2026-10-19 11:35:44
ᠰᠤᠷᠪᠤᠯᠵᠢᠯᠠᠭᠴᠢ ᠤᠢᠷ᠎ᠡ ᠵᠢᠨ ᠡᠳᠦᠷ ᠬᠠᠤᠯᠢ ᠴᠠᠭᠠᠵᠠ ᠵᠢᠨ ᠶᠠᠮᠤᠨ᠎ᠡᠴᠡ ᠣᠶ᠋ᠢᠯᠠᠭᠠᠭᠰᠠᠨ ᠵᠢᠡᠷ᠂ ᠨᠠᠮ᠎ᠤᠨ ᠲᠥᠪ ᠬᠤᠷᠢᠶ᠎ᠠ ᠵᠢᠨ ᠵᠥᠪᠰᠢᠶᠡᠷᠡᠯ᠎ᠢᠶᠡᠷ᠂ ᠲᠥᠪ᠎ᠦᠨ ᠬᠠᠤᠯᠢ ᠪᠡᠷ ᠤᠯᠤᠰ᠎ᠢᠶᠠᠨ ᠵᠠᠰᠠᠬᠤ ᠠᠵᠢᠯ᠎ᠤᠨ ᠠᠯᠪᠠᠨ ᠬᠡᠷ ᠤᠳᠤᠷᠢᠳᠬᠤ ᠺᠠᠳ᠋ᠷᠴᠤᠳ᠎ᠤᠨ ᠬᠠᠤᠯᠢ ᠪᠡᠷ ᠬᠡᠷᠡᠭ ᠰᠢᠢᠳᠪᠦᠷᠢᠯᠡᠵᠦ᠍ ᠪᠠᠶ᠋ᠢᠭ᠎ᠠ ᠪᠠᠶ᠋ᠢᠳᠠᠯ ᠤ᠋ᠨ ᠬᠠᠤᠯᠢ᠎ᠪᠠᠷ ᠵᠠᠰᠠᠬᠤ ᠬᠢᠨᠠᠨ ᠪᠠᠶ᠋ᠢᠴᠠᠭᠠᠯᠲᠠ ᠵᠢ ᠡᠬᠢᠯᠡᠬᠦᠯᠪᠠ᠃ 8 ᠬᠢᠨᠠᠨ ᠪᠠᠶ᠋ᠢᠴᠠᠭᠠᠬᠤ ᠳᠤᠭᠤᠶ᠋ᠢᠯᠠᠩ ᠢ ᠵᠣᠬᠢᠶᠠᠨ ᠪᠠᠶ᠋ᠢᠭᠤᠯᠵᠤ᠂ ᠾᠸᠪᠸᠢ᠂ ᠬᠠᠷᠠᠮᠥᠢ᠍ᠷᠡᠨ᠂ ᠹᠦᠵᠢᠶᠠᠨ᠂ ᠱᠠᠨᠳᠦ᠋ᠩ᠂ ᠲᠥᠪᠡᠳ᠂ ᠱᠠᠨᠰᠢ᠂ ᠬᠥᠬᠡᠨᠠᠭᠤᠷ᠂ ᠰᠢᠨᠵᠢᠶᠠᠩ ᠵᠡᠷᠭᠡ 8 ᠮᠤᠵᠢ (ᠣᠷᠣᠨ) ᠵᠢᠴᠢ ᠰᠢᠨᠵᠢᠶᠠᠩ᠎ᠤᠨ ᠦᠢᠯᠡᠳᠪᠦᠷᠢᠯᠡᠯ ᠪᠥᠲᠥᠭᠡᠨ ᠪᠠᠶ᠋ᠢᠭᠤᠯᠤᠯᠲᠠ᠎ᠶᠢᠨ ᠪᠢᠩᠲ᠋ᠤᠸᠠᠨ᠎ᠳᠤ 10 ᠡᠳᠦᠷ᠎ᠦᠨ ᠬᠤᠭᠤᠴᠠᠭ᠎ᠠ᠎ᠲᠠᠶ᠎ᠪᠠᠷ ᠲᠤᠬᠠᠶ᠎ᠶᠢᠨ ᠭᠠᠵᠠᠷ᠎ᠤᠨ ᠬᠢᠨᠠᠨ ᠪᠠᠶ᠋ᠢᠴᠠᠭᠠᠯᠲᠠ ᠬᠢᠬᠦ ᠪᠤᠯᠤᠨ᠎ᠠ᠃
ᠣᠶ᠋ᠢᠯᠠᠭᠠᠭᠰᠠᠨ᠎ᠢᠶᠠᠷ᠂ ᠬᠠᠤᠯᠢ᠎ᠪᠠᠷ ᠵᠠᠰᠠᠬᠤ ᠬᠢᠨᠠᠨ ᠪᠠᠶ᠋ᠢᠴᠠᠭᠠᠯᠲᠠ᠎ᠳᠤ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠤᠳᠤᠷᠢᠳᠬᠤ ᠺᠠᠳ᠋ᠷᠴᠤᠳ᠎ᠤᠨ ᠬᠠᠤᠯᠢ ᠪᠡᠷ ᠰᠢᠢᠳᠪᠦᠷᠢᠲᠦ᠍ ᠪᠣᠳᠣᠯᠭ᠎ᠠ ᠲᠣᠭᠲᠠᠭᠠᠬᠤ᠂ ᠠᠵᠤ ᠠᠬᠤᠶ᠋ᠢᠯᠠᠯ᠎ᠳᠤ ᠬᠣᠯᠪᠣᠭᠳᠠᠭᠰᠠᠨ ᠬᠠᠤᠯᠢ ᠬᠡᠷᠡᠭᠵᠢᠭᠦᠯᠦᠯᠲᠡ᠎ᠶᠢ ᠵᠢᠷᠤᠮᠵᠢᠭᠤᠯᠬᠤ᠂ ᠵᠠᠰᠠᠭ ᠵᠠᠬᠢᠷᠭᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠣᠭᠲᠠᠭᠠᠨ ᠲᠠᠷᠬᠠᠭᠠᠵᠤ ᠬᠡᠷᠡᠭᠯᠡᠬᠦ᠌᠂ ᠠᠷᠠᠯᠵᠢᠶᠠᠴᠢᠨ ᠤᠷᠢᠵᠤ ᠪᠠᠯᠠ ᠮᠦᠨᠭᠭᠦ ᠣᠷᠣᠭᠤᠯᠤᠨ ᠠᠪᠴᠢᠷᠠᠬᠤ᠎ᠶᠢ ᠵᠢᠷᠤᠮᠵᠢᠭᠤᠯᠬᠤ ᠵᠡᠷᠭᠡ ᠲᠠᠯ᠎ᠠ ᠶᠢᠨ ᠠᠰᠠᠭᠤᠳᠠᠯ ᠳᠤ ᠭᠤᠤᠯᠳᠠᠯᠭ᠎ᠠ᠎ᠲᠠᠶ ᠬᠢᠨᠠᠨ ᠪᠠᠶ᠋ᠢᠴᠠᠭᠠᠯᠲᠠ ᠥᠷᠨᠢᠭᠦᠯᠵᠦ᠍᠂ ᠳᠤᠷ᠎ᠠ᠎ᠪᠠᠷ᠎ᠢᠶᠠᠨ ᠰᠦᠢᠳᠬᠡᠯ ᠬᠤᠷᠢᠶᠠᠬᠤ᠂ ᠳᠤᠷ᠎ᠠ᠎ᠪᠠᠷ᠎ᠢᠶᠠᠨ ᠪᠠᠶ᠋ᠢᠴᠠᠭᠠᠬᠤ᠂ ᠳᠤᠷ᠎ᠠ᠎ᠪᠠᠷ᠎ᠢᠶᠠᠨ ᠵᠣᠭᠣᠰ᠎ᠢᠶᠠᠷ ᠲᠣᠷᠭᠠᠬᠤ᠂ ᠳᠤᠷ᠎ᠠ᠎ᠪᠠᠷ᠎ᠢᠶᠠᠨ ᠪᠠᠶ᠋ᠢᠴᠠᠭᠠᠨ ᠪᠢᠲᠡᠭᠦᠮᠵᠢᠯᠡᠬᠦ᠌ ᠵᠢᠴᠢ ᠲᠣᠭᠲᠠᠭᠠᠯ᠎ᠢ ᠵᠥᠷᠢᠴᠡᠨ ᠤᠨᠳᠤᠤ ᠭᠠᠵᠠᠷ᠎ᠲᠤ᠌ ᠬᠠᠤᠯᠢ ᠬᠡᠷᠡᠭᠵᠢᠭᠦᠯᠬᠦ᠌᠂ ᠠᠰᠢᠭ ᠬᠠᠷᠠᠬᠤ ᠴᠢᠨᠠᠷᠲᠠᠶ ᠬᠠᠤᠯᠢ ᠬᠡᠷᠡᠭᠵᠢᠭᠦᠯᠦᠯᠲᠡ ᠵᠡᠷᠭᠡ ᠲᠣᠪᠣᠶ᠋ᠢᠮ᠎ᠠ ᠠᠰᠠᠭᠤᠳᠠᠯ᠎ᠢ ᠦᠷᠭᠦᠯᠵᠢᠯᠡᠨ ᠭᠦᠨᠵᠡᠭᠡᠶ ᠵᠠᠯᠠᠷᠠᠭᠤᠯᠤᠨ ᠵᠠᠰᠠᠵᠤ᠂ ᠬᠣᠯᠪᠣᠭᠳᠠᠯ ᠪᠥᠬᠥᠶ ᠬᠦᠷᠢᠶᠡᠨ᠎ᠳᠡᠬᠢ ᠴᠢᠩᠭ᠎ᠠ ᠬᠢᠨᠠᠨ ᠬᠠᠮᠢᠶᠠᠷᠬᠤ᠂ ᠬᠠᠤᠯᠢ᠎ᠶᠢ ᠪᠣᠳᠠᠲᠠᠶ ᠬᠡᠷᠡᠭᠵᠢᠭᠦᠯᠬᠦ᠌ ᠶᠢ ᠬᠦᠴᠦᠯᠡᠨ ᠠᠬᠢᠭᠤᠯᠵᠤ᠂ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ᠎ᠤᠨ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠶ ᠵᠥᠪ ᠦᠵᠡᠯᠲᠡ᠎ᠶᠢ ᠪᠠᠲᠤ᠌ ᠪᠣᠶ ᠪᠣᠯᠭᠠᠵᠤ᠂ ᠬᠠᠤᠯᠢ ᠪᠡᠷ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠌᠎ᠳ᠋ᠤ ᠬᠢᠨᠡᠯᠳᠠ ᠲᠠᠯᠪᠢᠨ᠎ᠠ᠃
ᠬᠢᠨᠠᠨ ᠪᠠᠶ᠋ᠢᠴᠠᠭᠠᠬᠤ ᠳᠤᠭᠤᠶ᠋ᠢᠯᠠᠩ ᠢ ᠲᠥᠪ᠎ᠦᠨ ᠪᠠ ᠲᠦᠷᠦ᠎ᠶᠢᠨ ᠪᠠᠶ᠋ᠢᠭᠤᠯᠭ᠎ᠠ᠎ᠶᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠶᠠᠮᠤᠨ᠎ᠤ ᠲᠡᠰ᠎ᠤᠨ ᠺᠠᠳ᠋ᠷ ᠳᠠᠭᠠᠭᠤᠯᠵᠤ᠂ ᠬᠣᠯᠪᠣᠭᠳᠠᠯ ᠪᠦᠬᠦᠢ ᠨᠢᠭᠡᠴᠢ ᠪᠠ ᠣᠷᠣᠨ ᠨᠤᠲᠤᠭ᠎ᠤᠨ ᠲᠤᠬᠠᠶ᠋ᠢᠯᠠᠭᠰᠠᠨ ᠠᠵᠢᠯ᠎ᠤᠨ ᠭᠣᠣᠯᠯᠠᠭᠴᠢ᠂ ᠲᠤᠰᠬᠠᠢ ᠮᠡᠷᠭᠡᠵᠢᠯᠲᠡᠨ ᠡᠷᠳᠡᠮᠲᠡᠨ᠂ ᠠᠷᠠᠳ᠎ᠤᠨ ᠲᠥᠯᠥᠭᠡᠯᠡᠭᠴᠢᠳ ᠦᠨ ᠶᠡᠬᠡ ᠬᠤᠷᠠᠯ᠎ᠤᠨ ᠲᠥᠯᠥᠭᠡᠯᠡᠭᠴᠢ᠂ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠨᠨᠡᠷ ᠣᠷᠣᠯᠴᠠᠪᠠ᠃ ᠬᠢᠨᠠᠨ ᠪᠠᠢᠴᠠᠭᠠᠯᠲᠠ ᠨᠢ ᠲᠥᠪ᠎ᠦᠨ ᠨᠠᠢ᠍ᠮᠠᠨ ᠲᠣᠭᠲᠠᠭᠠᠯ ᠵᠢᠴᠢ ᠲᠡᠭᠦᠨ᠎ᠦ ᠬᠡᠷᠡᠭᠵᠢᠭᠦᠯᠬᠦ᠌ ᠨᠠᠷᠢᠨ ᠲᠦᠷᠢᠮ᠎ᠦᠨ ᠵᠣᠷᠢᠭ ᠰᠠᠨᠠᠭ᠎ᠠ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ᠌ ᠲᠤᠬᠠᠢ ᠨᠠᠮ ᠤᠨ ᠲᠥᠪ ᠬᠤᠷᠢᠶ᠎ᠠ ᠵᠢᠨ ᠪᠠᠶ᠋ᠢᠷᠢᠯᠠᠭᠤᠯᠤᠯᠲᠠ ᠱᠠᠭᠠᠷᠳᠠᠯᠭ᠎ᠠ᠎ᠶᠢ ᠴᠢᠩᠭ᠎ᠠ ᠨᠠᠶ᠋ᠢᠳᠠᠪᠤᠷᠢᠵᠢᠭᠤᠯᠵᠤ᠂ ᠤᠨᠢᠨ ᠳᠡᠭᠡᠷ᠎ᠡ ᠨᠢ ᠬᠦᠴᠦᠯᠡᠵᠦ᠍᠂ ᠪᠣᠳᠠᠲᠤ᠌ ᠦᠷ᠎ᠡ ᠪᠦᠲᠦᠮᠵᠢ᠎ᠶᠢ ᠡᠷᠬᠢᠮᠯᠡᠬᠦ ᠪᠤᠯᠤᠨ᠎ᠠ᠃
(ᠰᠢᠨᠬᠤᠸᠠ ᠬᠤᠷᠢᠶ᠎ᠠ ᠵᠢᠨ ᠪᠡᠭᠡᠵᠢᠩ᠎ᠦᠨ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃