ᠲᠡᠷᠢᠭᠦᠨ ᠨᠢᠭᠤᠷ>ᠴᠠᠭ ᠲᠦᠷᠦ> ᠬᠠᠤᠯᠢ ᠳᠦᠷᠢᠮ

2026-10-10 10:44:08

ᠵᠣᠬᠢᠶᠠᠭ᠍ᠴᠢ᠄ ᠬᠠᠨ ᠯᠢᠩ ᠯᠢᠩ ᠣᠩᠱᠢᠭ᠍ᠰᠠᠨ ᠣᠳᠠᠭ᠎ᠠ᠄ 3

ᠲᠦᠷᠦᠭᠦᠬᠡᠨ ᠥᠪᠡᠷᠲᠡᠭᠡᠨ ᠵᠠᠰᠠᠬᠤ ᠣᠷᠣᠨ ᠎ᠤ ᠬᠠᠤᠯᠢ ᠴᠠᠭᠠᠵᠠ᠎ᠶᠢᠨ ᠲᠢᠩᠬᠢᠮ ᠬᠥᠬᠡᠬᠣᠲᠠ ᠎ᠳᠤ ᠵᠠᠰᠠᠭ ᠵᠠᠬᠢᠷᠭᠠᠨ ᠎ᠤ ᠳᠠᠬᠢᠨ ᠵᠥᠪᠯᠡᠬᠦ ᠲᠤᠬᠠᠢᠯᠠᠭᠰᠠᠨ ᠠᠵᠢᠯ᠎ᠤᠨ ᠴᠢᠳᠠᠪᠤᠷᠢ᠎ᠶᠢᠨ ᠪᠣᠯᠪᠠᠰᠤᠷᠠᠯ᠎ᠤᠨ ᠠᠩᠭᠢ ᠡᠷᠭᠢᠯᠡᠪᠡ᠃

ᠪᠣᠯᠪᠠᠰᠤᠷᠠᠯ ᠨᠢ ᠰᠢ᠎ᠶᠢᠨ ᠫᠢᠩ᠎ᠤᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ ᠵᠢ ᠬᠦᠨᠵᠡᠭᠡᠢ ᠰᠤᠷᠤᠯᠴᠠᠨ ᠤᠢᠯᠠᠭᠠᠵᠦ ᠲᠤᠭᠤᠰᠢᠯᠠᠭᠤᠯᠬᠤ᠂ ᠵᠠᠰᠠᠭ ᠵᠠᠬᠢᠷᠭᠠᠨ᠎ᠤ ᠲᠠᠬᠢᠨ ᠵᠥᠪᠯᠡᠬᠦ ᠬᠠᠤᠯᠢ᠎ᠶᠢ ᠬᠡᠷᠡᠭᠵᠢᠭᠦᠯᠬᠦ ᠳᠦᠷᠢᠮ᠎ᠢ ᠲᠠᠢᠯᠪᠤᠷᠢᠯᠠᠬᠤ᠂ ᠵᠠᠰᠠᠭ ᠵᠠᠬᠢᠷᠭᠠᠨ᠎ᠤ ᠰᠢᠢᠳᠬᠡᠯ ᠲᠣᠷᠭᠠᠭᠤᠯᠢ᠎ᠶᠢᠨ ᠲᠦᠷᠦᠯ᠎ᠦᠨ ᠬᠡᠷᠡᠭ᠎ᠢ ᠰᠤᠳᠤᠯᠬᠤ᠂ ᠵᠠᠰᠠᠭ ᠵᠠᠬᠢᠷᠭᠠᠨ᠎ᠤ ᠲᠠᠬᠢᠨ ᠵᠦᠪᠯᠡᠬᠦ ᠪᠠ ᠡᠶᠡᠳᠡᠭᠦᠯᠬᠦ᠎ᠶᠢ ᠵᠣᠯᠭᠠᠭᠤᠯᠬᠤ ᠪᠤᠲᠠᠲᠠᠢ ᠠᠵᠢᠯᠯᠠᠭᠠᠨ᠂ ᠰᠡᠳᠬᠢᠴᠡ᠎ᠶᠢᠨ ᠡᠷᠡᠭᠦᠯ ᠮᠡᠨᠳᠤ ᠵᠡᠷᠭᠡ ᠠᠭᠤᠯᠭ᠎ᠠ᠎ᠶᠢᠨ ᠲᠣᠭᠣᠷᠢᠨ᠎ᠳᠤ ᠬᠠᠤᠯᠢ ᠴᠠᠭᠠᠵᠠ᠎ᠶᠢᠨ ᠶᠠᠮᠤᠨ᠎ᠤ ᠵᠠᠰᠠᠭ ᠵᠠᠬᠢᠷᠭᠠᠨ᠎ᠤ ᠳᠠᠬᠢᠨ ᠵᠥᠪᠯᠡᠬᠦ ᠪᠠ ᠵᠠᠷᠭᠤ ᠬᠦᠯᠢᠶᠡᠬᠦ ᠲᠣᠪᠴᠢᠶ᠎ᠠ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠂ ᠬᠠᠤᠯᠢ ᠬᠡᠷᠡᠭᠵᠢᠭᠦᠯᠬᠦ ᠪᠣᠳᠠᠲᠤ ᠶᠠᠪᠤᠳᠠᠯ᠎ᠤᠨ ᠰᠠᠯᠠᠭ᠎ᠠ ᠮᠥᠴᠢᠷ᠂ ᠦᠨᠳᠦᠰᠦᠨ ᠱᠠᠲᠤᠨ᠎ᠤ ᠠᠷᠠᠳ᠎ᠤᠨ ᠡᠶᠡᠳᠡᠭᠦᠯᠭᠡ ᠢ᠋ᠢᠨ ᠰᠠᠯᠠᠭ᠎ᠠ ᠮᠥᠴᠢᠷ᠂ ᠠᠨᠠᠭᠠᠬᠤ ᠤᠬᠠᠭᠠᠨ᠎ᠤ ᠰᠠᠯᠠᠭ᠎ᠠ ᠮᠥᠴᠢᠷ ᠵᠡᠷᠭᠡ ᠲᠤᠬᠠᠢᠯᠠᠭᠰᠠᠨ ᠠᠵᠢᠯ᠎ᠤᠨ ᠲᠤᠰᠬᠠᠢ ᠮᠡᠷᠭᠡᠵᠢᠯᠲᠡᠨ ᠡᠷᠳᠡᠮᠲᠡᠨ᠎ᠢ ᠤᠷᠢᠵᠤ ᠲᠤᠰᠬᠠᠢ ᠰᠡᠳᠦᠪ᠎ᠢᠶᠡᠷ ᠬᠠᠪᠰᠤᠷᠤᠨ ᠵᠢᠯᠤᠭᠣᠳᠴᠤ ᠬᠢᠴᠢᠶᠡᠯ ᠳᠠᠢᠯᠤᠮᠵᠢ ᠬᠢᠯᠭᠡᠪᠡ᠃ ᠪᠣᠯᠪᠠᠰᠤᠷᠠᠯ᠎ᠳᠤ ᠣᠷᠣᠯᠴᠠᠭᠰᠠᠳ᠎ᠤᠨ ᠲᠥᠯᠥᠭᠡᠯᠡᠭᠴᠢ ᠡᠴᠡ ᠵᠠᠰᠠᠭ ᠵᠠᠬᠢᠷᠭᠠᠨ᠎ᠤ ᠳᠠᠬᠢᠨ ᠵᠥᠪᠯᠡᠬᠦ ᠪᠢᠴᠢᠭ ᠬᠠᠷ᠎ᠠ ᠵᠣᠬᠢᠶᠠᠬᠤ᠂ ᠬᠡᠷᠡᠭ ᠰᠢᠢᠳᠪᠦᠷᠢᠯᠡᠬᠦ᠂ ᠳᠠᠬᠢᠨ ᠵᠥᠪᠯᠡᠵᠦ ᠡᠶᠡᠳᠡᠭᠦᠯᠬᠦ᠂ ᠬᠡᠷᠡᠭ᠎ᠦᠨ ᠡᠪᠬᠡᠮᠡᠯ᠎ᠢ ᠦᠨᠡᠯᠡᠨ ᠪᠠᠢᠴᠠᠭᠠᠬᠤ᠂ ᠳᠠᠬᠢᠨ ᠵᠥᠪᠯᠡᠵᠦ ᠬᠢᠨᠠᠯᠲᠠ ᠲᠠᠯᠪᠢᠬᠤ ᠵᠡᠷᠭᠡ ᠠᠵᠢᠯ᠎ᠤᠨ ᠲᠠᠯ᠎ᠠ᠎ᠪᠠᠷ ᠲᠤᠷᠰᠢᠯᠭ᠎ᠠ ᠠᠷᠭ᠎ᠠ ᠬᠢᠲᠡᠯ ᠢ᠋ᠢᠡᠨ ᠬᠤᠪᠢᠶᠠᠯᠴᠠᠵᠦ᠂ ᠣᠳᠣᠬᠠᠨ ᠎ᠤ ᠭᠣᠣᠯᠳᠠᠯᠭ᠎ᠠ᠎ᠲᠠᠢ ᠠᠵᠢᠯ᠎ᠲᠠᠢ᠎ᠪᠠᠨ ᠤᠶᠠᠯᠳᠤᠭᠤᠯᠤᠨ ᠭᠦᠨᠵᠡᠭᠡᠢ ᠰᠤᠳᠤᠯᠤᠨ ᠶᠠᠷᠢᠯᠴᠠᠵᠤ ᠰᠣᠯᠢᠯᠴᠠᠪᠠ᠃

ᠪᠣᠯᠪᠠᠰᠤᠷᠠᠯ ᠨᠢ ᠠᠵᠢᠯ᠎ᠤᠨ ᠬᠡᠷᠡᠭᠴᠡᠭᠡ᠎ᠲᠠᠢ ᠨᠢᠭ᠍ᠲᠠ ᠤᠶᠠᠯᠳᠤᠭᠤᠯᠵᠤ᠂ ᠭᠣᠣᠯ ᠰᠡᠳᠦᠪ ᠨᠢ ᠢᠯᠡ ᠲᠣᠳᠣ᠌᠂ ᠠᠭᠤᠯᠭ᠎ᠠ ᠨᠢ ᠪᠠᠶᠠᠯᠢᠭ᠋᠂ ᠬᠠᠷᠢᠯᠴᠠᠨ ᠬᠥᠳᠡᠯᠦᠯᠴᠡᠬᠦ ᠴᠢᠨᠠᠷ᠎ᠢᠶᠠᠷ ᠴᠢᠩᠭ᠎ᠠ ᠪᠠᠢᠵᠦ᠂ ᠪᠤᠯᠪᠠᠰᠤᠷᠠᠯ᠎ᠳᠤ ᠤᠷᠤᠯᠴᠠᠬᠰᠠᠳ ᠤᠯᠤᠰ ᠲᠥᠷᠥ᠎ᠶᠢᠨ ᠵᠣᠭᠰᠣᠴᠠ᠎ᠪᠠᠨ ᠳᠡᠭᠡᠭᠰᠢᠯᠡᠭᠦᠯᠵᠦ᠂ ᠬᠠᠮᠲᠤ᠎ᠶᠢᠨ ᠲᠠᠨᠢᠯᠲᠠ᠎ᠪᠠᠨ ᠨᠢᠭᠡᠳᠬᠡᠨ᠂ ᠬᠠᠷᠢᠯᠴᠠᠨ ᠰᠤᠷᠤᠯᠴᠠᠨ ᠬᠠᠷᠢᠯᠴᠠᠨ ᠯᠠᠪᠯᠠᠯᠲᠠ ᠪᠣᠯᠭᠠᠵᠤ᠂ ᠠᠵᠢᠯ᠎ᠤᠨ ᠭᠣᠣᠯᠳᠠᠯᠭ᠎ᠠ᠎ᠲᠠᠢ ᠬᠦᠴᠢᠷ ᠠᠰᠠᠭᠤᠳᠠᠯ ᠎ᠢ ᠬᠠᠮᠲᠤ᠎ᠪᠠᠷ ᠰᠤᠳᠤᠯᠤᠨ ᠮᠠᠭᠠᠳᠯᠠᠬᠤ᠎ᠶᠢᠨ ᠬᠠᠮᠲᠤ ᠰᠢᠢᠳᠪᠦᠷᠢᠯᠡᠵᠦ᠂ ᠪᠣᠳᠠᠲᠠᠢ ᠠ᠋ᠴᠠ ᠡᠭᠦᠰᠦᠨ ᠣᠯᠠᠨ᠎ᠢ ᠬᠥᠲᠥᠯᠥᠨ ᠵᠢᠯᠤᠭᠣᠳᠴᠤ ᠵᠠᠰᠠᠭ ᠵᠠᠬᠢᠷᠭᠠᠨ ᠎ᠤ ᠮᠠᠷᠭᠤᠯᠳᠤᠭᠠᠨ᠎ᠤ ᠮᠥᠨ ᠴᠢᠨᠠᠷ᠎ᠢ ᠣᠨᠣᠪᠴᠢᠲᠠᠶ ᠡᠵᠡᠮᠰᠢᠭᠦᠯᠵᠦ᠂ ᠵᠠᠰᠠᠭ ᠵᠠᠬᠢᠷᠭᠠᠨ᠎ᠤ ᠳᠠᠬᠢᠨ ᠵᠥᠪᠯᠡᠬᠦ ᠠᠵᠢᠯᠲᠠᠨ᠎ᠤ ᠰᠢᠨ᠎ᠡ ᠴᠠᠭ ᠦᠶ᠎ᠡ᠎ᠶᠢᠨ ᠵᠠᠰᠠᠭ ᠵᠠᠬᠢᠷᠭᠠᠨ ᠎ᠤ ᠳᠠᠬᠢᠨ ᠵᠥᠪᠯᠡᠬᠦ ᠠᠵᠢᠯ ᠎ᠢ ᠰᠠᠢᠲᠤᠷ ᠬᠢᠬᠦ ᠤᠯᠤᠰ ᠲᠥᠷᠥ᠎ᠶᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ᠂ ᠦᠶ᠋ᠯᠡ ᠠᠵᠢᠯᠯᠠᠭᠠᠨ᠎ᠤ ᠤᠬᠠᠮᠰᠠᠷ᠎ᠢ ᠤᠯᠠᠮ ᠨᠢᠭᠡ ᠠᠯᠬᠤᠮ ᠴᠢᠩᠭᠠᠳᠬᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面