2026-10-15 17:01:20
ᠨᠠᠮᠤᠷ᠎ᠤᠨ ᠬᠤᠷᠢᠶᠠᠯᠲᠠ᠎ᠶᠢᠨ ᠬᠤᠭᠤᠴᠠᠭᠠᠨ᠎ᠳᠠᠬᠢ ᠵᠠᠮ ᠬᠠᠷᠢᠯᠴᠠᠭᠠᠨ᠎ᠤ ᠠᠮᠤᠷ ᠲᠦᠪᠰᠢᠨ᠎ᠦ ᠲᠣᠪᠣᠢᠮ᠎ᠠ ᠠᠶᠤᠯ ᠲᠦᠭᠰᠢᠭᠦᠷᠢ᠎ᠶᠢ ᠡᠷᠡᠰ ᠰᠡᠷᠭᠡᠢᠯᠡᠨ ᠠᠷᠢᠯᠭᠠᠵᠤ᠂ ᠵᠠᠮ ᠬᠠᠷᠢᠯᠴᠠᠭᠠᠨ᠎ᠤ ᠡᠨᠳᠡᠯ᠎ᠢ ᠪᠥᠬᠥ ᠬᠦᠴᠦᠨ᠎ᠢᠶᠡᠷ᠎ᠢᠶᠡᠨ ᠰᠡᠷᠭᠡᠢᠯᠡᠬᠦ᠎ᠶᠢᠨ ᠲᠤᠰᠠᠳᠠ᠂ ᠬᠥᠬᠡᠬᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠰᠠᠯᠪᠤᠷᠢ ᠠᠩᠭᠢ ᠪᠥᠬᠥ ᠬᠣᠲᠠ᠎ᠶᠢᠨ ᠬᠡᠪᠴᠢᠶᠡᠨ᠎ᠳᠦ ᠨᠠᠮᠤᠷ᠎ᠤᠨ ᠬᠤᠷᠢᠶᠠᠯᠲᠠ᠎ᠶᠢᠨ ᠬᠤᠭᠤᠴᠠᠭᠠᠨ᠎ᠳᠠᠬᠢ ᠵᠠᠮ ᠬᠠᠷᠢᠯᠴᠠᠭᠠᠨ᠎ᠤ ᠠᠮᠤᠷ ᠲᠦᠪᠰᠢᠨ᠎ᠦ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ᠎ᠤ ᠠᠵᠢᠯᠯᠠᠭ᠎ᠠ ᠨᠢ ᠥᠷᠯᠥᠭᠡ᠂ ᠦᠳᠡ᠎ᠶᠢᠨ ᠬᠣᠢᠨ᠎ᠠ᠂ ᠣᠷᠣᠢ ᠵᠡᠷᠭᠡ ᠠᠵᠢᠯ ᠬᠥᠳᠡᠯᠮᠦᠷᠢ ᠬᠢᠵᠦ ᠠᠵᠢᠯ ᠡᠭᠦᠷᠭᠡ ᠭᠦᠢᠴᠡᠳᠬᠡᠬᠦ ᠣᠷᠭᠢᠯ ᠦᠶ᠎ᠡ᠎ᠶᠢ ᠴᠢᠩᠭ᠎ᠠ ᠠᠩᠬᠠᠷᠴᠤ᠂ ᠲᠠᠷᠢᠶᠠᠯᠠᠩ᠎ᠳᠤ ᠬᠡᠷᠡᠭᠯᠡᠬᠦ ᠮᠠᠰᠢᠨ ᠲᠡᠷᠭᠡ᠎ᠶᠢᠨ ᠬᠠᠤᠯᠢ ᠡᠴᠨ ᠵᠥᠷᠢᠴᠡᠨ ᠬᠥᠮᠥᠨ ᠰᠠᠭᠤᠯᠭᠠᠬᠤ᠂ ᠮᠤᠬᠤᠯᠠᠬ ᠲᠡᠷᠭᠡ᠎ᠶᠢᠨ ᠬᠦᠮᠦᠨ ᠤ᠋ ᠲᠤᠭ᠎ᠠ ᠡᠴᠨ ᠬᠡᠳᠦᠷᠡᠬᠦᠯᠦᠨ ᠰᠠᠭᠤᠯᠭᠠᠬᠤ᠂ ᠬᠥᠮᠥᠨ ᠪᠠᠷᠠᠭ᠎ᠠ᠎ᠶᠢ ᠬᠣᠯᠢᠯᠳᠤᠭᠤᠯᠤᠨ ᠵᠦᠬᠡᠬᠡᠪᠦᠷᠢᠯᠡᠬᠦ ᠵᠡᠷᠭᠡ ᠵᠠᠮ ᠬᠠᠷᠢᠯᠴᠠᠭᠠᠨ᠎ᠤ ᠬᠠᠤᠯᠢ᠎ᠡᠴᠨ ᠵᠥᠷᠢᠴᠡᠭᠰᠡᠨ ᠠᠵᠢᠯᠯᠠᠭ᠎ᠠ᠎ᠶᠢ ᠴᠢᠩᠭ᠎ᠠ ᠴᠡᠭᠴᠡᠯᠡᠨ ᠵᠠᠰᠠᠵᠠᠢ᠃
ᠨᠠᠮᠤᠷ᠎ᠤᠨ ᠬᠤᠷᠢᠶᠠᠯᠲᠠ᠎ᠶᠢᠨ ᠦᠶ᠎ᠡ᠎ᠶᠢᠨ ᠬᠥᠳᠡᠭᠡ ᠲᠣᠰᠬᠣᠨ᠎ᠤ ᠵᠠᠮ᠂ ᠬᠣᠲᠠ ᠬᠥᠳᠡᠭᠡ᠎ᠶᠢᠨ ᠠᠭᠤᠯᠵᠠᠷ᠂ ᠬᠥᠯᠥᠰᠦᠨ ᠠᠵᠢᠯᠴᠢᠨ ᠲᠥᠪᠯᠡᠷᠡᠭᠰᠡᠨ ᠵᠠᠮ᠎ᠤᠨ ᠮᠠᠰᠢᠨ ᠲᠡᠷᠭᠡᠨ᠎ᠦ ᠲᠣᠭ᠎ᠠ ᠶᠡᠬᠡᠪᠡᠷ ᠨᠡᠮᠡᠭᠳᠡᠭᠰᠡᠨ ᠪᠣᠳᠠᠲᠤ ᠪᠠᠢᠳᠠᠯ᠎ᠳᠦ ᠴᠢᠭᠯᠡᠭᠦᠯᠦᠨ᠂ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠰᠠᠯᠠᠭ᠎ᠠ ᠮᠥᠴᠢᠷ ᠡᠴᠨ 24 ᠴᠠᠭ᠎ᠢᠶᠠᠷ ᠴᠠᠭᠳᠠᠨ ᠲᠣᠭᠣᠷᠢᠵᠤ ᠬᠠᠮᠢᠶᠠᠷᠤᠨ ᠡᠵᠡᠮᠳᠡᠬᠦ ᠲᠣᠭᠲᠠᠴᠠ᠎ᠳᠤ ᠲᠦᠰᠢᠭᠯᠡᠨ᠂ ᠴᠠᠭᠳᠠᠭᠠᠨ᠎ᠤ ᠬᠦᠴᠦᠨ᠎ᠢ ᠰᠢᠨᠵᠢᠯᠡᠬᠦ ᠤᠬᠠᠭᠠᠨᠴᠢ᠎ᠪᠠᠷ ᠲᠣᠬᠢᠷᠠᠭᠤᠯᠤᠨ ᠪᠠᠢᠷᠢᠯᠠᠭᠤᠯᠪᠠ᠃ ᠬᠣᠲᠠ ᠵᠢᠨ ᠲᠣᠭᠣᠷᠢᠭ᠋᠎ᠤᠨ ᠶᠡᠬᠡ ᠠᠩᠭᠢ ᠬᠢᠭᠡᠳ ᠬᠣᠰᠢᠭᠤ ᠰᠢᠶᠠᠨ᠎ᠤ ᠶᠡᠬᠡ ᠠᠩᠭᠢ ᠲᠠᠷᠢᠶᠠᠨ ᠭᠠᠵᠠᠷ᠎ᠤᠨ ᠣᠷᠣᠵᠤ ᠭᠠᠷᠬᠤ ᠵᠠᠮ᠎ᠤᠨ ᠠᠭᠤᠯᠵᠠᠷ᠂ ᠲᠠᠷᠢᠶᠠᠯᠠᠩ᠎ᠤᠨ ᠮᠠᠰᠢᠨ᠎ᠤ ᠲᠡᠭᠡᠭᠡᠪᠦᠷᠢ᠎ᠶᠢᠨ ᠵᠠᠪᠠᠯ ᠥᠩᠭᠡᠷᠡᠬᠦ ᠵᠠᠮ ᠵᠡᠷᠭᠡ ᠪᠡᠷ ᠭᠦᠨᠵᠡᠭᠡᠢᠷᠡᠨ᠂ ᠪᠦᠬᠦᠯᠢ ᠡᠳᠦᠷ᠎ᠢᠶᠡᠷ ᠣᠨᠣᠪᠴᠢᠲᠠᠶ ᠬᠠᠮᠢᠶᠠᠷᠤᠨ ᠡᠵᠡᠮᠳᠡᠬᠦ᠎ᠶᠢ ᠬᠡᠷᠡᠭᠵᠢᠭᠦᠯᠵᠦ᠂ ᠬᠠᠮᠢᠶᠠᠷᠤᠨ ᠡᠵᠡᠮᠳᠡᠬᠦ ᠪᠠᠯᠠᠢ ᠣᠷᠣᠨ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠠᠷᠢᠯᠭᠠᠵᠠᠢ᠃
ᠵᠠᠮ ᠳᠡᠭᠡᠷᠡᠬᠢ ᠬᠠᠤᠯᠢ ᠬᠡᠷᠡᠭᠵᠢᠭᠦᠯᠬᠦ ᠭᠣᠭᠴᠣᠭ᠎ᠠ᠎ᠳᠤ᠂ ᠴᠠᠬᠳᠠᠭ᠎ᠠ ᠨᠠᠷ ᠵᠠᠪᠠᠯ ᠪᠠᠢᠴᠠᠭᠠᠬᠤ᠂ ᠵᠠᠪᠠᠯ ᠵᠠᠯᠠᠷᠠᠭᠤᠯᠬᠤ᠂ ᠵᠠᠪᠠᠯ ᠰᠢᠢᠳᠪᠦᠷᠢᠯᠡᠬᠦ᠂ ᠵᠠᠪᠠᠯ ᠰᠤᠷᠭᠠᠬᠤ᠂ ᠵᠠᠪᠠᠯ ᠲᠠᠩᠰᠠᠯᠠᠭᠤᠯᠬᠤ ᠶᠠᠪᠤᠳᠠᠯ ᠢ᠋ ᠴᠢᠩᠭ᠎ᠠ ᠨᠠᠢᠳᠠᠪᠤᠷᠢᠵᠢᠭᠤᠯᠵᠤ᠂ ᠨᠠᠭᠠᠰᠢ ᠴᠠᠭᠠᠰᠢ ᠶᠠᠪᠤᠬᠤ ᠲᠠᠷᠢᠶᠠᠯᠠᠩ᠎ᠳᠤ ᠬᠡᠷᠡᠭᠯᠡᠬᠦ ᠮᠠᠰᠢᠨ ᠲᠡᠷᠭᠡ᠂ ᠮᠤᠬᠤᠯᠠᠬ ᠲᠡᠷᠭᠡ ᠵᠡᠷᠭᠡ ᠭᠣᠣᠯᠳᠠᠯᠭ᠎ᠠ᠎ᠲᠠᠢ ᠮᠠᠰᠢᠨ ᠲᠡᠷᠬᠡ ᠵᠢ ᠵᠠᠪᠠᠯ ᠪᠠᠢᠴᠠᠭᠠᠬᠤ ᠵᠢ ᠪᠡᠶᠡᠯᠡᠬᠦᠯᠵᠡᠢ᠃ ᠵᠠᠮ ᠬᠠᠷᠢᠯᠴᠠᠭᠠᠨ᠎ᠤ ᠬᠠᠤᠯᠢ᠎ᠡᠴᠨ ᠵᠥᠷᠢᠴᠡᠭᠰᠡᠨ ᠦᠢᠯᠡ ᠠᠵᠢᠯᠯᠠᠭ᠎ᠠ᠎ᠶᠢ ᠣᠯᠵᠤ ᠮᠡᠳᠡᠪᠡᠯ ᠲᠡᠷᠡ ᠳᠠᠷᠤᠢ ᠳ᠋ᠤᠨᠢ ᠵᠠᠯᠠᠷᠠᠭᠤᠯᠵᠤ᠂ ᠪᠠᠢᠴᠠᠭᠠᠨ ᠲᠣᠳᠣᠯᠠᠭᠰᠠᠨ ᠬᠠᠤᠯᠢ᠎ᠡᠴᠨ ᠵᠥᠷᠢᠴᠡᠭᠰᠡᠨ ᠦᠢᠯᠡ ᠠᠵᠢᠯᠯᠠᠭ᠎ᠠ᠎ᠶᠢ ᠬᠠᠤᠯᠢ ᠶᠣᠰᠣᠭᠠᠷ ᠴᠢᠩᠭ᠎ᠠ ᠰᠢᠢᠳᠬᠡᠨ ᠲᠣᠷᠭᠠᠬᠤ᠎ᠶᠢᠨ ᠬᠠᠮᠲᠤ᠂ ᠭᠡᠮ ᠰᠤᠭᠤᠭ᠎ᠦᠨ ᠪᠢᠲᠡᠭᠦᠮᠵᠢᠲᠦ ᠬᠠᠮᠢᠶᠠᠷᠤᠯᠲᠠ᠎ᠶᠢᠨ ᠡᠬᠡ ᠳᠠᠩᠰᠠ ᠪᠠᠢᠭᠤᠯᠵᠤ᠂ 《ᠨᠢᠭᠡ᠎ᠶᠢ ᠣᠯᠵᠤ ᠮᠡᠳᠡᠪᠡᠯ ᠨᠢᠭᠡ᠎ᠶᠢ ᠪᠠᠢᠴᠠᠭᠠᠨ ᠰᠢᠢᠳᠪᠦᠷᠢᠯᠡᠵᠦ ᠨᠢᠭᠡ᠎ᠶᠢ ᠰᠤᠷᠭᠠᠨ ᠬᠥᠮᠥᠵᠢᠭᠦᠯᠬᠦ》 ᠵᠢ ᠪᠡᠶᠡᠯᠡᠬᠦᠯᠵᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃