠎ᠶᠢᠨ ᠠᠰᠠᠷᠠᠮᠵᠢ᠎ᠶᠢᠨ ᠵᠠᠷ ᠵᠡᠷᠭᠡ᠎ᠶᠢ ᠪᠠᠭᠲᠠᠭᠠᠵᠤ ᠪᠣᠯᠬᠤ ᠭᠤᠤᠯ ᠲᠠᠭᠤ ᠳᠦᠷᠰᠦ ᠰᠢᠩᠭᠡᠭᠡᠯᠲᠡ᠎ᠶᠢᠨ ᠬᠡᠯᠪᠡᠷᠢ ( MP3᠂ WAV ᠂ MP4 ᠂ MOV᠂ MPEG ᠵᠡᠷᠭᠡ ᠪᠠᠭᠲᠠᠨ᠎ᠠ ) ᠎ᠶᠢ ᠪᠠᠭᠲᠠᠭᠠᠨ᠎ᠠ᠃ ᠸᠢᠳᠢᠣ᠋᠎ᠳᠡᠬᠢ ᠳᠠᠭᠤ ᠪᠠ ᠵᠢᠷᠤᠭ ᠨᠢ ᠢᠵᠢᠯ ᠠᠯᠬᠤᠮ ᠪᠠᠢ᠌ᠬᠤ ᠮᠥᠷᠲᠡᠭᠡᠨ ᠲᠣᠳᠣᠷᠬᠠᠶ ᠪᠠᠢᠬᠤ ᠬᠡᠷᠡᠭᠲᠡᠶ᠃ ᠲᠡᠭᠤ ᠰᠢᠩᠭᠡᠭᠡᠯᠲᠡ᠎ᠶᠢᠨ ᠪᠦᠲᠦᠭᠡᠯ ᠨᠢ ᠲᠡᠭᠤᠠ᠎ᠤ ᠰᠣᠯᠢᠭᠤᠷᠠᠯ ᠦᠭᠡᠢ᠂ ᠱᠤᠤᠭᠢᠶ᠎ᠠ ᠲᠡᠭᠤᠠ᠎ᠤ ᠬᠤᠳᠬᠤᠷᠠᠯ ᠵᠢᠴᠢ ᠲᠡᠭᠤᠠ᠎ᠤ ᠲᠡᠩᠴᠡᠭᠦᠷᠢ ᠠᠯᠳᠠᠬᠤ ᠵᠡᠷᠭᠡ ᠦᠵᠡᠭᠳᠡᠯ ᠦᠭᠡᠢ᠎ᠢ ᠪᠠᠲᠤᠯᠠᠨ᠎ᠠ᠃ ᠨᠢᠭᠡ ᠲᠠᠭᠤ ᠳᠦᠷᠰᠦ ᠰᠢᠩᠭᠡᠭᠡᠯᠲᠡ᠎ᠶᠢᠨ ᠪᠦᠲᠦᠭᠡᠯ᠎ᠦᠨ ᠴᠠᠭ᠎ᠢ ᠵᠠᠷᠴᠢᠮ ᠳᠡᠭᠡᠷ᠎ᠡ᠎ᠪᠡᠨ 5 ᠮᠢᠨᠦ᠋ᠲ᠎ᠦᠨ ᠳᠣᠲᠣᠷ᠎ᠠ ᠬᠢᠵᠠᠭᠠᠷᠯᠠᠵᠤ᠂ ᠶᠡᠬᠡ ᠪᠠᠭ᠎ᠠ᠎ᠶᠢ 500 MB ᠎ᠠᠴᠠ ᠬᠡᠲᠦᠷᠡᠭᠦᠯᠬᠦ᠌ ᠥᠬᠡᠶ᠃

ᠴᠢᠬᠤᠯᠠ ᠶᠡᠬᠡ ᠴᠤᠤᠷᠬᠠᠯ᠎ᠢ ᠨᠢᠴᠤᠭ᠋ᠠᠭᠰᠠᠨ ᠲᠤᠰᠬᠠᠢ ᠰᠡᠳᠦᠪ

ᠲᠤᠰ ᠲᠥᠷᠥᠯ ᠨᠢ ᠪᠠᠶ᠋ᠢᠭᠤᠯᠤᠮᠵᠢ᠂ ᠬᠠᠮᠲᠤ ᠨᠢᠭᠡᠴᠢ᠎ᠳᠦ ᠬᠠᠨᠳᠤᠭᠤᠯᠤᠨ ᠡᠯᠰᠡᠵᠦ᠍᠂ ᠨᠢᠭᠡᠴᠢ᠎ᠶᠢᠨ ᠨᠡᠷ᠎ᠡ᠎ᠪᠡᠷ ᠳᠠᠩᠰᠠᠯᠠᠭᠤᠯᠬᠤ ᠬᠡᠷᠡᠭᠲᠡᠢ᠃ ᠡᠭᠦᠨ᠎ᠳᠦ ᠭᠤᠤᠯᠳᠠᠭᠤ ᠬᠠᠮᠢᠶ᠎ᠠ ᠪᠦᠬᠦᠢ ᠪᠠᠢ᠌ᠭᠤᠯᠭ᠎ᠠ ᠨᠢᠭᠡᠴᠢ᠎ᠶᠢᠨ ᠨᠡᠶ᠋ᠢᠭᠡᠮ᠎ᠦᠨ ᠣᠯᠠᠨ ᠨᠡᠶ᠋ᠢᠲᠡ᠎ᠳᠦ ᠬᠠᠨᠳᠤᠭᠤᠯᠤᠨ ᠥᠷᠨᠢᠭᠦᠯᠦᠭᠰᠡᠨ ᠰᠦᠯᠵᠢᠶᠡᠨ ᠳᠡᠭᠡᠷ᠎ᠡ ᠢᠯᠡᠴᠢᠯᠡᠨ ᠮᠡᠳᠡᠭᠦᠯᠵᠦ᠍ ᠴᠤᠤᠷᠬᠠᠯ᠎ᠢ ᠨᠢᠴᠤᠭᠠᠬᠤ ᠴᠢᠬᠤᠯᠠ ᠶᠡᠬᠡ ᠭᠤᠤᠯ ᠰᠡᠳᠦᠪᠲᠦ᠍ ᠤᠬᠠᠭᠤᠯᠭ᠎ᠠ᠎ᠶᠢᠨ ᠠᠵᠢᠯᠯᠠᠭ᠎ᠠ᠂ ᠰᠦᠯᠵᠢᠶᠡᠨ ᠳᠡᠭᠡᠷ᠎ᠡ ᠢᠯᠡᠴᠢᠯᠡᠨ ᠮᠡᠳᠡᠭᠦᠯᠵᠦ᠍ ᠴᠤᠤᠷᠬᠠᠯ᠎ᠢ ᠨᠢᠴᠤᠭᠠᠬᠤ ᠲᠤᠰᠬᠠᠶ ᠪᠤᠯᠤᠩ᠎ᠤᠨ ᠲᠤᠰᠬᠠᠶ ᠰᠡᠳᠦᠪ ᠵᠢᠴᠢ ᠰᠦᠯᠵᠢᠶᠡᠨ ᠳᠡᠭᠡᠷ᠎ᠡ ᠢᠯᠡᠴᠢᠯᠡᠨ ᠮᠡᠳᠡᠭᠦᠯᠵᠦ᠍ ᠴᠤᠤᠷᠬᠠᠯ᠎ᠢ ᠨᠢᠴᠤᠭᠠᠬᠤ ᠬᠣᠯᠪᠣᠭᠳᠠᠯ ᠪᠦᠬᠦᠢ ᠣᠨᠴᠠᠯᠢᠭᠲᠤ᠌ ᠦᠢ᠍ᠯᠡᠳᠬᠦᠨ ᠪᠤᠶᠤ ᠴᠢᠳᠠᠮᠵᠢ᠂ᠬᠠᠮᠢᠶ᠎ᠠ ᠪᠦᠬᠦᠢ ᠪᠠᠢ᠌ᠭᠤᠯᠭ᠎ᠠ ᠨᠢᠭᠡᠴᠢ᠎ᠶᠢᠨ ᠵᠣᠬᠢᠶᠠᠨ ᠪᠠᠶ᠋ᠢᠭᠤᠯᠤᠨ ᠥᠷᠨᠢᠭᠦᠯᠦᠭᠰᠡᠨ ᠰᠦᠯᠵᠢᠶᠡᠨ ᠳᠡᠭᠡᠷ᠎ᠡ ᠢᠯᠡᠴᠢᠯᠡᠨ ᠮᠡᠳᠡᠭᠦᠯᠵᠦ᠍ ᠴᠤᠤᠷᠬᠠᠯ᠎ᠢ ᠨᠢᠴᠤᠭᠠᠬᠤ ᠲᠤᠰᠬᠠᠶ ᠠᠵᠢᠯᠯᠠᠭ᠎ᠠ ᠵᠡᠷᠭᠡ ᠪᠠᠭᠲᠠᠨ᠎ᠠ᠃ ᠡᠳᠡᠭᠡᠷ ᠪᠦᠲᠦᠭᠡᠯ ᠨᠢ ᠰᠦᠯᠵᠢᠶᠡᠨ᠎ᠤ ᠬᠠᠶᠢᠭ ᠪᠤᠶᠤ ᠠᠵᠢᠯᠯᠠᠭᠠᠨ᠎ᠤ ᠲᠥᠰᠦᠯ᠂ ᠵᠠᠭᠤᠴᠢᠯᠠᠭᠤᠷ᠎ᠤᠨ ᠮᠡᠳᠡᠭᠡᠯᠡᠯ ᠵᠡᠷᠭᠡ᠎ᠶᠢ ᠳᠡᠪᠰᠢᠭᠦᠯᠬᠦ ᠬᠡᠷᠡᠭᠲᠡᠢ ᠪᠥᠭᠡᠳ ᠦᠨᠳᠦᠰᠦᠨ ᠪᠠᠶ᠋ᠢᠳᠠᠯ᠂ ᠬᠢᠯᠠᠰ ᠴᠡᠭ᠂ ᠦᠷ᠎ᠡ ᠪᠦᠲᠦᠮᠵᠢ ᠵᠡᠷᠭᠡ ᠠᠭᠤᠯᠭ᠎ᠠ᠎ᠶᠢ ᠪᠠᠭᠲᠠᠭᠠᠭᠰᠠᠨ 500 ᠥᠰᠥᠭ᠎ᠦᠨ ᠳᠣᠲᠣᠷᠠᠬᠢ ᠥᠰᠥᠭ ᠪᠢᠴᠢᠭ᠎ᠦᠨ ᠲᠣᠳᠣᠷᠬᠠᠶ᠋ᠢᠯᠠᠯᠲᠠ᠎ᠶᠢᠨ ᠮᠠᠲ᠋ᠧᠷᠢᠶᠠᠯ᠎ᠢ ᠳᠠᠭᠠᠯᠳᠤᠭᠤᠯᠵᠤ᠂ Word ᠪᠤᠶᠤ PDF ᠪᠣᠯᠤᠨ᠎ᠠ᠃

ᠰᠢᠯᠢᠳᠡᠭ ᠴᠤᠤᠷᠬᠠᠯ ᠨᠢᠴᠤᠭᠠᠬᠤ ᠲᠠᠪᠴᠠᠩ (ᠤᠯᠠᠨ ᠨᠡᠢ᠌ᠲᠡ᠎ᠶᠢᠨ ᠳ᠋ᠤᠭ᠋ᠠᠷ)

ᠲᠤᠰ ᠲᠥᠷᠥᠯ ᠨᠢ ᠪᠠᠶ᠋ᠢᠭᠤᠯᠤᠮᠵᠢ᠂ ᠬᠠᠮᠲᠤ ᠨᠢᠭᠡᠴᠢ᠎ᠳᠦ ᠬᠠᠨᠳᠤᠭᠤᠯᠤᠨ ᠡᠯᠰᠡᠵᠦ᠍᠂ ᠨᠢᠭᠡᠴᠢ᠎ᠶᠢᠨ ᠨᠡᠷ᠎ᠡ᠎ᠪᠡᠷ ᠳᠠᠩᠰᠠᠯᠠᠭᠤᠯᠬᠤ ᠬᠡᠷᠡᠭᠲᠡᠢ᠃ ᠡᠭᠦᠨ᠎ᠳᠦ ᠬᠣᠯᠪᠣᠭᠳᠠᠯ ᠪᠥᠬᠥᠶ ᠨᠢᠭᠡᠴᠡ᠎ᠶᠢᠨ ᠪᠠᠶ᠋ᠢᠭᠤᠯᠤᠭᠰᠠᠨ ᠰᠦᠯᠵᠢᠶᠡᠨ ᠳᠡᠭᠡᠷ᠎ᠡ ᠢᠯᠡᠴᠢᠯᠡᠨ ᠮᠡᠳᠡᠭᠦᠯᠵᠦ᠍ ᠴᠤᠤᠷᠬᠠᠯ᠎ᠢ ᠨᠢᠴᠤᠭᠠᠬᠤ ᠪᠠ ᠰᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠠᠵᠢᠯ᠎ᠢ ᠲᠤᠰᠬᠠᠶ᠋ᠢᠯᠠᠨ ᠥᠷᠨᠢᠭᠦᠯᠬᠦ᠌ ᠰᠦᠯᠵᠢᠶ᠎ᠡ᠂ APP᠂ ᠰᠢᠨ᠎ᠡ ᠵᠠᠭᠤᠴᠢᠯᠠᠭᠤᠷ᠎ᠤᠨ ᠤᠯᠠᠨ ᠨᠡᠢ᠌ᠲᠡ᠎ᠶᠢᠨ ᠳ᠋ᠤᠭ᠋ᠠᠷ ᠵᠡᠷᠭᠡ ᠪᠠᠭᠲᠠᠨ᠎ᠠ᠃ ᠴᠠᠭ ᠲᠤᠬᠠᠶ᠎ᠳᠤᠨᠢ ᠰᠢᠨᠡᠳᠬᠡᠭᠰᠡᠨ᠂ ᠠᠭᠤᠯᠭ᠎ᠠ᠎ᠪᠠᠷ ᠪᠠᠶᠠᠯᠢᠭ᠂ ᠵᠣᠬᠢᠬᠤ ᠳᠠᠮᠵᠢᠭᠤᠯᠬᠤ ᠬᠦᠴᠦᠨ᠂ ᠨᠥᠯᠥᠭᠡᠯᠡᠬᠦ᠌ ᠬᠦᠴᠦᠨ᠎ᠲᠡᠶ ᠪᠠᠶ᠋ᠢᠵᠤ᠂ ᠤᠤᠭ᠋ᠠᠯ ᠡᠭᠦᠳᠦᠯᠲᠡ᠎ᠶᠢᠨ ᠠᠭᠤᠯᠭ᠎ᠠ᠎ᠶᠢ ᠦᠷᠭᠦᠯᠵᠢᠯᠡᠨ ᠨᠡᠢ᠌ᠲᠡᠯᠡᠵᠦ᠂ ᠢᠯᠡᠴᠢᠯᠡᠨ ᠮᠡᠳᠡᠭᠦᠯᠵᠦ᠍ ᠴᠤᠤᠷᠬᠠᠯ᠎ᠢ ᠨᠢᠴᠤᠭᠠᠭᠰᠠᠨ ᠪᠦᠲᠦᠭᠡᠯ᠎ᠦᠨ ᠠᠩᠬᠠᠨ᠎ᠤ ᠡᠭᠦᠳᠦᠯᠲᠡ᠎ᠶᠢᠨ ᠬᠠᠷᠢᠴᠠᠯ᠎ᠢ ᠵᠠᠷᠴᠢᠮ ᠳᠡᠭᠡᠷ᠎ᠡ᠎ᠪᠡᠨ 50% ᠎ᠠᠴᠠ ᠳᠤᠤᠷ᠎ᠠ ᠪᠠᠶ᠋ᠢᠯᠭᠠᠵᠤ ᠪᠣᠯᠬᠤ ᠥᠬᠡᠶ ᠭᠡᠵᠦ᠍ ᠱᠠᠭᠠᠷᠳᠠᠪᠠ᠃ ᠲᠠᠪᠴᠠᠩ᠎ᠤᠨ ᠰᠦᠯᠵᠢᠶᠡᠨ ᠬᠠᠶᠢᠭ᠂ ᠤᠯᠠᠨ ᠨᠡᠢ᠌ᠲᠡ᠎ᠶᠢᠨ ᠳ᠋ᠤᠭ᠋ᠠᠷ᠎ᠦᠨ ᠨᠡᠷᠡᠶ᠋ᠢᠳᠦᠯ᠂ ᠭᠤᠷᠪᠠᠳᠠᠬᠢ ᠡᠲᠡᠭᠡᠳ᠎ᠦᠨ ᠨᠥᠯᠥᠭᠡᠯᠡᠬᠦ᠌ ᠬᠦᠴᠦᠨ᠎ᠦ ᠦᠨᠡᠯᠡᠯᠲᠡ ᠵᠡᠷᠭᠡ᠎ᠶᠢ ᠲᠤᠰᠢᠶᠠᠬᠤ᠎ᠶᠢᠨ ᠬᠠᠮᠲᠤ᠌᠂ ᠥᠰᠥᠭ ᠪᠢᠴᠢᠭ᠎ᠦᠨ ᠲᠣᠳᠣᠷᠬᠠᠶ᠋ᠢᠯᠠᠯᠲᠠ᠎ᠶᠢᠨ ᠮᠠᠲ᠋ᠧᠷᠢᠶᠠᠯ᠎ᠢ ᠳᠠᠭᠠᠯᠳᠤᠭᠤᠯᠵᠤ᠂ ᠲᠠᠪᠴᠠᠩ (ᠤᠯᠠᠨ ᠨᠡᠢ᠌ᠲᠡ᠎ᠶᠢᠨ ᠳ᠋ᠤᠭ᠋ᠠᠷ)᠎ᠤᠨ ᠦᠨᠳᠦᠰᠦᠨ ᠪᠠᠶ᠋ᠢᠳᠠᠯ᠂ ᠣᠨ᠎ᠤ ᠡᠬᠡ ᠪᠢᠴᠢᠭ ᠨᠡᠢ᠌ᠲᠡᠯᠡᠭᠰᠡᠨ ᠬᠡᠮᠵᠢᠶ᠎ᠡ ᠵᠡᠷᠭᠡ ᠬᠠᠮᠢᠶ᠎ᠠ ᠪᠥᠬᠥᠶ ᠲᠣᠭ᠎ᠠ ᠪᠠᠷᠢᠮᠲᠠ ᠵᠢᠴᠢ ᠨᠡᠶ᠋ᠢᠭᠡᠮ᠎ᠦᠨ ᠲᠤᠰᠬᠠᠯ ᠵᠡᠷᠭᠡ᠎ᠶᠢ ᠲᠠᠨᠢᠯᠴᠠᠭᠤᠯᠵᠤ᠂ ᠥᠰᠥᠭ ᠪᠢᠴᠢᠭ᠎ᠢ 500 ᠥᠰᠥᠭ᠎ᠦᠨ ᠳᠣᠲᠣᠷ᠎ᠠ ᠬᠢᠵᠠᠭᠠᠷᠯᠠᠵᠤ᠂ ᠬᠡᠯᠪᠡᠷᠢ᠎ᠨᠢ Word ᠪᠤᠶᠤ PDF ᠪᠣᠯᠤᠨ᠎ᠠ᠃

ᠪᠦᠲᠦᠭᠡᠯ ᠪᠣᠯᠭ᠋ᠠᠨ ᠨᠢ 300 ᠥᠰᠥᠭ᠎ᠦᠨ ᠳᠣᠲᠣᠷᠠᠬᠢ ᠲᠣᠪᠴᠢ ᠲᠠᠨᠢᠯᠴᠠᠭᠤᠯᠭ᠎ᠠ᠎ᠶᠢ ᠳᠠᠭᠠᠯᠳᠤᠭᠤᠯᠵᠤ᠂ ᠪᠦᠲᠦᠭᠡᠯ᠎ᠦᠨ ᠭᠤᠤᠯ ᠰᠡᠳᠦᠪ᠂ ᠵᠣᠬᠢᠶᠠᠨ ᠪᠦᠲᠦᠭᠡᠭᠰᠡᠨ ᠠᠬᠤᠶ ᠪᠠᠶ᠋ᠢᠳᠠᠯ᠂ ᠵᠣᠬᠢᠶᠠᠨ ᠪᠦᠲᠦᠭᠡᠭᠰᠡᠨ ᠠᠴᠢ ᠬᠣᠯᠪᠣᠭᠳᠠᠯ᠂ ᠳᠠᠮᠵᠢᠭᠤᠯᠤᠭᠳᠠᠭᠰᠠᠨ ᠦᠷ᠎ᠡ ᠳ᠋ᠦᠩ ᠵᠡᠷᠭᠡ ᠠᠭᠤᠯᠭ᠎ᠠ᠎ᠶᠢ ᠪᠠᠭᠲᠠᠭᠠᠨ᠎ᠠ᠃ ᠪᠦᠲᠦᠭᠡᠯ᠎ᠦᠨ ᠭᠠᠳᠠᠷ ᠦᠵᠡᠭᠦᠯᠭᠡ᠎ᠶᠢᠨ ᠵᠢᠷᠤᠭ᠎ᠢ ᠪᠢᠯᠧᠲ ᠥᠭᠬᠦ᠌ ᠦᠶᠡᠰ᠎ᠳᠤ ᠬᠡᠷᠡᠭᠯᠡᠵᠦ᠍᠂ ᠵᠢᠷᠤᠭ ᠳᠦᠷᠰᠦ ᠨᠢ ᠲᠣᠳᠣᠷᠬᠠᠶ᠂ ᠪᠦᠲᠦᠭᠡᠯ᠎ᠦᠨ ᠭᠤᠤᠯ ᠰᠡᠳᠦᠪ᠎ᠲᠦ᠍ ᠨᠡᠶ᠋ᠢᠴᠡᠭᠰᠡᠨ ᠪᠠᠢ᠌ᠬᠤ᠎ᠶᠢ ᠱᠠᠭᠠᠷᠳᠠᠵᠤ᠂ JPG ᠂ PNG ᠂ JPEG ᠬᠡᠯᠪᠡᠷᠢ ᠪᠠᠢ᠌ᠵᠤ᠂ ᠵᠢᠷᠤᠭ᠎ᠤᠨ ᠬᠡᠮ ᠬᠡᠮᠵᠢᠶ᠎ᠡ ᠨᠢ 750 * 422 ( ᠥᠷᠭᠡᠨ * ᠥᠨᠳᠥᠷ ) ᠪᠠᠶ᠋ᠢᠬᠤ ᠬᠡᠷᠡᠭᠲᠡᠶ᠃

ᠨᠢᠭᠡᠨᠲᠡ ᠢᠨᠲ᠋ᠸᠷ ᠰᠦᠯᠵᠢᠶᠡᠨ ᠳᠡᠭᠡᠷ᠎ᠡ ᠨᠡᠶ᠋ᠢᠲᠡᠯᠡᠭᠰᠡᠨ ᠪᠦᠲᠦᠭᠡᠯ᠎ᠳᠦ ᠤᠤᠯ ᠪᠦᠲᠦᠭᠡᠯ᠎ᠢ ᠬᠠᠩᠭᠠᠬᠤ᠎ᠠᠴᠠ ᠭᠠᠳᠠᠨ᠎ᠠ ᠪᠠᠰᠠ ᠰᠦᠯᠵᠢᠶᠡᠨ᠎ᠦ ᠬᠠᠶᠢᠭ᠎ᠢ ᠬᠠᠩᠭᠠᠬᠤ ᠬᠡᠷᠡᠭᠲᠡᠢ᠃ AI ᠮᠡᠷᠭᠡᠵᠢᠯ᠎ᠢ ᠬᠡᠷᠡᠭᠯᠡᠵᠦ᠍ ᠵᠣᠬᠢᠶᠠᠨ ᠪᠦᠲᠦᠭᠡᠭᠰᠡᠨ ᠬᠠᠮᠢᠶ᠎ᠠ ᠪᠥᠬᠥᠶ ᠪᠦᠲᠦᠭᠡᠯ᠎ᠨᠢ 《ᠲᠣᠰ ᠠᠭᠤᠯᠭ᠎ᠠ᠎ᠶᠢ AI ᠮᠡᠷᠭᠡᠵᠢᠯ᠎ᠢᠶᠡᠷ ᠲᠤᠰᠠᠯᠠᠪᠠ》 ᠭᠡᠵᠦ ᠲᠣᠳᠣᠷᠬᠠᠢ᠌ᠯᠠᠬᠤ ᠬᠡᠷᠡᠭᠲᠡᠶ᠃

ᠭᠤᠷᠪᠠ᠂ ᠪᠦᠲᠦᠭᠡᠯ ᠰᠢᠯᠭᠠᠷᠠᠭᠤᠯᠬᠤ

ᠲᠣᠰ ᠤᠳᠠᠭᠠᠨ᠎ᠤ ᠠᠵᠢᠯᠯᠠᠭ᠎ᠠ ᠨᠢ ᠵᠣᠬᠢᠶᠠᠯ ᠪᠦᠲᠦᠭᠡᠯ ᠡᠯᠰᠡᠬᠦ᠌᠂ ᠰᠦᠯᠵᠢᠶᠡᠨ ᠳᠡᠭᠡᠷ᠎ᠡ ᠪᠢᠯᠧᠲ ᠥᠭᠬᠦ᠌᠂ ᠲᠤᠰᠬᠠᠶ ᠮᠡᠷᠭᠡᠵᠢᠯᠲᠡᠨ ᠦᠨᠡᠯᠡᠨ ᠲᠣᠭᠲᠠᠭᠠᠬᠤ᠂ ᠶᠡᠷᠦᠩᠬᠡᠶ᠋ᠢᠯᠡᠨ ᠦᠨᠡᠯᠡᠨ ᠲᠣᠭᠲᠠᠭᠠᠬᠤ ᠳᠥᠷᠪᠡᠨ ᠶᠡᠬᠡ ᠭᠣᠭᠴᠣᠭ᠎ᠠ᠎ᠶᠢ ᠬᠠᠮᠤᠷᠴᠤ᠌᠂ ᠥᠰᠥᠭ ᠪᠢᠴᠢᠭ᠂ ᠬᠡᠷᠡᠯ ᠵᠢᠷᠤᠭ᠂ ᠲᠠᠭᠤ ᠳᠦᠷᠰᠦ ᠰᠢᠩᠭᠡᠭᠡᠯᠲᠡ᠂ ᠴᠢᠬᠤᠯᠠ ᠶᠡᠬᠡ ᠴᠤᠤᠷᠬᠠᠯ᠎ᠢ ᠨᠢᠴᠤᠭᠠᠬᠤ ᠲᠤᠰᠬᠠᠶ ᠰᠡᠳᠦᠪ ᠵᠢᠴᠢ ᠴᠤᠤᠷᠬᠠᠯ᠎ᠢ ᠨᠢᠴᠤᠭᠠᠬᠤ ᠰᠢᠯᠢᠳᠡᠭ ᠲᠠᠪᠴᠠᠩ (ᠤᠯᠠᠨ ᠨᠡᠢ᠌ᠲᠡ᠎ᠶᠢᠨ ᠳ᠋ᠤᠭ᠋ᠠᠷ) ᠵᠡᠷᠭᠡ ᠲᠠᠪᠤᠨ ᠶᠡᠬᠡ ᠲᠥᠷᠥᠯ᠎ᠦᠨ ᠢᠨᠲ᠋ᠸᠷ ᠰᠦᠯᠵᠢᠶᠡᠨ᠎ᠦ ᠴᠤᠤᠷᠬᠠᠯ᠎ᠢ ᠨᠢᠴᠤᠭᠠᠭᠰᠠᠨ ᠰᠢᠯᠢᠳᠡᠭ ᠪᠦᠲᠦᠭᠡᠯ᠎ᠢ ᠢᠯᠡᠷᠡᠭᠦᠯᠬᠦ᠌᠎ᠪᠡᠷ ᠵᠣᠷᠢᠯᠭ᠎ᠠ᠎ᠪᠠᠨ ᠪᠣᠯᠭᠠᠵᠠᠶ᠃ ᠵᠢᠭᠰᠠᠭᠠᠯᠲᠠ᠎ᠳᠤ ᠣᠷᠣᠭᠰᠠᠨ ᠨᠡᠷᠡᠰ᠎ᠢ 《ᠥᠪᠥᠷ ᠮᠣᠩᠭᠣᠯ᠎ᠤᠨ ᠰᠦᠯᠵᠢᠶ᠎ᠡ᠎ᠪᠡᠷ ᠢᠯᠡᠴᠢᠯᠡᠨ ᠮᠡᠳᠡᠭᠦᠯᠬᠦ᠌》 ᠵᠢᠷᠭᠢᠶ᠎ᠡ᠎ᠶᠢᠨ ᠣᠯᠠᠨ ᠨᠡᠶ᠋ᠢᠲᠡ᠎ᠶᠢᠨ ᠳ᠋ᠤᠭᠠᠷ᠎ᠲᠤ᠌ ᠵᠠᠷᠯᠠᠨ ᠨᠡᠶ᠋ᠢᠲᠡᠯᠡᠵᠦ᠍᠂ ᠵᠠᠷᠯᠠᠨ ᠨᠡᠶ᠋ᠢᠲᠡᠯᠡᠬᠦ᠌ ᠬᠤᠭᠤᠴᠠᠭ᠎ᠠ ᠳᠠᠭᠤᠰᠲᠠᠯ᠎ᠠ ᠤᠨᠳᠤᠤ ᠰᠠᠨᠠᠯ ᠥᠬᠡᠶ ᠪᠣᠯ ᠢᠷᠠᠭᠤ ᠠᠯᠳᠠᠷ᠎ᠤᠨ ᠦᠨᠡᠮᠯᠡᠯ ᠣᠯᠭᠣᠨ᠎ᠠ᠃ ᠡᠭᠦᠨ᠎ᠦ ᠬᠠᠮᠲᠤ᠌᠂ ᠰᠢᠯᠢᠳᠡᠭ ᠪᠦᠲᠦᠭᠡᠯ᠎ᠢ ᠨᠢ ᠰᠣᠩᠭᠣᠵᠤ ᠥᠪᠥᠷ ᠮᠣᠩᠭᠣᠯ᠎ᠢ ᠲᠥᠯᠥᠭᠡᠯᠡᠨ ᠳᠤᠮᠳᠠᠳᠤ ᠤᠯᠤᠰ᠎ᠤᠨ ᠢᠨᠲ᠋ᠸᠷ ᠰᠦᠯᠵᠢᠶᠡᠨ᠎ᠦ ᠴᠤᠤᠷᠬᠠᠯ᠎ᠢ ᠨᠢᠴᠤᠭᠠᠬᠤ ᠬᠠᠮᠲᠤᠷᠠᠭᠰᠠᠨ ᠲᠠᠪᠴᠠᠩ᠎ᠤᠨ 《ᠶᠢᠰᠦᠳᠦᠭᠡᠷ ᠬᠤᠭᠤᠴᠠᠭᠠᠨ᠎ᠤ ᠢᠨᠲ᠋ᠸᠷ ᠰᠦᠯᠵᠢᠶᠡᠨ᠎ᠦ ᠴᠤᠤᠷᠬᠠᠯ᠎ᠢ ᠨᠢᠴᠤᠭᠠᠭᠰᠠᠨ ᠰᠢᠯᠢᠳᠡᠭ ᠪᠦᠲᠦᠭᠡᠯ》᠎ᠤᠨ ᠡᠯᠰᠡᠯᠲᠡ᠎ᠶᠢᠨ ᠠᠵᠢᠯᠯᠠᠭ᠎ᠠ᠎ᠳᠤ ᠣᠷᠣᠯᠴᠠᠭᠤᠯᠤᠨ ᠦᠨᠡᠯᠡᠨ᠎ᠡ᠃

ᠳᠥᠷᠪᠡ᠂ ᠪᠦᠲᠦᠭᠡᠯ᠎ᠦᠨ ᠡᠷᠬᠡ ᠠᠰᠢᠭ

ᠨᠡᠷ᠎ᠡ ᠮᠡᠳᠡᠭᠦᠯᠦᠭᠰᠡᠨ ᠵᠣᠬᠢᠶᠠᠯ ᠪᠦᠲᠦᠭᠡᠯ ᠨᠢ ᠡᠷᠬᠡᠪᠰᠢ ᠤᠬ ᠪᠦᠲᠦᠭᠡᠯ ᠪᠠᠢ᠌ᠵᠤ᠂ ᠬᠡᠪᠯᠡᠯ᠎ᠦᠨ ᠡᠷᠬᠡ᠎ᠶᠢᠨ ᠠᠰᠠᠭᠤᠳᠠᠯ᠎ᠳᠤ ᠬᠣᠯᠪᠣᠭᠳᠠᠬᠤ ᠦᠭᠡᠢ ᠪᠠᠢ᠌ᠬᠤ ᠬᠡᠷᠡᠭᠲᠡᠢ᠃ ᠪᠦᠲᠦᠭᠡᠯ᠎ᠳᠦ ᠵᠢᠱ᠌ᠢᠶᠡᠯᠡᠪᠡᠯ ᠪᠤᠰᠤᠳ᠎ᠤᠨ ᠬᠦᠷᠦᠭ ᠵᠢᠷᠤᠭ᠂ ᠭᠡᠷᠡᠯ ᠵᠢᠷᠤᠭ᠂ ᠵᠢᠷᠤᠭ ᠪᠤᠶᠤ ᠳᠠᠭᠤᠤ ᠬᠥᠭᠵᠢᠮ ᠵᠡᠷᠭᠡ ᠠᠭᠤᠯᠭ᠎ᠠ᠎ᠶᠢ ᠬᠡᠷᠡᠭᠯᠡᠬᠦ᠌᠎ᠳᠦ ᠡᠷᠬᠡᠪᠰᠢ ᠢᠷᠡᠯᠳᠡ᠎ᠶᠢ ᠨᠢ ᠲᠣᠳᠣᠷᠬᠠᠶ᠋ᠢᠯᠠᠬᠤ ᠬᠡᠷᠡᠭᠲᠡᠢ ᠪᠥᠭᠡᠳ ᠡᠷᠬᠡ ᠣᠯᠭᠣᠯᠲᠠ ᠲᠠᠢ ᠬᠡᠷᠡᠭᠯᠡᠬᠦ᠌ ᠬᠡᠷᠡᠭᠲᠡᠢ᠂ ᠪᠦᠲᠦᠭᠡᠯ᠎ᠦᠨ ᠠᠭᠤᠯᠭ᠎ᠠ᠎ᠳᠤ ᠬᠣᠯᠪᠣᠭᠳᠠᠭᠰᠠᠨ ᠬᠦᠷᠦᠭ ᠵᠢᠷᠤᠭ᠎ᠤᠨ ᠡᠷᠬᠡ᠂ ᠵᠣᠬᠢᠶᠠᠯ ᠪᠦᠲᠦᠭᠡᠯ᠎ᠦᠨ ᠡᠷᠬᠡ ( ᠬᠡᠪᠯᠡᠯ᠎ᠦᠨ ᠡᠷᠬᠡ ) ᠵᠢᠨ ᠠᠰᠠᠭᠤᠳᠠᠯ᠎ᠢ ᠡᠬᠡ ᠪᠢᠴᠢᠭ ᠬᠠᠩᠭ᠋ᠠᠭᠴᠢ ᠬᠠᠷᠢᠭᠤᠴᠠᠨ᠎ᠠ᠃ ᠪᠦᠲᠦᠭᠡᠯ᠎ᠢ ᠮᠡᠳᠡᠭᠦᠯᠦᠨ ᠬᠦᠷᠭᠡᠭᠰᠡᠨ᠎ᠦ ᠲᠠᠷᠠᠭ᠎ᠠ ᠳᠠᠷᠤᠢ ᠭᠣᠣᠯᠯᠠᠨ ᠡᠷᠬᠢᠯᠡᠬᠦ᠌ ᠲᠠᠯ᠎ᠠ᠎ᠳᠤ ᠡᠷᠬᠡ ᠣᠯᠭᠣᠵᠤ ᠲᠤᠰ ᠪᠦᠲᠦᠭᠡᠯ᠎ᠢ ᠵᠠᠭᠤᠴᠢᠯᠠᠭᠤᠷ᠂ ᠲᠧᠯᠸᠢᠰ ᠷᠠᠳᠢᠣ᠋ ᠨᠡᠪᠲᠡᠷᠡᠭᠦᠯᠭᠡ᠂ ᠢᠨᠲ᠋ᠸᠷ ᠰᠦᠯᠵᠢᠶ᠎ᠡ ᠵᠡᠷᠭᠡ ᠲᠠᠪᠴᠠᠩ᠎ᠤᠨ ᠨᠡᠶ᠋ᠢᠲᠡ᠎ᠶᠢᠨ ᠠᠰᠠᠷᠠᠮᠵᠢ᠎ᠶᠢᠨ ᠤᠬᠠᠭᠤᠯᠭ᠎ᠠ᠎ᠳᠤ ᠦᠨ᠎ᠡ ᠲᠥᠯᠥᠪᠦᠷᠢ ᠦᠭᠡᠢ᠎ᠪᠡᠷ ᠬᠡᠷᠡᠭᠯᠡᠭᠦᠯᠦᠭᠰᠡᠨ᠎ᠢᠶᠡᠷ ᠦᠵᠡᠨ᠎ᠡ᠃ ᠵᠣᠬᠢᠶᠠᠯ ᠪᠦᠲᠦᠭᠡᠯ᠎ᠨᠢ ᠭᠤᠷᠪᠠᠳᠠᠬᠢ ᠡᠲᠡᠭᠡᠳ᠎ᠦᠨ ᠬᠠᠤᠯᠢ ᠶᠣᠰᠣᠨ᠎ᠤ ᠡᠷᠬᠡ ᠠᠰᠢᠭ᠎ᠲᠤ᠌ ᠬᠠᠯᠳᠠᠵᠤ ᠪᠣᠯᠬᠤ ᠥᠬᠡᠶ᠂ ᠬᠠᠤᠯᠢ ᠴᠠᠭᠠᠵᠠ ᠬᠠᠤᠯᠢ ᠲᠣᠭᠲᠠᠭᠠᠯ ᠲᠥᠷᠥ᠎ᠶᠢᠨ ᠪᠣᠳᠣᠯᠭ᠎ᠠ᠎ᠶᠢᠨ ᠱᠠᠭᠠᠷᠳᠠᠯᠭ᠎ᠠ᠎ᠶᠢ ᠵᠥᠷᠢᠴᠡᠵᠦ᠍ ᠪᠣᠯᠬᠤ ᠥᠬᠡᠶ᠃ ᠬᠡᠷᠪᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠎ᠢ ᠵᠥᠷᠢᠴᠡᠭᠰᠡᠨ ᠪᠠᠶ᠋ᠢᠪᠠᠯ᠂ ᠠᠵᠢᠯᠯᠠᠭ᠎ᠠ᠎ᠶᠢ ᠡᠷᠬᠢᠯᠡᠭᠰᠡᠨ ᠲᠠᠯ᠎ᠠ ᠨᠢ ᠲᠤᠰ ᠪᠦᠲᠦᠭᠡᠯ᠎ᠦᠨ ᠦᠨᠡᠯᠡᠯᠲᠡ᠎ᠳᠦ ᠣᠷᠣᠯᠴᠠᠬᠤ ᠡᠷᠬᠡ᠎ᠶᠢ ᠨᠢ ᠬᠠᠰᠤᠬᠤ ᠡᠷᠬᠡ᠎ᠲᠡᠶ᠃

ᠲᠠᠪᠤ᠂ ᠪᠤᠰᠤᠳ ᠲᠣᠳᠣᠷᠬᠠᠶ᠋ᠢᠯᠠᠯᠲᠠ

1. ᠬᠠᠤᠯᠢ ᠴᠠᠭᠠᠵᠠ᠎ᠶᠢᠨ ᠲᠣᠭᠲᠠᠭᠠᠭᠰᠠᠨ ᠬᠡᠪᠴᠢᠶᠡᠨ ᠳᠣᠲᠣᠷ᠎ᠠ᠂ ᠠᠵᠢᠯᠯᠠᠭ᠎ᠠ᠎ᠶᠢᠨ ᠭᠤᠤᠯᠯᠠᠨ ᠡᠷᠭᠢᠯᠡᠬᠦ᠌ ᠲᠠᠯ᠎ᠠ ᠨᠢ ᠠᠵᠢᠯᠯᠠᠭ᠎ᠠ᠎ᠶᠢᠨ ᠲᠦᠷᠢᠮ᠎ᠳᠦ ᠲᠠᠶ᠋ᠢᠯᠪᠤᠷᠢᠯᠠᠯᠲᠠ ᠬᠢᠬᠦ᠌᠎ᠶᠢᠨ ᠬᠠᠮᠲᠤ᠌ ᠠᠵᠢᠯᠯᠠᠭ᠎ᠠ᠎ᠶᠢᠨ ᠪᠣᠳᠠᠲᠤ᠌ ᠪᠠᠶ᠋ᠢᠳᠠᠯ᠎ᠢ ᠦᠨᠳᠦᠰᠦᠯᠡᠨ ᠲᠣᠬᠢᠷᠠᠭᠤᠯᠤᠯᠲᠠ ᠬᠢᠬᠦ᠌ ᠡᠷᠬᠡ᠎ᠲᠡᠶ᠃

2.ᠡᠬᠡ ᠪᠢᠴᠢᠭ ᠬᠠᠩᠭ᠋ᠠᠭᠴᠢ ᠲᠣᠰ ᠠᠯᠪᠠᠨ ᠵᠠᠷ᠎ᠤᠨ ᠠᠭᠤᠯᠭ᠎ᠠ᠎ᠶᠢ ᠪᠦᠷᠢᠨ ᠤᠩᠰᠢᠬᠤ ᠬᠡᠷᠡᠭᠲᠡᠶ᠂ ᠡᠬᠡ ᠪᠢᠴᠢᠭ ᠥᠭᠭᠦᠮᠡᠭᠴᠡ ᠲᠣᠰ ᠡᠯᠰᠡᠨ ᠴᠤᠭᠯᠠᠭᠤᠯᠬᠤ ᠠᠯᠪᠠᠨ ᠵᠠᠷ᠎ᠤᠨ ᠠᠭᠤᠯᠭ᠎ᠠ᠎ᠶᠢᠨ ᠬᠢᠵᠠᠭᠠᠷᠯᠠᠯ᠎ᠢ ᠭᠥᠯᠢᠶᠡᠨ ᠠᠪᠤᠭᠰᠠᠨ᠎ᠢᠶᠠᠷ ᠦᠵᠡᠨ᠎ᠡ᠃


ᠲᠤᠰ ᠬᠣᠯᠪᠣᠭ᠋ᠠᠰᠤ᠎ᠶᠢ ᠲᠣᠪᠴᠢᠳᠠᠵᠤ ᠨᠠᠷᠢᠨ ᠠᠭᠤᠯᠭ᠎ᠠ᠎ᠶᠢ ᠦᠵᠡᠭᠡᠷᠡᠢ!


ᠢᠷᠡᠯᠲᠡ᠄ ᠦᠪᠦᠷ ᠮᠤᠩᠭᠤᠯ᠎ᠤᠨ ᠢᠨᠲ᠋ᠸᠷ ᠰᠦᠯᠵᠢᠶᠡᠨ᠎ᠤ ᠬᠠᠤᠯᠢ ᠡᠴᠡ ᠵᠦᠷᠢᠴᠡᠭᠰᠡ ᠪᠠ ᠡᠷᠡᠭᠦᠯ ᠪᠤᠰᠤ ᠮᠡᠳᠡᠭᠡ ᠵᠠᠩᠬᠢ ᠵᠢ ᠢᠯᠡᠴᠢᠯᠡᠨ ᠮᠡᠳᠡᠭᠦᠯᠬᠦ ᠳᠠᠪᠴᠠᠩ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面