2026-10-16 11:10:57
ᠰᠤᠷᠪᠤᠯᠵᠢᠯᠠᠭᠴᠢ ᠤᠢᠷ᠎ᠠ᠎ᠶᠢᠨ ᠡᠳᠦᠷ ᠳᠣᠲᠣᠭᠠᠳᠤ᠎ᠶᠢ ᠬᠠᠮᠠᠭᠠᠯᠠᠬᠤ ᠶᠠᠮᠤᠨ᠎ᠡᠴᠡ ᠣᠶ᠋ᠢᠯᠠᠭᠠᠭᠰᠠᠨ ᠵᠢᠡᠷ᠂ ᠭᠤᠸᠠᠩᠳᠦ᠋ᠩ᠎ᠦᠨ ᠵᠠᠨᠵᠢᠶᠠᠩ᠂ ᠭᠤᠸᠠᠩᠰᠢ᠎ᠶᠢᠨ ᠹᠠᠩ ᠴᠧᠩ ᠭᠠᠩ᠂ ᠶᠦᠨᠨᠠᠨ᠎ᠤ ᠺᠦᠨᠮᠢᠩ᠂ ᠰᠢᠨᠵᠢᠶᠠᠩ᠎ᠤᠨ ᠦᠷᠦᠮᠴᠢ ᠵᠡᠷᠭᠡ ᠣᠯᠠᠨ ᠭᠠᠵᠠᠷ᠎ᠤᠨ ᠬᠢᠨ 12 ᠤ᠋ᠨ ᠡᠳᠦᠷ ᠨᠢᠭᠤᠴᠠ᠎ᠪᠠᠷ ᠠᠷᠠᠯᠵᠢᠶᠠᠯᠠᠭᠰᠠᠨ ᠨᠠᠪᠴᠢᠨ ᠲᠠᠮᠠᠬᠢ᠎ᠶᠢ ᠬᠤᠷᠢᠶᠠᠨ ᠠᠪᠴᠦ ᠲᠥᠪᠯᠡᠷᠡᠭᠦᠯᠦᠨ ᠤᠰᠠᠳᠬᠠᠬᠤ ᠵᠢᠴᠢ 《ᠵᠠᠰᠠᠯᠳᠠ ᠵᠢ ᠴᠢᠨᠭᠭᠠᠳᠬᠠᠬᠤ᠂ ᠠᠷᠠᠳ ᠲᠦᠮᠡᠨ ᠤ᠋ ᠠᠮᠤᠷ ᠲᠦᠪᠰᠢᠨ ᠢ᠋ ᠬᠠᠮᠠᠭᠠᠯᠠᠬᠤ᠂ ᠬᠥᠭᠵᠢᠯᠲᠡ᠎ᠶᠢ ᠠᠬᠢᠭᠤᠯᠬᠤ》ᠬᠠᠤᠯᠢ ᠲᠦᠭᠡᠮᠡᠯᠵᠢᠭᠦᠯᠬᠦ᠌ ᠤᠬᠠᠭᠤᠯᠭ᠎ᠠ᠎ᠶᠢᠨ ᠠᠵᠢᠯᠯᠠᠭ᠎ᠠ᠎ᠶᠢ ᠵᠡᠷᠭᠡ ᠪᠡᠷ ᠥᠷᠨᠢᠭᠦᠯᠵᠦ᠍᠂ ᠨᠢᠭᠤᠴᠠ᠎ᠪᠠᠷ ᠠᠷᠠᠯᠵᠢᠶᠠᠯᠠᠭᠰᠠᠨ ᠨᠠᠪᠴᠢᠨ ᠲᠠᠮᠠᠬᠢ᠎ᠶᠢ ᠨᠡᠶ᠋ᠢᠲᠡ 1.88 ᠳ᠋ᠦᠩᠰᠢᠭᠤᠷ ᠰᠢᠷᠬᠡᠭ᠂ ᠡᠯᠧᠺᠲ᠋ᠷᠣᠨ ᠲᠠᠮᠠᠬᠢ᠎ᠶᠢ 5.5 ᠲᠦᠮᠡ ᠭᠠᠷᠤᠶ ᠰᠢᠷᠬᠡᠭ᠂ ᠬᠡᠷᠴᠢᠮᠡᠯ ᠲᠠᠮᠠᠬᠢ᠎ᠶᠢ 2.7 ᠲᠣᠨ ᠤᠰᠠᠳᠬᠠᠪᠠ᠃ ᠲᠣᠰ ᠤᠳᠠᠭ᠎ᠠ ᠵᠢᠨ ᠤᠰᠠᠳᠬᠠᠬᠤ ᠠᠵᠢᠯᠯᠠᠭ᠎ᠠ᠎ᠶᠢ ᠠᠮᠢᠳᠤ ᠪᠣᠳᠠᠰ᠎ᠢᠶᠠᠷ ᠴᠠᠬᠢᠯᠭᠠᠨ ᠭᠠᠷᠭᠠᠬᠤ ᠵᠡᠷᠭᠡ ᠬᠤᠤᠷ ᠥᠬᠡᠶ᠋ᠢᠳᠡᠭᠦᠯᠦᠨ ᠣᠷᠴᠢᠨ ᠲᠣᠭᠣᠷᠢᠨ᠎ᠢ ᠬᠠᠮᠠᠭᠠᠯᠠᠬᠤ ᠠᠷᠭ᠎ᠠ ᠮᠠᠶᠢᠭ᠎ᠢᠶᠠᠷ ᠳᠠᠮᠵᠢᠭᠤᠯᠤᠨ ᠬᠡᠷᠡᠭᠵᠢᠭᠦᠯᠵᠦ᠍᠂ ᠬᠠᠶᠠᠭᠳᠠᠮᠠᠯ ᠪᠣᠳᠠᠰ᠎ᠢ ᠡᠨᠧᠷᠭᠢᠵᠢᠭᠦᠯᠬᠦ᠌᠂ ᠡᠬᠢ ᠪᠠᠶᠠᠯᠢᠭᠵᠢᠭᠤᠯᠤᠨ ᠠᠰᠢᠭᠯᠠᠬᠤ᠎ᠶᠢ ᠪᠦᠲᠦᠮᠵᠢᠲᠡᠶ ᠪᠡᠶᠡᠯᠡᠭᠦᠯᠪᠠ᠃
ᠵᠢᠯ ᠤ᠋ᠨ ᠡᠬᠢᠨ ᠡᠴᠡ ᠨᠠᠭᠠᠰᠢ᠂ ᠤᠯᠤᠰ᠎ᠤᠨ ᠨᠠᠪᠴᠢᠨ ᠲᠠᠮᠠᠬᠢ ᠲᠤᠰᠬᠠᠶ ᠬᠤᠳᠠᠯᠳᠤᠬᠤ ᠲᠣᠪᠴᠢᠶ᠎ᠠ᠂ ᠳᠣᠲᠣᠭᠠᠳᠤ᠎ᠶᠢ ᠬᠠᠮᠠᠭᠠᠯᠠᠬᠤ ᠶᠠᠮᠤᠨ᠂ ᠪᠣᠭᠣᠮᠲᠠ᠎ᠶᠢᠨ ᠶᠡᠷᠦᠩᠬᠡᠶ ᠵᠠᠬᠢᠷᠭ᠎ᠠ ᠵᠡᠷᠭᠡ 13 ᠰᠠᠯᠠᠭ᠎ᠠ ᠮᠥᠴᠢᠷ ᠬᠠᠮᠲᠤᠷᠠᠨ 《ᠡᠬᠢ ᠡᠬᠦᠰᠤᠯ ᠢ᠋ ᠨᠢ ᠴᠡᠪᠡᠷᠯᠡᠵᠦ᠍ ᠬᠡᠯᠬᠢᠶ᠎ᠡ᠎ᠶᠢ ᠨᠢ ᠲᠠᠰᠤᠯᠬᠤ》 ᠲᠤᠰᠬᠠᠶ ᠠᠵᠢᠯᠯᠠᠭ᠎ᠠ ᠥᠷᠨᠢᠭᠦᠯᠵᠦ᠍᠂ ᠲᠠᠮᠠᠬᠢ᠎ᠳᠤ ᠬᠣᠯᠪᠣᠭᠳᠠᠭᠰᠠᠨ ᠡᠯ᠎ᠡ ᠲᠥᠷᠥᠯ᠎ᠦᠨ ᠬᠠᠤᠯᠢ᠎ᠶᠢ ᠵᠥᠷᠢᠴᠡᠭᠰᠡᠨ ᠶᠠᠯᠠᠲᠤ᠌ ᠠᠵᠢᠯᠯᠠᠭ᠎ᠠ᠎ᠳᠤ ᠲᠥᠪᠯᠡᠷᠡᠭᠦᠯᠦᠨ ᠴᠣᠬᠢᠯᠲᠠ ᠥᠭᠴᠡᠶ᠃ ᠡᠯ᠎ᠡ ᠰᠠᠯᠠᠭ᠎ᠠ ᠮᠥᠴᠢᠷ ᠨᠠᠪᠴᠢᠨ ᠲᠠᠮᠠᠬᠢ᠎ᠵᠢ ᠬᠢᠯᠢ᠎ᠶᠢᠨ ᠭᠠᠳᠠᠨ᠎ᠠ ᠬᠠᠭᠤᠷᠮᠠᠭ ᠦᠢᠯᠡᠳᠴᠤ ᠨᠢᠭᠤᠴᠠ᠎ᠪᠠᠷ ᠠᠷᠠᠯᠵᠢᠶᠠᠯᠠᠨ ᠬᠢᠯᠢ᠎ᠳᠦ ᠤᠷᠤᠭᠤᠯᠬᠤ ᠳ᠋ᠤ ᠴᠣᠬᠢᠯᠲᠠ ᠥᠭᠬᠦ᠌᠎ᠪᠡᠷ ᠭᠣᠣᠯᠳᠠᠯᠭ᠎ᠠ ᠪᠣᠯᠭᠠᠵᠤ᠂ ᠬᠠᠤᠯᠢ ᠶᠣᠰᠣᠭᠠᠷ ᠵᠠᠯᠬᠠᠭᠠᠨ ᠰᠢ᠌ᠳᠬᠡᠬᠦ᠌᠂ ᠬᠣᠯᠪᠣᠭᠠᠯᠠᠨ ᠴᠣᠬᠢᠯᠲᠠ ᠥᠭᠬᠦ᠌᠂ ᠶᠡᠷᠦᠩᠬᠡᠶ᠋ᠢᠯᠡᠨ ᠵᠠᠰᠠᠬᠤ᠎ᠶᠢ ᠤᠶᠠᠯᠳᠤᠭᠤᠯᠬᠤ᠎ᠶᠢ ᠪᠠᠷᠢᠮᠲᠠᠯᠠᠵᠤ᠂ 《ᠬᠤᠳᠠᠯᠳᠤᠨ ᠠᠪᠬᠤ᠂ ᠲᠡᠭᠡᠭᠡᠪᠦᠷᠢᠯᠡᠬᠦ᠌᠂ ᠬᠠᠳᠠᠭᠠᠯᠠᠬᠤ᠂ ᠪᠣᠷᠣᠯᠠᠭᠤᠯᠬᠤ》 ᠪᠦᠬᠦ᠌ ᠬᠡᠯᠬᠢᠶ᠎ᠡ᠎ᠶᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠡᠷᠴᠢᠮ᠎ᠢᠶᠡᠨ ᠴᠢᠩᠭᠠᠷᠠᠭᠤᠯᠵᠤ᠂ ᠬᠢᠯᠢ᠎ᠶᠢᠨ ᠪᠣᠭᠣᠮᠲᠠ᠂ ᠬᠢᠯᠢ ᠵᠢᠴᠢ ᠨᠢᠭᠤᠴᠠ᠎ᠪᠠᠷ ᠠᠷᠠᠯᠵᠢᠶᠠᠯᠠᠬᠤ ᠡᠬᠢ ᠡᠭᠦᠰᠦᠯ᠎ᠦᠨ ᠲᠤᠰᠬᠠᠢ ᠵᠠᠰᠠᠯᠲᠠ᠎ᠶᠢ ᠴᠢᠩᠭᠠᠳᠬᠠᠵᠤ᠂ ᠨᠢᠭᠤᠴᠠ᠎ᠪᠠᠷ ᠠᠷᠠᠯᠵᠢᠶᠠᠯᠠᠬᠤ᠎ᠳᠤ ᠴᠣᠬᠢᠯᠲᠠ ᠥᠭᠬᠦ᠌ ᠤᠯᠤᠰ ᠠᠯᠤᠰᠯᠠᠭᠰᠠᠨ ᠬᠠᠤᠯᠢ ᠬᠡᠷᠡᠭᠵᠢᠭᠦᠯᠬᠦ᠌ ᠬᠠᠮᠲᠤᠷᠠᠯᠴᠠᠭ᠎ᠠ᠎ᠶᠢ ᠴᠢᠩᠭᠠᠳᠬᠠᠵᠤ᠂ ᠨᠠᠪᠴᠢᠨ ᠲᠠᠮᠠᠬᠢ᠎ᠶᠢ ᠨᠢᠭᠤᠴᠠ᠎ᠪᠠᠷ ᠠᠷᠠᠯᠵᠢᠶᠠᠯᠠᠬᠤ ᠵᠠᠮ᠎ᠢ ᠪᠦᠬᠦ᠌ ᠬᠦᠴᠦ᠎ᠪᠡᠷ᠎ᠢᠶᠡᠨ ᠪᠢᠲᠡᠭᠦᠮᠵᠢᠯᠡᠵᠦ᠍᠂ ᠲᠠᠮᠠᠬᠢ᠎ᠲᠠᠶ ᠬᠣᠯᠪᠣᠭᠳᠠᠭᠰᠠᠨ ᠬᠠᠤᠯᠢ᠎ᠡᠴᠡ ᠵᠥᠷᠢᠴᠡᠭᠰᠡᠨ ᠶᠠᠯᠠᠲᠤ᠌ ᠠᠵᠢᠯᠯᠠᠭ᠎ᠠ᠎ᠶᠢᠨ ᠡᠬᠦᠰᠬᠦ ᠬᠥᠷᠥᠰᠥ᠍ ᠰᠢᠷᠣᠢ ᠪᠠ ᠨᠥᠬᠥᠴᠡᠯ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠠᠷᠢᠯᠭᠠᠪᠠ᠃ ᠲᠤᠰᠬᠠᠶ ᠠᠵᠢᠯᠯᠠᠭ᠎ᠠ᠎ᠶᠢ ᠥᠷᠨᠢᠭᠦᠯᠦᠭᠰᠡᠨ᠎ᠡᠴᠡ ᠨᠠᠭᠠᠰᠢ᠂ ᠪᠥᠬᠥ᠌ ᠤᠯᠤᠰ᠎ᠲᠤ᠌ ᠨᠠᠪᠴᠢᠨ ᠲᠠᠮᠠᠬᠢ ᠨᠢᠭᠤᠴᠠ᠎ᠪᠠᠷ ᠠᠷᠠᠯᠵᠢᠶᠠᠯᠠᠭᠰᠠᠨ ᠬᠡᠷᠡᠭ᠎ᠢ ᠨᠡᠶ᠋ᠢᠲᠡ 4500 ᠭᠠᠷᠤᠶ ᠪᠠᠶ᠋ᠢᠴᠠᠭᠠᠨ ᠰᠢᠢᠳᠪᠦᠷᠢᠯᠡᠵᠦ᠍᠂ ᠬᠢᠯᠢ᠎ᠪᠡᠷ ᠣᠷᠣᠵᠤ ᠢᠷᠡᠭᠰᠡᠨ ᠨᠢᠭᠤᠴᠡ ᠪᠡᠷ ᠠᠷᠠᠯᠵᠢᠶᠠᠯᠠᠬᠰᠡᠨ ᠨᠠᠪᠴᠢᠨ ᠲᠠᠮᠠᠬᠢ᠎ᠶᠢ 12.7 ᠳ᠋ᠦᠩᠰᠢᠭᠤᠷ ᠰᠢᠷᠬᠡᠭ᠂ ᠰᠢᠭᠠᠷ ᠲᠠᠮᠠᠬᠢ᠎ᠶᠢ 15 ᠲᠦᠮᠡᠨ ᠰᠢᠷᠬᠡᠭ᠂ ᠬᠡᠷᠴᠢᠮᠡᠯ ᠲᠠᠮᠠᠬᠢᠲᠠᠮᠠᠬᠢᠨ ᠤ᠋ ᠨᠠᠪᠴᠢ ᠵᠢ 39.8 ᠲᠣᠨ ᠪᠠᠢᠴᠠᠭᠠᠨ ᠰᠢᠢᠳᠪᠤᠷᠢᠯᠡᠵᠤ᠂ ᠪᠠᠷᠠᠭᠠᠨ᠎ᠤ ᠥᠷᠲᠡᠭ ᠨᠢ 23.7 ᠳ᠋ᠦᠩᠰᠢᠭᠤᠷ ᠲᠥᠭᠥᠷᠢᠭ᠎ᠲᠦ᠍ ᠬᠦᠷᠴᠡᠶ᠃
ᠪᠥᠬᠥ᠌ ᠤᠯᠤᠰ᠎ᠤᠨ ᠪᠣᠭᠣᠮᠲᠠ᠎ᠶᠢᠨ ᠨᠢᠭᠤᠴᠠ᠎ᠪᠠᠷ ᠠᠷᠠᠯᠵᠢᠶᠠᠯᠠᠭᠰᠠᠳᠢ ᠪᠠᠷᠢᠪᠴᠢᠯᠠᠬᠤ ᠰᠠᠯᠠᠭ᠎ᠠ ᠮᠥᠴᠢᠷ ᠨᠠᠪᠴᠢᠨ ᠲᠠᠮᠠᠬᠢ᠎ᠶᠢ ᠨᠢᠭᠤᠴᠠ᠎ᠪᠠᠷ ᠠᠷᠠᠯᠵᠢᠶᠠᠯᠠᠬᠤ᠎ᠳᠤ ᠬᠣᠯᠪᠣᠭᠳᠠᠭᠰᠠᠨ ᠬᠠᠤᠯᠢ᠎ᠶᠢ ᠵᠥᠷᠢᠴᠡᠭᠰᠡᠨ ᠶᠠᠯᠠᠲᠤ᠌ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ᠌ ᠥᠨᠳᠥᠷ ᠳᠠᠷᠤᠯᠲᠠᠲᠤ᠌ ᠪᠠᠶ᠋ᠢᠳᠠᠯ᠎ᠢᠶᠠᠨ ᠢᠮᠠᠭᠲᠠ ᠪᠠᠲᠤᠯᠠᠵᠤ᠂ ᠰᠠᠯᠠᠭ᠎ᠠ ᠮᠥᠴᠢᠷ᠎ᠦᠨ ᠬᠣᠯᠪᠣᠭᠠᠯᠠᠨ ᠬᠠᠮᠵᠢᠯᠴᠠᠬᠤ᠎ᠶᠢ ᠴᠢᠩᠭᠠᠳᠬᠠᠵᠤ᠂ ᠬᠠᠮᠲᠤᠷᠠᠨ ᠬᠠᠤᠯᠢ ᠬᠡᠷᠡᠭᠵᠢᠭᠦᠯᠬᠦ᠌ ᠣᠷᠳᠣ ᠬᠤᠭᠤᠴᠠᠭᠠᠨ᠎ᠤ ᠪᠦᠲᠦᠮᠵᠢᠲᠡᠶ ᠲᠣᠭᠲᠠᠴᠠ᠎ᠶᠢ ᠲᠡᠭᠦᠯᠳᠡᠷᠵᠢᠭᠦᠯᠵᠦ᠍᠂ ᠣᠯᠠᠨ ᠤᠯᠤᠰ᠎ᠤᠨ ᠬᠠᠤᠯᠢ ᠬᠡᠷᠡᠭᠵᠢᠭᠦᠯᠬᠦ᠌ ᠬᠠᠮᠲᠤᠷᠠᠯᠴᠠᠭ᠎ᠠ᠎ᠶᠢ ᠴᠢᠩᠭᠠᠳᠬᠠᠵᠤ᠂ ᠶᠡᠷᠦᠩᠬᠡᠶ᠋ᠢᠯᠡᠭᠰᠡᠨ ᠵᠠᠰᠠᠯᠲᠠ᠎ᠶᠢ ᠭᠦᠨᠵᠡᠭᠡᠶ ᠠᠬᠢᠭᠤᠯᠵᠤ᠂ ᠰᠠᠶ᠋ᠢᠨ ᠰᠠᠶ᠋ᠢᠬᠠᠨ ᠵᠠᠬ᠎ᠠ ᠳᠡᠯᠭᠡᠭᠦᠷ᠎ᠦᠨ ᠠᠵᠤ ᠠᠬᠤᠶ᠎ᠶᠢᠨ ᠡᠮᠬᠢ ᠳᠢᠭᠯᠢᠮ᠎ᠢ ᠦᠨᠡᠨ ᠬᠦ᠌ ᠬᠠᠮᠠᠭᠠᠯᠠᠵᠤ᠂ ᠤᠯᠤᠰ᠎ᠤᠨ ᠠᠰᠢᠭ ᠲᠤᠰᠠ ᠪᠠ ᠬᠡᠷᠡᠭᠯᠡᠭᠴᠢᠳ᠎ᠦᠨ ᠡᠷᠬᠡ ᠠᠰᠢᠭ᠎ᠢ ᠪᠥᠬᠥ᠌ ᠬᠦᠴᠦᠨ᠎ᠢᠶᠡᠷ᠎ᠢᠶᠡᠨ ᠬᠠᠮᠠᠭᠠᠯᠠᠬᠤ ᠪᠤᠯᠤᠨ᠎ᠠ᠃
(ᠰᠢᠨᠬᠤᠸᠠ ᠬᠣᠷᠢᠶ᠎ᠠ ᠵᠢᠨ ᠪᠡᠭᠡᠵᠢᠩ᠎ᠦᠨ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃