2026-10-10 10:52:19
ᠲᠦᠷᠦᠭᠦᠭᠡᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ᠎ᠤᠨ ᠲᠢᠩᠬᠢᠮ᠎ᠦᠨ ᠬᠡᠦᠬᠡᠳ᠎ᠦᠨ ᠠᠰᠠᠷᠠᠮᠵᠢ᠎ᠶᠢᠨ ᠭᠠᠵᠠᠷ ᠬᠥᠬᠡᠬᠣᠲᠠ᠎ᠶᠢᠨ ᠨᠠᠰᠤᠨ᠎ᠳᠤ ᠥᠯᠥ᠍ ᠭᠦᠷᠦᠭᠰᠡᠳ ᠢ ᠬᠠᠮᠠᠭᠠᠯᠠᠬᠤ ᠲᠥᠪ᠎ᠲᠡᠶ ᠬᠠᠮᠲᠤᠷᠠᠨ 2026 ᠣᠨ ᠤ 《ᠬᠠᠤᠯᠢ ᠲᠦᠭᠡᠮᠡᠯᠵᠢᠭᠦᠯᠬᠦ᠌ ᠤᠬᠠᠭᠤᠯᠭ᠎ᠠ᠎ᠶᠢᠨ ᠭᠠᠷᠠᠭ》 ᠤ᠋ᠨ ᠬᠠᠤᠯᠢ ᠲᠦᠭᠡᠮᠡᠯᠵᠢᠭᠦᠯᠦᠯᠳᠡ ᠵᠢ ᠰᠤᠷᠭᠠᠭᠤᠯᠢ᠎ᠶᠢᠨ ᠬᠦᠷᠢᠶᠡᠨ᠎ᠳᠦ ᠣᠷᠣᠭᠤᠯᠬᠤ ᠠᠵᠢᠯᠯᠠᠭ᠎ᠠ᠎ᠶᠢ ᠲᠥᠪᠯᠡᠷᠡᠭᠦᠯᠦᠨ ᠥᠷᠨᠢᠭᠦᠯᠪᠡ᠃ ᠬᠠᠤᠯᠢ ᠲᠦᠭᠡᠮᠡᠯᠵᠢᠭᠦᠯᠬᠦ᠌ ᠠᠵᠢᠯᠯᠠᠭ᠎ᠠ ᠨᠢ ᠤᠷᠢᠳ ᠬᠣᠵᠢᠳ ᠰᠠᠶ᠋ᠢᠬᠠᠨ ᠲᠣᠭᠣᠷᠢᠭ᠎ᠤᠨ ᠳ᠋ᠦᠩ ᠹᠸᠩ ᠵᠠᠮ᠎ᠤᠨ ᠪᠠᠭ᠎ᠠ ᠰᠤᠷᠭᠠᠭᠤᠯᠢ᠂ ᠵᠣᠣ ᠤᠳᠠ ᠡᠮᠦᠨ᠎ᠡ ᠵᠠᠮ᠎ᠤᠨ ᠪᠠᠭ᠎ᠠ ᠰᠤᠷᠭᠠᠭᠤᠯᠢ᠂ ᠰᠢᠯᠢ᠎ᠶᠢᠨ ᠭᠤᠤᠯ ᠡᠮᠦᠨ᠎ᠡ ᠵᠠᠮ᠎ᠤᠨ ᠪᠠᠭ᠎ᠠ ᠰᠤᠷᠭᠠᠭᠤᠯᠢ᠎ᠳᠤ ᠬᠦᠷᠴᠦ᠍᠂ ᠵᠠᠯᠠᠭᠤᠴᠤᠳ ᠪᠠᠭᠠᠴᠤᠳ᠎ᠤᠨ ᠦᠰᠦᠨ ᠪᠣᠶ᠋ᠢᠵᠢᠯᠲᠠ ᠳᠤᠮᠳᠠ ᠲᠤᠯᠭᠠᠷᠠᠵᠤ ᠮᠡᠳᠡᠬᠦ ᠠᠶᠤᠯ ᠲᠦᠭᠰᠢᠭᠦᠷᠢᠲᠡᠶ ᠨᠢᠭᠲᠠ ᠤᠶᠠᠯᠳᠤᠭᠤᠯᠤᠨ ᠬᠠᠤᠯᠢ ᠪᠡᠷ ᠵᠠᠰᠠᠬᠤ ᠮᠡᠳᠡᠯᠭᠡ ᠵᠢ ᠤᠯᠠᠮᠵᠢᠯᠠᠪᠡ᠃
ᠵᠣᠣ ᠤᠳᠠ ᠡᠮᠦᠨ᠎ᠡ ᠵᠠᠮ᠎ᠤᠨ ᠪᠠᠭ᠎ᠠ ᠰᠤᠷᠭᠠᠭᠤᠯᠢ᠎ᠳᠤ ᠰᠤᠷᠭᠠᠭᠤᠯᠢ᠎ᠶᠢᠨ ᠬᠦᠷᠢᠶᠡᠨ᠎ᠦ ᠳᠣᠷᠣᠮᠵᠢᠯᠠᠯ᠎ᠤᠨ ᠭᠤᠤᠯ ᠰᠡᠳᠦᠪ᠎ᠦᠨ ᠲᠣᠭᠣᠷᠢᠨ᠎ᠳᠤ ᠳᠠᠭᠤᠷᠢᠶᠠᠮᠠᠯ ᠰᠢᠭᠦᠬᠦ᠌ ᠲᠢᠩᠬᠢᠮ᠎ᠢ ᠵᠣᠬᠢᠶᠠᠨ ᠪᠠᠶ᠋ᠢᠭᠤᠯᠵᠤ᠂ ᠰᠤᠷᠭᠠᠭᠤᠯᠢ᠎ᠶᠢᠨ ᠬᠦᠷᠢᠶᠡᠨ᠎ᠦ ᠳᠣᠷᠣᠮᠵᠢᠯᠠᠯ᠎ᠤᠨ ᠬᠤᠤᠷ ᠬᠥᠨᠥᠭᠡᠯ ᠪᠠ ᠬᠠᠤᠯᠢ ᠴᠠᠭᠠᠵᠠ᠎ᠶᠢᠨ ᠦᠷ᠎ᠡ ᠳ᠋ᠦᠩ᠎ᠢ ᠲᠠᠢᠯᠪᠤᠷᠢᠯᠠᠵᠤ᠂ ᠰᠤᠷᠤᠭᠴᠢᠳ ᠪᠠᠶᠡᠴᠢᠯᠡᠨ ᠤᠷᠤᠯᠴᠠᠬᠤ ᠲᠤᠮᠳᠠ ᠬᠠᠤᠯᠢ ᠶᠢ ᠣᠶ᠋ᠢᠯᠠᠭᠠᠵᠤ᠂ ᠬᠠᠤᠯᠢ᠎ᠶᠢ ᠰᠠᠬᠢᠵᠤ᠂ ᠬᠠᠤᠯᠢ ᠴᠠᠭᠠᠵᠠ᠎ᠪᠠᠷ ᠥᠪᠡᠷ᠎ᠦᠨ ᠠᠮᠤᠷ ᠲᠦᠪᠰᠢᠨ᠎ᠢᠶᠡᠨ ᠬᠠᠮᠠᠭᠠᠯᠠᠬᠤ᠎ᠶᠢ ᠰᠤᠷᠤᠯᠴᠠᠪᠠ᠃ ᠠᠵᠢᠯᠯᠠᠭ᠎ᠠ ᠳᠤᠮᠳᠠ ᠬᠠᠤᠯᠢ ᠲᠦᠭᠡᠮᠡᠯᠵᠢᠭᠦᠯᠬᠦ᠌ ᠪᠦᠯᠬᠦᠮ᠎ᠤᠨ ᠬᠢᠨ ᠰᠦᠯᠵᠢᠶᠡᠨ᠎ᠦ ᠰᠢᠨᠤᠯ᠂ ᠰᠦᠯᠵᠢᠶᠡᠨ᠎ᠦ ᠠᠮᠤᠷ ᠲᠦᠪᠰᠢᠨ᠎ᠦ ᠲᠣᠭᠣᠷᠢᠨ᠎ᠳᠤ ᠦᠨᠡᠨ ᠪᠣᠳᠠᠲᠠᠶ ᠬᠡᠷᠡᠭ᠎ᠦᠨ ᠵᠢᠱ᠌ᠢᠶ᠎ᠡ᠎ᠲᠡᠶ ᠤᠶᠠᠯᠳᠤᠭᠤᠯᠤᠨ᠂ ᠬᠠᠷᠢᠯᠴᠠᠨ ᠦᠢᠯᠡᠳᠦᠯᠴᠡᠬᠦ᠌ ᠠᠰᠠᠭᠤᠯᠲᠠ ᠬᠠᠷᠢᠭᠤᠯᠲᠠ ᠵᠢᠨ ᠬᠡᠯᠪᠡᠷᠢ ᠪᠡᠷ ᠰᠤᠷᠤᠭᠴᠢᠳ ᠢ ᠬᠥᠲᠥᠯᠥᠨ ᠵᠢᠯᠣᠭᠣᠳᠴᠤ᠌ ᠰᠦᠯᠵᠢᠶᠡᠨ ᠦ ᠤᠨᠠᠭᠤᠯᠢ ᠶᠢ ᠲᠣᠳᠣᠷᠬᠠᠶ ᠲᠠᠨᠢᠭᠤᠯᠵᠤ᠂ ᠰᠦᠯᠵᠢᠶ᠎ᠠ ᠵᠢ ᠵᠦᠪ ᠵᠢᠡᠷ ᠠᠰᠢᠬᠯᠠᠵᠤ᠂ ᠡᠷᠡᠭᠦᠯ ᠪᠤᠰᠤ ᠰᠦᠯᠵᠢᠶᠡᠨ᠎ᠦ ᠠᠭᠤᠯᠭ᠎ᠠ ᠡᠴᠡ ᠬᠤᠯᠠ ᠪᠠᠢᠬᠤ ᠵᠢ ᠮᠡᠳᠡᠭᠦᠯᠵᠦ᠂ ᠥᠪᠡᠷ ᠢ ᠪᠡᠨ ᠬᠠᠮᠠᠭᠠᠯᠠᠬᠤ ᠤᠬᠠᠮᠰᠠᠷ᠎ᠢ᠎ᠨᠢ ᠳᠡᠭᠡᠭᠰᠢᠯᠡᠭᠦᠯᠪᠠ᠃
ᠥᠪᠡᠷᠲᠡᠭᠡᠨ ᠵᠠᠰᠠᠬᠤ ᠣᠷᠣᠨ᠎ᠤ ᠠᠷᠠᠳ ᠤᠨ ᠶᠠᠪᠤᠳᠠᠯ ᠤᠨ ᠲᠢᠩᠬᠢᠮ ᠲᠠᠷᠠᠭᠠᠴᠢ᠎ᠶᠢᠨ ᠠᠯᠬᠤᠮ ᠳᠤ ᠨᠠᠰᠤᠨ᠎ᠳᠤ ᠥᠯᠥ᠍ ᠭᠦᠷᠦᠭᠰᠡᠳ ᠢ ᠬᠠᠮᠠᠭᠠᠯᠠᠬᠤ ᠬᠠᠤᠯᠢ ᠲᠦᠭᠡᠮᠡᠯᠵᠢᠭᠦᠯᠬᠦ᠌ ᠤᠬᠠᠭᠤᠯᠭ᠎ᠠ᠎ᠶᠢᠨ ᠠᠵᠢᠯ᠎ᠢ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠬᠠᠤᠯᠢ ᠲᠦᠭᠡᠮᠡᠯᠵᠢᠭᠦᠯᠬᠦ᠌ ᠬᠡᠯᠪᠡᠷᠢ᠎ᠶᠢᠨ ᠲᠠᠯ᠎ᠠ᠎ᠪᠠᠷ ᠲᠠᠰᠤᠷᠠᠯᠲᠠ ᠥᠬᠡᠶ ᠰᠢᠨ᠎ᠡ᠎ᠶᠢ ᠡᠭᠦᠳᠴᠦ᠍᠂ ᠬᠠᠤᠯᠢ ᠪᠡᠷ ᠵᠠᠰᠠᠬᠤ ᠬᠥᠮᠦᠵᠢᠯ᠎ᠢ ᠨᠠᠩ ᠣᠯᠠᠨ ᠰᠤᠷᠭᠠᠭᠤᠯᠢ᠎ᠶᠢᠨ ᠬᠦᠷᠢᠶᠡᠨ᠎ᠳᠦ ᠬᠦᠷᠭᠡᠵᠦ᠍᠂ ᠨᠠᠰᠤᠨ᠎ᠳᠤ ᠥᠯᠥ᠍ ᠭᠦᠷᠦᠭᠰᠡᠳ᠎ᠦᠨ ᠡᠷᠡᠭᠦᠯ᠎ᠢᠶᠡᠷ ᠦᠰᠦᠨ ᠪᠣᠶ᠋ᠢᠵᠢᠬᠤ ᠬᠠᠮᠠᠭᠠᠯᠠᠯᠲᠠ᠎ᠶᠢᠨ ᠲᠤᠤᠷ᠎ᠢ ᠪᠠᠲᠤ᠌ ᠰᠦᠯᠵᠢᠵᠤ᠂ ᠪᠠᠭᠠᠴᠤᠳ ᠬᠡᠦᠬᠡᠳ᠎ᠦᠨ ᠠᠮᠤᠷ ᠲᠦᠪᠰᠢᠨ ᠦᠰᠦᠨ ᠪᠣᠢᠵᠢᠯᠳᠠ ᠵᠢ ᠰᠠᠢᠳᠤᠷ ᠬᠠᠮᠠᠭᠠᠯᠠᠬᠤ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃