2026-10-10 11:04:29
ᠬᠣᠲᠠ᠎ᠶᠢᠨ ᠵᠠᠮ ᠬᠠᠷᠢᠯᠴᠠᠭᠠᠨ ᠤ ᠨᠠᠷᠢᠯᠢᠭ᠍ᠵᠢᠭᠤᠯᠤᠭᠰᠠᠨ ᠵᠠᠰᠠᠯᠲᠠ᠎ᠶᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶᠢ ᠰᠣᠨᠣᠰᠤᠨ᠂ ᠠᠷᠠᠳ ᠤᠨ ᠠᠮᠢᠳᠤᠷᠠᠯ᠎ᠤᠨ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠬᠠᠷᠢᠭᠤ ᠦᠭᠬᠦ ᠵᠢᠨ ᠲᠤᠯᠠᠳᠠ ᠤᠢᠷ᠎ᠠ ᠵᠢᠨ ᠡᠳᠦᠷ ᠬᠥᠬᠡᠬᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠰᠠᠯᠪᠤᠷᠢ ᠠᠩᠭᠢ ᠨᠡᠢᠭᠡᠮ᠎ᠦᠨ ᠡᠯ᠎ᠡ ᠡᠲᠡᠭᠡᠳ᠎ᠦᠨ ᠬᠥᠮᠥᠰ ᠢ ᠤᠷᠢᠵᠤ 《ᠵᠠᠮ ᠬᠠᠷᠢᠯᠴᠠᠭ᠎ᠠ ᠵᠢ ᠰᠠᠭᠠᠳ ᠦᠬᠡᠢ ᠨᠡᠪᠳᠡᠷᠡᠬᠦᠯᠵᠦ᠂ ᠠᠮᠤᠷ ᠠᠮᠤᠭᠤᠯᠠᠩ ᠢ᠋ ᠬᠠᠮᠠᠭᠠᠯᠠᠬᠤ》 ᠠᠷᠠᠳ ᠲᠦᠮᠡᠨ ᠳ᠋ᠸ᠋ ᠮᠡᠳᠡᠬᠦᠯᠦᠯᠳᠡ ᠬᠢᠬᠦ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠬᠥᠬᠡᠡᠡᠣᠲᠠ᠎ᠶᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠠᠵᠢᠯ᠎ᠢ ᠦᠨᠡᠨ ᠪᠣᠳᠠᠲᠠᠢ ᠪᠤᠰᠤᠳᠴᠢ᠎ᠪᠠᠷ ᠬᠠᠷᠢᠭᠤ ᠮᠡᠳᠡᠭᠦᠯᠪᠡ᠃
ᠬᠤᠷᠠᠯ ᠳᠡᠭᠡᠷ᠎ᠡ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠰᠠᠯᠪᠤᠷᠢ ᠠᠩᠭᠢ 2026 ᠣᠨᠡᠴᠨ ᠨᠠᠭᠠᠰᠢᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠢᠡᠷ ᠬᠦᠴᠦᠨ ᠣᠯᠭᠣᠬᠤ᠂ ᠰᠠᠭᠠᠳ ᠦᠭᠡᠢ ᠨᠡᠪᠲᠡᠷᠡᠭᠦᠯᠬᠦ᠂ ᠬᠡᠮ ᠰᠤᠭᠤᠭ᠎ᠢ ᠵᠢᠭ᠍ᠰᠠᠭᠠᠨ ᠪᠠᠢᠴᠠᠭᠠᠬᠤ᠂ ᠵᠠᠮ ᠬᠠᠷᠢᠯᠴᠠᠭᠠᠨ᠎ᠤ ᠤᠬᠠᠭᠤᠯᠭ᠎ᠠ ᠵᠡᠷᠭᠡ ᠲᠠᠯ᠎ᠠ᠎ᠪᠠᠷ ᠣᠯᠣᠭᠰᠠᠨ ᠠᠵᠢᠯ᠎ᠤᠨ ᠦᠷ᠎ᠡ ᠪᠦᠲᠦᠮᠵᠢ᠎ᠶᠢ ᠬᠠᠷᠢᠭᠤ ᠮᠡᠳᠡᠭᠦᠯᠵᠦ᠂ ᠬᠤᠷᠠᠯ᠎ᠳᠤ ᠣᠷᠣᠯᠴᠠᠭᠰᠠᠨ ᠲᠥᠯᠥᠭᠡᠯᠡᠭᠴᠢᠳ ᠬᠠᠮᠲᠤ᠎ᠪᠠᠷ ᠠᠵᠢᠯ᠎ᠤᠨ ᠬᠠᠷᠢᠭᠤ ᠮᠡᠳᠡᠭᠦᠯᠦᠯᠲᠡ᠎ᠶᠢᠨ ᠸᠢᠳᠢᠤ᠋ ᠹᠢᠯᠢᠮ᠎ᠢ ᠰᠣᠨᠢᠷᠬᠠᠪᠠ; ᠪᠤᠳᠤᠯ ᠰᠠᠨᠠᠯ ᠵᠢᠡᠨ ᠰᠣᠯᠢᠯᠴᠠᠬᠤ ᠭᠣᠭᠴᠣᠭ᠎ᠠ᠎ᠳᠤ᠂ ᠵᠠᠮ ᠬᠠᠷᠢᠯᠴᠠᠭᠠᠨ ᠤ᠋ ᠬᠠᠮᠢᠶᠠᠷᠤᠯᠳᠠ ᠵᠢᠨ ᠰᠠᠯᠪᠤᠷᠢ ᠠᠩᠭᠢ᠎ᠶᠢᠨ ᠴᠠᠭᠳᠠᠭ᠎ᠠ᠎ᠶᠢᠨ ᠲᠥᠯᠥᠭᠡᠯᠡᠭᠴᠢ ᠵᠠᠰᠠᠮᠠᠯ ᠵᠠᠮ᠎ᠤᠨ ᠰᠡᠷᠭᠡᠢᠯᠡᠨ ᠡᠵᠡᠮᠳᠡᠬᠦ᠂ ᠵᠠᠮ ᠬᠠᠷᠢᠯᠴᠠᠭᠠᠨ᠎ᠤ ᠡᠮᠬᠢ ᠳᠢᠭ᠌ᠯᠢᠮ᠎ᠦᠨ ᠬᠠᠮᠢᠶᠠᠷᠤᠯᠲᠠ ᠪᠠ ᠤᠶᠤᠨᠴᠢ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠪᠠᠢᠭᠤᠯᠤᠯᠲᠠ᠎ᠶᠢᠨ ᠲᠣᠭᠣᠷᠢᠨ᠎ᠳᠤ ᠲᠤᠷᠰᠢᠯᠭ᠎ᠠ᠎ᠪᠠᠨ ᠬᠤᠪᠢᠶᠠᠯᠴᠠᠵᠦ᠂ ᠬᠦᠬᠡᠡᠡᠤᠳᠠ ᠵᠢᠨ ᠰᠣᠨᠢᠨ ᠮᠡᠳᠡᠭᠡᠨ᠎ᠦ ᠵᠠᠭᠤᠴᠢᠯᠠᠭᠤᠷ᠎ᠤᠨ ᠲᠥᠯᠥᠭᠡᠯᠡᠭᠴᠢ ᠬᠢᠬᠡᠳ ᠬᠦᠬᠡᠡᠡᠣᠲᠠ᠎ᠶᠢᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ ᠲᠠᠰ ᠳᠠᠷᠠᠭᠠᠯᠠᠨ ᠪᠤᠳᠤᠯ ᠰᠠᠨᠠᠯ᠎ᠢᠶᠠᠨ ᠰᠣᠯᠢᠯᠴᠠᠬᠤ ᠦᠭᠡ ᠬᠡᠯᠡᠪᠡ᠃ᠤᠯᠠᠨ ᠵᠢᠡᠷ ᠵᠢᠡᠨ ᠬᠣᠲᠠ᠎ᠶᠢᠨ ᠵᠠᠮ ᠬᠠᠷᠢᠯᠴᠠᠭᠠᠨ᠎ᠤ ᠠᠮᠤᠷ ᠲᠦᠪᠰᠢᠨ᠎ᠦ ᠬᠥᠭᠵᠢᠯᠲᠡ᠎ᠶᠢᠨ ᠲᠣᠭᠣᠷᠢᠨ᠎ᠳᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠭᠰᠠᠨ ᠪᠥᠭᠡᠳ ᠦᠭᠡ ᠦᠯᠡᠳᠡᠭᠡᠬᠦ ᠺᠠᠷᠲ᠎ᠢᠶᠠᠷ ᠲᠠᠮᠵᠢᠨ ᠬᠣᠲᠠ᠎ᠶᠢᠨ ᠲᠦᠭᠵᠢᠷᠡᠯ᠎ᠢ ᠵᠠᠰᠠᠬᠤ᠂ ᠰᠤᠷᠭᠠᠭᠤᠯᠢ᠎ᠶᠢᠨ ᠬᠦᠷᠢᠶᠡᠨ᠎ᠦ ᠡᠷᠬᠢᠨ ᠲᠣᠭᠣᠷᠢᠨ᠎ᠤ ᠵᠠᠮ ᠬᠠᠷᠢᠯᠴᠠᠭᠠᠨ ᠤ ᠡᠮᠬᠢ ᠳᠢᠭ᠌ᠯᠢᠮ᠎ᠢ ᠬᠠᠮᠠᠭᠠᠯᠠᠬᠤ᠂ ᠤᠶᠤᠨᠴᠢ ᠵᠠᠮ ᠬᠠᠷᠢᠯᠴᠠᠭᠠᠨ᠎ᠤ ᠬᠠᠮᠢᠶᠠᠷᠤᠯᠲᠠ ᠬᠡᠷᠡᠭᠯᠡᠯᠲᠡ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃