ᠲᠡᠷᠢᠭᠦᠨ ᠨᠢᠭᠤᠷ>ᠴᠠᠭ ᠲᠦᠷᠦ> ᠬᠠᠤᠯᠢ ᠳᠦᠷᠢᠮ

2026-10-16 11:07:45

ᠵᠣᠬᠢᠶᠠᠭ᠍ᠴᠢ᠄ ᠬᠠᠨ ᠯᠢᠩ ᠯᠢᠩ ᠣᠩᠱᠢᠭ᠍ᠰᠠᠨ ᠣᠳᠠᠭ᠎ᠠ᠄ 3

ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭᠠᠬᠤ ᠲᠤᠰᠬᠠᠢ ᠲᠡᠮᠡᠴᠡᠯ᠎ᠢ ᠭᠦᠨᠵᠡᠭᠡᠢᠷᠡᠭᠦᠯᠬᠦ ᠲᠤᠬᠠᠢ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ᠎ᠦ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭᠠᠷ ᠴᠣᠬᠢᠯᠲᠠ ᠥᠭᠴᠦ᠂ ᠨᠡᠢᠭᠡᠮ᠎ᠦᠨ ᠲᠥᠪ ᠭᠣᠥᠯᠴᠢ ᠰᠢᠳᠤᠷᠭᠤ ᠶᠣᠰᠣ᠌ ᠪᠠ ᠣᠯᠠᠨ ᠲᠦᠮᠡᠨ᠎ᠦ ᠬᠠᠤᠯᠢ ᠶᠣᠰᠣᠨ᠎ᠤ ᠡᠷᠬᠡ ᠠᠰᠢᠭ᠋᠎ᠢ ᠦᠨᠡᠨ ᠬᠦ᠌ ᠬᠠᠮᠠᠭᠠᠯᠠᠬᠤ᠎ᠶᠢᠨ ᠲᠥᠯᠥᠭᠡ᠂ ᠲᠦᠷᠦᠬᠦᠬᠡᠨ ᠤᠯᠠᠭᠠᠨᠴᠠᠪ ᠬᠤᠳᠠ ᠵᠢᠨ ᠵᠢᠨᠢᠩ ᠲᠤᠭᠤᠷᠢᠭ᠎ᠦᠨ ᠠᠷᠠᠳ᠎ᠦᠨ ᠰᠢᠬᠦᠬᠦ ᠬᠤᠷᠢᠶ᠎ᠠ᠂ ᠲᠦᠩᠯᠢᠶᠤᠤ ᠬᠤᠳᠠ ᠵᠢᠨ ᠬᠤᠷᠴᠢᠨ ᠲᠤᠭᠤᠷᠢᠭ᠎ᠦᠨ ᠠᠷᠠᠳ᠎ᠦᠨ ᠰᠢᠬᠦᠬᠦ ᠬᠤᠷᠢᠶ᠎ᠠ ᠲᠤᠰ ᠲᠤᠰ ᠬᠠᠷᠬᠢᠰ ᠬᠦᠴᠦᠨ᠎ᠳᠦ ᠬᠤᠯᠪᠤᠬᠳᠠᠬᠰᠠᠨ 2 ᠶᠠᠯᠠᠳᠤ ᠬᠡᠷᠡᠭ᠎ᠦᠨ ᠲᠠᠰᠤᠯᠤᠯᠳᠠ ᠵᠢ ᠨᠡᠢᠳᠡᠯᠡᠪᠡ᠃ 28 ᠵᠠᠭᠠᠯᠳᠤᠭᠳᠠᠭ᠍ᠴᠢ᠎ᠶᠢ ᠠᠷᠪᠠᠨ ᠬᠣᠶᠠᠷ ᠵᠢᠯ᠎ᠡᠴᠡ ᠨᠢᠭᠡ ᠵᠢᠯ ᠭᠤᠷᠪᠠᠨ ᠰᠠᠷ᠎ᠠ ᠢ᠋ᠢᠨ ᠬᠤᠭᠤᠴᠠᠭ᠎ᠠ᠎ᠲᠠᠢ ᠬᠣᠷᠢᠬᠤ ᠡᠷᠡᠭᠦᠦ ᠪᠡᠷ ᠰᠢᠢᠳᠬᠡᠨ᠂ ᠵᠣᠭᠣᠰ᠎ᠢᠶᠠᠷ ᠲᠣᠷᠭᠠᠬᠤ᠎ᠪᠠᠷ ᠨᠡᠢᠯᠡᠭᠦᠯᠦᠨ ᠰᠢᠢᠳᠭᠡᠵᠦ᠂ ᠬᠣᠣᠷᠯᠠᠭᠳᠠᠭ᠍ᠴᠢ᠎ᠶᠢᠨ ᠬᠣᠬᠢᠷᠠᠯ᠎ᠢ ᠵᠠᠷᠯᠢᠭ᠍ᠳᠠᠨ ᠲᠥᠯᠥᠭᠦᠯᠪᠡ᠃

ᠳᠤᠰ ᠤᠳᠠᠭ᠎ᠠ᠎ᠶᠢᠨ ᠰᠢᠭᠦᠨ ᠲᠠᠰᠤᠯᠤᠯᠲᠠ᠎ᠶᠢ ᠲᠥᠪᠯᠡᠷᠡᠭᠦᠯᠦᠨ ᠨᠡᠢᠲᠡᠯᠡᠭᠰᠡᠨ ᠬᠠᠷᠬᠢᠰ ᠬᠦᠴᠦᠨ᠎ᠳᠤ ᠬᠤᠯᠪᠤᠬᠲᠠᠬᠰᠠᠨ 2 ᠬᠡᠷᠡᠭ᠎ᠲᠦ᠂ ᠲᠤᠰ ᠲᠤᠰ ᠥᠪᠡᠷ᠎ᠦᠨ ᠰᠦᠯᠵᠢᠶᠡᠨ᠎ᠦ ᠨᠥᠯᠥᠭᠡᠯᠡᠬᠦ ᠬᠦᠴᠦᠨ᠎ᠢᠶᠡᠨ ᠠᠰᠢᠭ᠍ᠯᠠᠨ᠂ ᠦᠢᠮᠡᠭᠦᠯᠬᠦ᠂ ᠵᠠᠭᠤᠷᠠᠯᠳᠤᠬᠤ᠂ ᠢᠯᠡᠴᠢᠯᠡᠨ ᠮᠡᠳᠡᠭᠦᠯᠵᠦ ᠵᠠᠭᠠᠯᠳᠤᠬᠤ ᠵᠡᠷᠭᠡ ᠵᠥᠭᠡᠯᠡᠨ ᠬᠦᠴᠦᠷᠬᠡᠭᠯᠡᠯ᠎ᠦᠨ ᠠᠷᠭ᠎ᠠ ᠪᠠᠷᠢᠯ᠎ᠢ ᠦᠷᠭᠦᠯᠵᠢᠯᠡᠨ ᠬᠡᠷᠡᠭᠯᠡᠵᠦ ᠬᠤᠳᠠᠯᠳᠤᠭᠠᠴᠢᠨ ᠡᠷᠦᠬᠡ ᠵᠡᠷᠭᠡ ᠬᠣᠣᠷᠯᠠᠭᠳᠠᠭ᠍ᠴᠢ᠎ᠡᠴᠨ ᠬᠢᠬᠠᠨ ᠠᠪᠬᠤ᠂ ᠠᠯᠪᠠᠳᠠᠯᠭ᠎ᠠ᠎ᠪᠠᠷ ᠠᠷᠠᠯᠵᠢᠶᠠᠯᠠᠬᠤ᠂ ᠦ ᠡᠷᠢᠵᠦ ᠬᠡᠷᠡᠭ ᠡᠳᠦᠬᠦ ᠵᠡᠷᠭᠡ ᠶᠠᠯᠠᠲᠤ ᠠᠵᠢᠯᠯᠠᠭ᠎ᠠ ᠬᠢᠭᠰᠡᠨ ᠵᠢᠴᠢ ᠰᠦᠯᠵᠢᠶᠡᠨ᠎ᠦ ᠲᠠᠪᠴᠠᠩ᠎ᠢ ᠠᠰᠢᠭ᠍ᠯᠠᠨ ᠠᠵᠢᠯ ᠡᠷᠢᠭᠰᠡᠳ᠎ᠢ ᠬᠠᠭᠤᠷᠤᠨ ᠮᠡᠬᠡᠯᠡᠭᠰᠡᠨ᠎ᠦ ᠲᠠᠷᠠᠭ᠎ᠠ ᠬᠠᠤᠯᠢ ᠪᠤᠰᠤ᠎ᠪᠠᠷ ᠬᠣᠷᠢᠬᠤ᠂ ᠬᠢᠬᠠᠵᠤ ᠠᠪᠬᠤ ᠵᠡᠷᠭᠡ ᠶᠠᠯᠠᠲᠤ ᠠᠵᠢᠯᠯᠠᠭ᠎ᠠ᠎ᠬᠢᠵᠦ᠂ ᠬᠣᠣᠷᠯᠠᠭᠳᠠᠭ᠍ᠴᠢ᠎ᠶᠢᠨ ᠪᠡᠶ᠎ᠡ ᠰᠡᠳᠬᠢᠯ᠎ᠦᠨ ᠡᠷᠡᠭᠦᠯ ᠮᠡᠨᠳᠤ ᠪᠠ ᠡᠳ᠋ ᠬᠥᠷᠥᠩᠭᠡ᠎ᠳᠦ ᠬᠦᠨᠳᠦ ᠶᠡᠬᠡ ᠬᠣᠬᠢᠷᠠᠯ ᠤᠴᠠᠷᠠᠭᠤᠯᠵᠤ᠂ ᠲᠤᠬᠠᠢ᠎ᠶᠢᠨ ᠭᠠᠵᠠᠷ᠎ᠤᠨ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠵᠢᠴᠢ ᠠᠵᠢᠯᠴᠢᠨ ᠡᠯᠰᠡᠵᠦ ᠠᠵᠢᠯᠴᠢᠨ ᠬᠡᠷᠡᠭᠯᠡᠬᠦ ᠣᠷᠴᠢᠨ ᠨᠥᠬᠥᠴᠡᠯ᠎ᠢ ᠬᠦᠨᠳᠦ ᠨᠣᠴᠢᠲᠠᠢ ᠡᠪᠳᠡᠭᠰᠡᠨ᠎ᠳᠤ ᠬᠤᠯᠪᠤᠬᠲᠠᠪᠠ᠃ ᠨᠢᠭᠡᠳᠦᠭᠡᠷ ᠰᠢᠭᠦᠯᠲᠡ᠎ᠶᠢᠨ ᠰᠢᠭᠦᠬᠦ ᠬᠣᠷᠢᠶ᠎ᠠ ᠨᠢ ᠬᠡᠷᠡᠭ᠎ᠢ ᠰᠢᠭᠦᠬᠦ ᠶᠠᠪᠤᠴᠠ᠎ᠳᠤ ᠬᠠᠤᠯᠢ ᠶᠣᠰᠣᠭᠠᠷ ᠴᠢᠩᠭ᠎ᠠ ᠰᠢᠢᠳᠬᠡᠬᠦ ᠴᠢᠭᠯᠡᠯᠲᠡ᠎ᠶᠢ ᠪᠠᠷᠢᠮᠲᠠᠯᠠᠨ ᠲᠤᠭᠤᠰᠢᠯᠠᠭᠤᠯᠵᠤ᠂ ᠶᠠᠯ᠎ᠠ ᠪᠠ ᠡᠷᠡᠭᠦᠦ᠎ᠶᠢ ᠬᠠᠤᠯᠢ᠎ᠪᠠᠷ ᠲᠣᠭᠲᠠᠭᠠᠬᠤ᠂ ᠭᠡᠷᠡᠴᠢ ᠪᠠᠷᠢᠮᠲᠠ᠎ᠪᠠᠷ ᠲᠠᠰᠤᠯᠤᠨ ᠲᠣᠭᠲᠠᠭᠠᠬᠤ ᠵᠡᠷᠭᠡ ᠬᠠᠤᠯᠢ ᠴᠠᠭᠠᠵᠠ᠎ᠶᠢᠨ ᠵᠠᠷᠴᠢᠮ᠎ᠢ ᠴᠢᠩᠭ᠎ᠠ ᠵᠢᠷᠤᠮᠯᠠᠵᠤ᠂ ᠬᠡᠷᠡᠭ᠎ᠦᠨ ᠪᠣᠳᠠᠲᠤ ᠶᠠᠪᠤᠳᠠᠯ᠎ᠤᠨ ᠪᠣᠭᠣᠮᠲᠠ᠂ ᠭᠡᠷᠡᠴᠢ ᠪᠠᠷᠢᠮᠲᠠ᠎ᠶᠢᠨ ᠪᠣᠭᠣᠮᠲᠠ᠂ ᠵᠢᠷᠤᠮ᠎ᠤᠨ ᠪᠣᠭᠣᠮᠲᠠ ᠪᠠ ᠬᠠᠤᠯᠢ ᠴᠠᠭᠠᠵᠠ᠎ᠶᠢ ᠬᠡᠷᠡᠭᠯᠡᠬᠦ ᠪᠣᠭᠣᠮᠲᠠ᠎ᠶᠢ ᠰᠠᠢᠲᠤᠷ ᠠᠳᠬᠤᠪᠠ᠃

ᠥᠪᠥᠷ ᠮᠣᠩᠭᠣᠯ᠎ᠤᠨ ᠰᠢᠭᠦᠬᠦ ᠬᠣᠷᠢᠶ᠎ᠠ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭᠠᠬᠤ ᠲᠤᠰᠬᠠᠢ ᠲᠡᠮᠡᠴᠡᠯ᠎ᠢ ᠭᠦᠨᠵᠡᠭᠡᠢᠷᠡᠭᠦᠯᠬᠦ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠡᠷᠡᠰ ᠭᠤᠢᠪᠢᠰᠢ ᠦᠭᠡᠢ ᠡᠭᠦᠷᠭᠡᠯᠡᠵᠦ᠂ ᠪᠣᠳᠠᠲᠤ ᠶᠠᠪᠤᠳᠠᠯ᠎ᠢᠶᠠᠷ ᠦᠨᠳᠦᠰᠦᠯᠡᠯ ᠪᠣᠯᠭᠠᠬᠤ᠂ ᠬᠠᠤᠯᠢ ᠴᠠᠭᠠᠵᠠ᠎ᠪᠠᠷ ᠪᠠᠷᠢᠮᠵᠢᠶ᠎ᠠ ᠪᠣᠯᠭᠠᠬᠤ᠎ᠶᠢ ᠪᠠᠷᠢᠮᠲᠠᠯᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭᠠᠬᠤ ᠲᠤᠰᠬᠠᠢ ᠲᠡᠮᠡᠴᠡᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶᠢ ᠦᠷᠭᠦᠯᠵᠢᠯᠡᠨ ᠠᠬᠢᠭᠤᠯᠵᠤ᠂ ᠠᠷᠠᠳ ᠤᠯᠠᠨ᠎ᠤ ᠠᠮᠤᠷ ᠲᠦᠪᠰᠢᠨ᠎ᠦ ᠲᠥᠷᠥᠭᠳᠡᠯ ᠪᠠ ᠬᠠᠨᠤᠮᠵᠢ᠎ᠶᠢᠨ ᠬᠡᠮᠵᠢᠶ᠎ᠡ᠎ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面