2026-10-09 11:21:34
ᠤᠯᠤᠰ ᠤᠨ ᠶᠡᠷᠦᠩᠬᠡᠢ ᠠᠮᠤᠷ ᠲᠦᠪᠰᠢᠨ ᠦ ᠦᠵᠡᠯᠲᠡ ᠶᠢ ᠡᠷᠡᠰ ᠭᠤᠢᠪᠢᠰᠢ ᠦᠭᠡᠢ ᠲᠤᠭᠤᠰᠢᠯᠠᠭᠤᠯᠤᠨ᠂ ᠰᠢᠨ᠎ᠡ ᠪᠡᠷ ᠨᠡᠢᠲᠡᠯᠡᠭᠰᠡᠨ 《ᠬᠢᠯᠢ᠎ᠪᠡᠷ ᠣᠷᠣᠵᠤ ᠭᠠᠷᠬᠤ ᠬᠠᠮᠢᠶᠠᠷᠤᠯᠲᠠ᠎ᠶᠢᠨ ᠲᠤᠬᠠᠢ ᠲᠥᠷᠥ᠎ᠶᠢᠨ ᠶᠠᠪᠤᠳᠠᠯ᠎ᠤᠨ ᠬᠣᠷᠢᠶ᠎ᠠ ᠵᠢᠨ ᠲᠣᠭᠲᠠᠭᠠᠯ 》 ᠢ᠋ ᠣᠨᠣᠪᠴᠢᠲᠠᠶ ᠡᠵᠡᠮᠳᠡᠬᠦ᠎ᠶᠢᠨ ᠲᠥᠯᠥᠭᠡ ᠲᠦᠷᠦᠬᠦᠬᠡᠨ ᠥᠪᠥᠷ ᠮᠣᠩᠭᠣᠯ᠎ᠤᠨ ᠬᠢᠯᠢ ᠪᠡᠷ ᠤᠷᠤᠵᠤ ᠭᠠᠷᠬᠤ ᠬᠢᠯᠢ᠎ᠶᠢᠨ ᠬᠠᠮᠠᠭᠠᠯᠠᠯᠳᠠ ᠵᠢᠨ ᠪᠠᠢᠴᠠᠭᠠᠬᠤ ᠶᠡᠷᠦᠩᠬᠡᠢ ᠥᠷᠲᠡᠭᠡ ᠲᠤᠰᠬᠠᠢ ᠰᠡᠳᠦᠪᠲᠦ ᠲᠠᠢᠯᠤᠮᠵᠢ ᠡᠷᠭᠢᠯᠡᠵᠦ᠂ ᠳᠤᠮᠳᠠᠳᠤ ᠤᠯᠤᠰ᠎ᠤᠨ ᠤᠯᠤᠰ ᠲᠥᠷᠥ ᠬᠠᠤᠯᠢ ᠴᠠᠭᠠᠵᠠ᠎ᠶᠢᠨ ᠶᠡᠬᠡ ᠰᠤᠷᠭᠠᠭᠤᠯᠢ᠎ᠶᠢᠨ ᠬᠠᠤᠯᠢ᠎ᠶᠢᠨ ᠤᠬᠠᠭᠠᠨ᠎ᠤ ᠳᠡᠭᠡᠳᠦ ᠰᠤᠷᠭᠠᠭᠤᠯᠢ᠎ᠶᠢᠨ ᠫᠷᠤᠹᠧᠰᠰᠤᠷ ᠴᠸᠡᠭ ᠰᠢᠶ᠍ᠸ ᠵᠦᠡᠭ ᠢ᠋ ᠤᠷᠢᠵᠤ ᠬᠠᠪᠰᠤᠷᠤᠨ ᠵᠢᠯᠣᠭᠣᠳᠤᠯᠭ᠎ᠠ ᠬᠢᠯᠬᠡᠪᠡ᠃
ᠴᠧᠩ ᠰᠶ᠋ᠶᠸ ᠵᠥᠩ ᠫᠷᠤᠹᠧᠰᠰᠤᠷ ᠲᠦᠷᠢᠮ ᠲᠤᠬᠳᠠᠭᠠᠯ ᠢ᠋ ᠲᠣᠭᠲᠠᠭᠠᠭᠰᠠᠨ ᠠᠬᠤᠢ ᠪᠠᠢᠳᠠᠯ᠂ ᠭᠣᠣᠯ ᠵᠦᠢᠯ ᠵᠤᠷᠪᠤᠰ᠂ ᠳᠦᠷᠢᠮ᠎ᠦᠨ ᠰᠢᠨ᠎ᠡ ᠡᠭᠦᠳᠦᠯᠲᠡ ᠵᠡᠷᠭᠡ ᠣᠯᠠᠨ ᠲᠠᠯ᠎ᠠ᠎ᠠᠴᠠ 《ᠬᠢᠯᠢ᠎ᠪᠡᠷ ᠣᠷᠣᠵᠤ ᠭᠠᠷᠬᠤ ᠬᠠᠮᠢᠶᠠᠷᠤᠯᠲᠠ᠎ᠶᠢᠨ ᠲᠤᠬᠠᠢ ᠲᠥᠷᠥ᠎ᠶᠢᠨ ᠶᠠᠪᠤᠳᠠᠯ᠎ᠤᠨ ᠬᠣᠷᠢᠶ᠎ᠠ ᠵᠢᠨ ᠲᠣᠭᠲᠠᠭᠠᠯ》 ᠳ᠋ᠤ ᠪᠥᠬᠥ ᠲᠠᠯ᠎ᠠ᠎ᠪᠠᠷ ᠰᠢᠰᠲᠧᠮ᠎ᠲᠠᠢ ᠲᠠᠢᠯᠤᠮᠵᠢ ᠬᠢᠪᠡ᠃ ᠲᠠᠢᠯᠤᠮᠵᠢ᠎ᠶᠢᠨ ᠦᠵᠡᠯᠲᠡ ᠨᠢ ᠭᠦᠨᠵᠡᠭᠡᠢ᠂ ᠠᠭᠤᠯᠤᠭᠳᠠᠬᠤᠨ ᠨᠢ ᠡᠯᠪᠡᠭ ᠪᠠᠶᠠᠯᠢᠭ᠋ ᠪᠠᠢᠵᠤ᠂ ᠴᠠᠬᠳᠠᠭ᠎ᠠ ᠵᠢᠨ ᠬᠠᠤᠯᠢ ᠬᠡᠷᠡᠭᠵᠢᠭᠦᠯᠵᠦ ᠵᠢᠵᠢᠭᠦᠷᠯᠡᠬᠦ ᠪᠣᠳᠠᠲᠠᠢ᠎ᠲᠠᠢ ᠨᠡᠢᠴᠡᠵᠦ᠂ ᠠᠵᠢᠯ᠎ᠤᠨ ᠳᠤᠮᠳᠠᠬᠢ ᠠᠰᠠᠭᠤᠳᠠᠯ᠎ᠢ ᠰᠢᠢᠳᠪᠦᠷᠢᠯᠡᠬᠦ᠎ᠳᠦ ᠲᠣᠳᠣᠷᠬᠠᠢ ᠰᠡᠳᠬᠢᠴᠡ ᠪᠠ ᠬᠦᠴᠦᠲᠡᠢ ᠵᠢᠯᠣᠭᠣᠳᠤᠯᠭ᠎ᠠ ᠬᠠᠩᠭᠠᠪᠠ᠃ᠳᠤᠰ ᠤᠳᠠᠭ᠎ᠠ ᠵᠢᠨ ᠲᠤᠰᠬᠠᠢ ᠰᠡᠳᠦᠪᠲᠦ ᠲᠠᠢᠯᠤᠮᠵᠢ ᠨᠢ ᠶᠡᠷᠦᠩᠬᠡᠢ ᠥᠷᠲᠡᠭᠡ ᠵᠢᠨ ᠰᠢᠨ᠎ᠡ ᠲᠣᠭᠲᠠᠭᠠᠯ ᠤ᠋ᠨ ᠰᠢᠷᠢᠰ ᠬᠥᠮᠦᠵᠢᠯ ᠪᠣᠯᠪᠠᠰᠤᠷᠠᠯ᠎ᠤᠨ ᠴᠢᠬᠤᠯᠠ ᠨᠢᠭᠡ ᠬᠢᠴᠢᠶᠡᠯ ᠪᠠᠢᠵᠦ᠂ ᠶᠡᠷᠦᠩᠬᠡᠢ ᠥᠷᠲᠡᠭᠡ ᠣᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠵᠦ᠂ 《ᠲᠣᠭᠲᠠᠭᠠᠯ》 ᠢ᠋ ᠨᠠᠢᠳᠠᠪᠤᠷᠢᠵᠢᠭᠤᠯᠬᠤ ᠰᠤᠷᠤᠯᠴᠠᠯᠭ᠎ᠠ ᠪᠣᠯᠪᠠᠰᠤᠷᠠᠯ᠎ᠤᠨ ᠠᠵᠢᠯ᠎ᠢ ᠰᠠᠢᠲᠤᠷ ᠠᠳᠬᠤᠵᠤ᠂ ᠠᠷᠠᠳ᠎ᠤᠨ ᠴᠠᠭᠳᠠᠭ᠎ᠠ᠎ᠶᠢᠨ ᠬᠠᠤᠯᠢ ᠲᠣᠭᠲᠠᠭᠠᠯ ᠶᠣᠰᠣᠭᠠᠷ ᠬᠠᠤᠯᠢ ᠬᠡᠷᠡᠭᠵᠢᠭᠦᠯᠵᠦ ᠡᠭᠦᠷᠭᠡ ᠭᠦᠢᠴᠡᠳᠬᠡᠬᠦ ᠴᠢᠳᠠᠪᠤᠷᠢ ᠪᠠ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠢᠯᠢ ᠪᠡᠷ ᠤᠷᠤᠵᠤ ᠭᠠᠷᠬᠤ ᠬᠠᠮᠢᠶᠠᠷᠤᠯᠲᠠ᠎ᠶᠢ ᠵᠢᠷᠤᠮᠵᠢᠭᠤᠯᠵᠤ᠂ ᠤᠯᠤᠰ᠎ᠤᠨ ᠡᠷᠬᠡ ᠮᠡᠳᠡᠯ᠂ ᠠᠮᠤᠷ ᠲᠦᠪᠰᠢᠨ ᠪᠠ ᠨᠡᠢᠭᠡᠮ᠎ᠦᠨ ᠡᠮᠬᠢ ᠵᠢᠷᠤᠮ᠎ᠢ ᠦᠨᠡᠨ ᠬᠦ᠌ ᠬᠠᠮᠠᠭᠠᠯᠠᠵᠤ᠂ ᠭᠠᠳᠠᠭᠠᠳᠤ ᠬᠠᠷᠢᠯᠴᠠᠭ᠎ᠠ ᠪᠠ ᠭᠠᠳᠠᠭᠠᠳᠤ ᠨᠡᠭᠡᠭᠡᠯᠲᠡ᠎ᠶᠢ ᠠᠬᠢᠭᠤᠯᠬᠤ᠎ᠳᠤ ᠨᠠᠩ ᠯᠠᠪᠳᠠᠭᠤᠨ ᠪᠠᠲᠤᠲᠠᠢ ᠰᠠᠭᠤᠷᠢ᠎ᠶᠢ ᠲᠠᠯᠪᠢᠵᠤ ᠦᠭᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃