ᠲᠡᠷᠢᠭᠦᠨ ᠨᠢᠭᠤᠷ>ᠴᠠᠭ ᠲᠦᠷᠦ> ᠬᠠᠤᠯᠢ ᠳᠦᠷᠢᠮ

2026-10-09 10:47:01

ᠵᠣᠬᠢᠶᠠᠭ᠍ᠴᠢ᠄ ᠤᠷᠠᠨ᠎ᠠ ᠣᠩᠱᠢᠭ᠍ᠰᠠᠨ ᠣᠳᠠᠭ᠎ᠠ᠄ 3

ᠣᠶ᠋ᠢᠷ᠎ᠠ ᠳ᠋ᠤ᠂ ᠥᠪᠡᠷᠲᠡᠭᠡᠨ ᠵᠠᠰᠠᠬᠤ ᠣᠷᠤᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠶ᠋ᠢᠨ ᠬᠢᠨ ᠦᠪᠦᠷ ᠮᠤᠨᠭᠭᠤᠯ ᠤ᠋ᠨ ᠤᠯᠠᠮᠵᠢᠯᠠᠯᠲᠤ᠌ ᠤᠨᠴᠠᠯᠢᠭᠳᠤ ᠶᠧᠪᠡᠩ ᠤ᠋ᠨ ᠭᠤᠤᠯ ᠭᠠᠷᠤᠯᠲᠠ ᠶ᠋ᠢᠨ ᠣᠷᠤᠨ ᠪᠤᠯᠬᠤ ᠹᠧᠩᠵᠧᠨ ᠬᠤᠲᠠ ᠶ᠋ᠢᠨ ᠶᠧᠪᠡᠩ ᠤ᠋ᠨ ᠦᠢᠯᠡᠳᠪᠦᠷᠢᠯᠡᠯ ᠤ᠋ᠨ ᠭᠤᠤᠯ ᠴᠣᠭᠴᠠ ᠳ᠋ᠤ ᠭᠡᠨᠡᠳᠲᠡ ᠶ᠋ᠢᠨ ᠪᠠᠶ᠋ᠢᠴᠠᠭᠠᠯᠲᠠ ᠥᠷᠨᠢᠭᠦᠯᠪᠡ᠃

ᠶᠧᠪᠡᠩ ᠦᠢᠯᠡᠳᠪᠦᠷᠢᠯᠡᠬᠦ᠌ ᠵᠠᠩᠭᠢᠯᠠᠭ᠎ᠠ ᠶ᠋ᠢᠨ ᠡᠵᠡᠮᠳᠡᠬᠦ᠌ ᠴᠡᠭ ᠲᠦ᠍ ᠠᠩᠬᠠᠷᠤᠯ ᠢ᠋ᠶ᠋ᠡᠨ ᠲᠥᠪᠯᠡᠷᠡᠭᠦᠯᠵᠦ᠍᠂ ᠭᠤᠯᠢᠷ᠂ ᠢᠳᠡᠰᠢᠨ ᠲᠣᠰᠤ᠂ ᠰᠢᠶᠠᠨᠰᠠ ᠮᠠᠲᠧᠷᠢᠶᠠᠯ ᠵᠡᠷᠭᠡ ᠭᠤᠤᠯ ᠲᠦᠭᠦᠬᠡᠢ ᠮᠠᠲᠧᠷᠢᠶᠠᠯ ᠤ᠋ᠨ ᠪᠠᠷᠠᠭ᠎ᠠ ᠣᠷᠤᠭᠤᠯᠬᠤ ᠳ᠋ᠠᠭᠠᠨ ᠪᠠᠶ᠋ᠢᠴᠠᠭᠠᠨ ᠰᠢᠯᠭᠠᠬᠤ᠂ ᠭᠡᠷᠡᠴᠢ ᠪᠠᠷᠢᠮᠲᠠ ᠠᠪᠬᠤ᠂ ᠡᠬᠡ ᠲᠠᠩᠰᠠ ᠶ᠋ᠢᠨ ᠲᠡᠮᠳᠡᠭᠯᠡᠯ ᠤ᠋ᠨ ᠪᠠᠶ᠋ᠢᠳᠠᠯ ᠵᠢᠴᠢ ᠢᠳᠡᠭᠡᠨ ᠤ᠋ ᠨᠡᠮᠡᠯᠲᠡ ᠡᠳ᠋ ᠢ᠋ ᠬᠡᠷᠡᠭᠯᠡᠭᠰᠡᠨ ᠪᠠᠶ᠋ᠢᠳᠠᠯ ᠢ᠋ ᠭᠤᠤᠯᠳᠠᠯᠭ᠎ᠠ ᠲᠠᠢ ᠬᠢᠨᠠᠨ ᠪᠠᠶ᠋ᠢᠴᠠᠭᠠᠵᠤ᠂ ᠴᠢᠨᠠᠷ ᠢ᠋ ᠪᠠᠲᠤᠯᠠᠬᠤ ᠬᠤᠭᠤᠴᠠᠭ᠎ᠠ ᠨᠢ ᠥᠩᠭᠡᠷᠡᠭᠡᠳ ᠴᠢᠨᠠᠷ ᠬᠤᠪᠢᠷᠠᠭᠰᠠᠨ᠂ ᠢᠷᠡᠯᠲᠡ ᠨᠢ ᠲᠣᠳᠤᠷᠬᠠᠢ᠎ᠦᠭᠡᠢ ᠲᠦᠭᠦᠬᠡᠢ ᠮᠠᠲᠧᠷᠢᠶᠠᠯ ᠢ᠋ᠶ᠋ᠡᠷ ᠶᠧᠪᠡᠩ ᠪᠣᠯᠪᠠᠰᠤᠷᠠᠭᠤᠯᠬᠤ ᠪᠠ ᠢᠳᠡᠭᠡᠨ ᠤ᠋ ᠨᠡᠮᠡᠯᠲᠡ ᠡᠳ᠋ ᠎ᠦᠨ ᠬᠡᠪᠴᠢᠶ᠎ᠡ ᠪᠠ ᠬᠡᠮᠵᠢᠶ᠎ᠡ ᠵᠢ ᠬᠡᠲᠦᠷᠡᠭᠦᠯᠦᠨ ᠬᠡᠷᠡᠭᠯᠡᠭᠰᠡᠨ ᠬᠠᠤᠯᠢ ᠲᠣᠭᠲᠠᠭᠠᠯ ᠡᠴᠡ ᠵᠥᠷᠢᠴᠡᠭᠰᠡᠨ ᠠᠵᠢᠯᠯᠠᠭ᠎ᠠ ᠵᠢ ᠡᠷᠡᠰ ᠬᠤᠷᠢᠭᠯᠠᠪᠠ᠃

ᠥᠪᠡᠷᠲᠡᠭᠡᠨ ᠵᠠᠰᠠᠬᠤ ᠣᠷᠤᠨ ᠤ᠋ ᠡᠯ᠎ᠡ ᠱᠠᠲᠤᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠥᠴᠢᠷ ᠤ᠋ᠨ ᠬᠢᠨ ᠨᠠᠢ᠍ᠮᠠᠨ ᠰᠠᠷ᠎ᠠ ᠶ᠋ᠢᠨ ᠲᠡᠷᠭᠡᠯ ᠪᠠᠶᠠᠷ ᠪᠤᠯᠤᠨ ᠤᠯᠤᠰ ᠤ᠋ᠨ ᠪᠠᠶᠠᠷ ᠤ᠋ᠨ ᠬᠤᠭᠤᠴᠠᠭᠠᠨ ᠤ᠋ ᠢᠳᠡᠭᠡᠨ ᠤ᠋ ᠠᠮᠤᠷ ᠲᠦᠪᠰᠢᠨ ᠤ᠋ ᠭᠤᠤᠯᠳᠠᠯᠭ᠎ᠠ ᠲᠠᠢ ᠬᠦᠷᠢᠶ᠎ᠡ ᠵᠢ ᠴᠢᠩᠭ᠎ᠠ ᠠᠩᠬᠠᠷᠴᠤ᠌᠂ ᠬᠠᠷᠢᠶ᠎ᠠ ᠣᠷᠤᠨ ᠤ᠋ ᠬᠢᠨᠠᠯᠲᠠ ᠬᠠᠮᠢᠶᠠᠷᠤᠯᠲᠠ ᠶ᠋ᠢᠨ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠤᠨ᠂ ᠶᠧᠪᠡᠩ ᠤ᠋ᠨ ᠦᠢᠯᠡᠳᠪᠦᠷᠢᠯᠡᠯ᠂ ᠭᠦᠢᠯᠭᠡᠭᠡᠨ ᠤ᠋ ᠪᠥᠬᠦ᠌ ᠬᠡᠯᠬᠢᠶ᠎ᠡ ᠶ᠋ᠢᠨ ᠬᠢᠨᠠᠯᠲᠠ ᠬᠠᠮᠢᠶᠠᠷᠤᠯᠲᠠ ᠶ᠋ᠢᠨ ᠡᠷᠴᠢᠮ ᠢ᠋ᠶ᠋ᠡᠨ ᠴᠢᠩᠭᠠᠷᠠᠭᠤᠯᠤᠨ᠂ ᠢᠳᠡᠭᠡᠨ ᠤ᠋ ᠦᠢᠯᠡᠳᠪᠦᠷᠢᠯᠡᠯ ᠡᠵᠡᠨᠭᠨᠡᠯᠲᠡ ᠶ᠋ᠢᠨ ᠭᠤᠤᠯ ᠴᠣᠭᠴᠠ ᠶ᠋ᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠢᠳᠡᠭᠡᠨ ᠤ᠋ ᠠᠮᠤᠷ ᠲᠦᠪᠰᠢᠨ ᠤ᠋ ᠠᠶᠤᠯ ᠲᠦᠭᠰᠢᠭᠦᠷᠢ ᠶ᠋ᠢᠨ ᠭᠡᠮ ᠰᠤᠭᠤᠭ ᠢ᠋ ᠴᠠᠭ ᠲᠤᠬᠠᠢ ᠳ᠋ᠤᠨᠢ ᠪᠠᠶ᠋ᠢᠴᠠᠭᠠᠨ ᠰᠢᠢᠳᠪᠦᠷᠢᠯᠡᠪᠡ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面