ᠲᠡᠷᠢᠭᠦᠨ ᠨᠢᠭᠤᠷ>ᠴᠠᠭ ᠲᠦᠷᠦ> ᠬᠠᠤᠯᠢ ᠳᠦᠷᠢᠮ

2026-10-22 11:24:50

ᠵᠣᠬᠢᠶᠠᠭ᠍ᠴᠢ᠄ ᠬᠠᠨ ᠯᠢᠩ ᠯᠢᠩ ᠣᠩᠱᠢᠭ᠍ᠰᠠᠨ ᠣᠳᠠᠭ᠎ᠠ᠄ 3

ᠥᠷᠭᠡᠨ ᠤᠯᠠᠨ ᠬᠠᠤᠯᠢ ᠴᠠᠭᠠᠵᠠ ᠢ᠋ᠢᠨ ᠵᠠᠰᠠᠭ ᠵᠠᠬᠢᠷᠭᠠᠨ᠎ᠤ ᠰᠢᠰᠲᠸᠮ᠎ᠤᠨ ᠨᠠᠮ᠎ᠤᠨ ᠭᠡᠰᠢᠭᠦᠨ ᠺᠠᠳ᠋ᠷ ᠠᠵᠢᠯᠲᠠᠨ ᠪᠠ ᠬᠠᠤᠯᠢ ᠴᠠᠭᠠᠵᠠ᠎ᠶᠢᠨ ᠦᠢᠯᠡᠴᠢᠯᠡᠭᠡᠨ᠎ᠦ ᠠᠵᠢᠯᠲᠠᠨ᠎ᠤ ᠲᠤᠰᠢᠶᠠᠯ ᠬᠠᠷᠢᠭᠤᠴᠠᠯᠭ᠎ᠠ᠎ᠪᠠᠨ ᠦᠨᠡᠨᠴᠢ ᠰᠢᠳᠤᠷᠭᠤ᠎ᠪᠠᠷ ᠭᠦᠢᠴᠡᠳᠬᠡᠨ᠂ ᠰᠠᠨᠠᠭᠠᠴᠢᠯᠠᠭ᠎ᠠ ᠡᠴᠡ᠎ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠪᠦᠲᠦᠭᠡᠵᠦ᠂ ᠬᠠᠤᠯᠢ ᠴᠠᠭᠠᠵᠠ ᠢ᠋ᠢᠨ ᠵᠠᠰᠠᠭ ᠵᠠᠬᠢᠷᠭᠠᠨ᠎ᠤ ᠠᠵᠢᠯ᠎ᠤᠨ ᠴᠢᠨᠠᠷ ᠰᠠᠢᠲᠠᠢ ᠬᠥᠭᠵᠢᠯᠲᠡ᠎ᠶᠢ ᠬᠦᠴᠦᠯᠡᠨ ᠠᠬᠢᠭᠤᠯᠬᠤ ᠵᠢ ᠵᠤᠷᠢᠬᠵᠢᠭᠤᠯᠤᠨ ᠬᠦᠲᠦᠯᠦᠨ ᠵᠢᠯᠤᠭᠤᠳᠬᠤ ᠢ᠋ᠢᠨ ᠲᠦᠯᠦᠭᠡ᠂ ᠤᠢᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ ᠪᠥᠬᠥ ᠣᠷᠣᠨ᠎ᠤ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠰᠢᠰᠲᠧᠮ᠎ᠦᠨ ᠲᠡᠷᠢᠭᠦᠨ᠎ᠦ ᠦᠶ᠋ᠯᠡ ᠠᠵᠢᠯᠯᠠᠭ᠎ᠠ ᠢ᠋ᠢᠨ ᠮᠡᠳᠡᠭᠦᠯᠦᠯᠲᠡ᠎ᠶᠢᠨ ᠬᠤᠷᠠᠯ ᠬᠢᠪᠡ᠃

ᠮᠡᠲᠡᠭᠦᠯᠦᠯᠲᠡ ᠢ᠋ᠢᠨ ᠬᠤᠷᠠᠯ ᠳᠡᠭᠡᠷ᠎ᠡ᠂ ᠪᠥᠬᠥ ᠣᠷᠣᠨ᠎ᠤ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠰᠢᠰᠲᠧᠮ᠎ᠦᠨ ᠲᠡᠷᠢᠭᠦᠨ᠎ᠦ ᠬᠤᠪᠢ ᠬᠥᠮᠥᠨ᠎ᠦ ᠲᠥᠯᠥᠭᠡᠯᠡᠭᠴᠢ ᠤᠯᠠᠭᠠᠨᠴᠠᠪ ᠬᠣᠲᠠ᠎ᠶᠢᠨ ᠠᠯᠪᠠᠳᠠᠯᠭ᠎ᠠ᠎ᠪᠠᠷ ᠲᠤᠰᠠᠭᠠᠷᠯᠠᠵᠤ ᠬᠣᠣᠷ ᠲᠠᠲᠠᠬᠤ᠎ᠶᠢ ᠵᠣᠭᠰᠤᠭᠠᠬᠤ ᠭᠠᠵᠠᠷ᠎ᠤᠨ ᠡᠮᠨᠡᠯᠭᠡ᠎ᠶᠢᠨ ᠲᠠᠰᠤᠭ᠎ᠤᠨ ᠬᠠᠷᠢᠭᠤᠴᠠᠯᠭᠠᠲᠠᠨ ᠴᠧᠨ ᠵᠥᠩ ᠭᠤᠸᠠᠩ᠂ ᠥᠪᠥᠷ ᠮᠣᠩᠭᠣᠯ᠎ᠤᠨ ᠨᠢᠭᠡᠳᠦᠭᠡᠷ ᠡᠮᠡᠭᠲᠡᠢ ᠢ᠋ᠢᠨ ᠭᠢᠨᠳᠠᠨ᠎ᠤ ᠰᠤᠷᠭᠠᠨ ᠬᠥᠮᠦᠵᠢᠭᠦᠯᠦᠨ ᠥᠭᠡᠷᠡᠴᠢᠯᠡᠬᠦ ᠰᠠᠯᠠᠭᠠᠨ᠎ᠤ ᠳᠡᠳ᠋ ᠳᠠᠷᠤᠭ᠎ᠠ ᠳ᠋ᠠᠢ ᠯᠢ ᠯᠢ᠂ ᠦᠬᠠᠢ ᠬᠣᠲᠠ᠎ᠶᠢᠨ ᠠᠯᠪᠠᠳᠠᠯᠭ᠎ᠠ᠎ᠪᠠᠷ ᠲᠤᠰᠠᠭᠠᠷᠯᠠᠵᠤ ᠬᠣᠣᠷ ᠲᠠᠲᠠᠬᠤ᠎ᠶᠢ ᠵᠣᠭᠰᠤᠭᠠᠬᠤ ᠭᠠᠵᠠᠷ᠎ᠤᠨ ᠬᠠᠤᠯᠢ ᠳᠦᠷᠢᠮ᠎ᠦᠨ ᠬᠢᠨᠠᠯᠲᠠ ᠲᠠᠯᠪᠢᠬᠤ ᠠᠯᠪᠠᠨ ᠭᠡᠷ᠎ᠦᠨ ᠡᠷᠬᠢᠯᠡᠭᠴᠢ ᠯᠢ ᠯᠢᠨ᠂ ᠥᠪᠥᠷ ᠮᠣᠩᠭᠣᠯ᠎ᠤᠨ ᠰᠥᠩ ᠰᠢᠨ ᠬᠠᠤᠯᠢᠴᠢ᠎ᠶᠢᠨ ᠬᠡᠷᠡᠭ ᠡᠷᠬᠢᠯᠡᠬᠦ ᠭᠠᠵᠠᠷ᠎ᠤᠨ ᠨᠠᠮ᠎ᠤᠨ ᠡᠭᠦᠷ᠎ᠦᠨ ᠱᠦᠵᠢ᠂ ᠡᠷᠬᠢᠯᠡᠭᠴᠢ ᠰᠢᠨ ᠹᠧᠩ ᠭᠸ᠂ ᠬᠥᠯᠥᠨ ᠪᠣᠶ᠋ᠢᠷ ᠬᠣᠲᠠ᠎ᠶᠢᠨ ᠬᠠᠭᠤᠴᠢᠨ ᠪᠠᠷᠭᠤ ᠬᠣᠰᠢᠭᠤᠨ᠎ᠤ ᠪᠠᠶᠠᠨᠬᠦ᠋ᠷᠢᠶ᠎ᠡ ᠬᠠᠤᠯᠢ ᠴᠠᠭᠠᠵᠠ᠎ᠶᠢᠨ ᠭᠠᠵᠠᠷ᠎ᠤᠨ ᠳᠠᠷᠤᠭ᠎ᠠ ᠴᠢᠮᠡᠭ᠂ ᠥᠪᠥᠷ ᠮᠣᠩᠭᠣᠯ᠎ᠤᠨ ᠨᠠᠰᠤᠨ᠎ᠳᠤ ᠥᠯᠥ ᠬᠦᠷᠦᠭᠰᠡᠨ ᠶᠠᠯᠠᠲᠠᠨ ᠢ᠋ ᠬᠠᠮᠢᠶᠠᠷᠤᠨ ᠰᠤᠷᠭᠠᠬᠤ ᠭᠠᠵᠠᠷ᠎ᠤᠨ ᠨᠢᠭᠡᠳᠦᠭᠡᠷ ᠬᠠᠮᠢᠶᠠᠷᠤᠯᠲᠠ ᠶ᠋ᠢᠨ ᠲᠣᠭᠣᠷᠢᠭ᠋᠎ᠤᠨ ᠳᠡᠳ᠋ ᠳᠠᠷᠤᠭ᠎ᠠ ᠴᠧᠨ ᠰᠢᠨ ᠵᠡᠷᠭᠡ ᠵᠢᠷᠭᠤᠭᠠᠨ ᠨᠥᠬᠥᠷ ᠪᠣᠷᠣᠭᠵᠢᠭᠤᠨ ᠦᠭᠡ ᠬᠡᠯᠡ᠂ ᠦᠨᠡᠨ ᠪᠣᠳᠠᠲᠠᠢ ᠵᠢᠱ᠌ᠢᠶ᠎ᠡ᠂ ᠴᠢᠩ ᠦᠨᠡᠨᠴᠢ ᠰᠡᠳᠬᠢᠯᠭᠡ᠎ᠪᠡᠷ ᠦᠨᠳᠦᠰᠦᠨ ᠱᠠᠲᠤᠨ᠎ᠳᠤ ᠬᠦᠨᠵᠡᠭᠡᠢᠷᠡᠨ᠂ ᠨᠢᠭᠡᠳᠦᠭᠡᠷ ᠹᠷᠣᠨᠲ᠎ᠲᠤ ᠡᠷᠡᠮᠡᠬᠡᠢᠯᠡᠨ ᠲᠡᠮᠡᠴᠡᠭᠰᠡᠨ ᠰᠡᠳᠬᠢᠯ ᠬᠥᠳᠡᠯᠭᠡᠮ᠎ᠡ ᠦᠯᠢᠭᠡᠷ ᠢ᠋ᠢᠡᠨ ᠶᠠᠷᠢᠵᠤ᠂ ᠲᠡᠷᠢᠭᠦᠨ᠎ᠦ ᠦᠶ᠋ᠯᠡ ᠠᠵᠢᠯᠯᠠᠭ᠎ᠠ ᠨᠢ ᠬᠥᠮᠥᠰ᠎ᠦᠨ ᠰᠡᠳᠬᠢᠯ ᠢ᠋ ᠳᠣᠭᠳᠣᠯᠤᠭᠤᠯᠵᠤ᠂ ᠬᠥᠮᠥᠰ ᠢ᠋ ᠤᠷᠮᠠᠰᠢᠭᠤᠯᠤᠨ ᠤᠷᠤᠭᠰᠢᠯᠠᠭᠤᠯᠵᠤ᠂ ᠠᠬᠤᠢ ᠲᠠᠯᠠᠪᠠᠶ ᠶ᠋ᠢᠨ ᠠᠭᠤᠷ ᠠᠮᠢᠰᠬᠤᠯ ᠬᠦᠷ ᠬᠦᠭᠵᠢᠶᠡᠨ ᠲᠡᠢ ᠪᠡᠢᠪᠡ᠃

ᠬᠤᠷᠠᠯ ᠡᠴᠡ᠂ ᠦᠯᠢᠭᠡᠷ ᠳᠠᠭᠤᠷᠢᠶᠠᠯ᠎ᠤᠨ ᠬᠦᠴᠦᠨ᠎ᠢ ᠰᠢᠩᠭᠡᠬᠡᠨ ᠠᠪᠴᠤ᠂ ᠬᠦᠰᠡᠯᠡᠩ ᠢᠲᠡᠭᠡᠯ ᠪᠢᠰᠢᠷᠡᠯ᠎ᠢᠶᠡᠨ ᠪᠠᠲᠤᠳᠬᠠᠵᠤ᠂ ᠲᠡᠷᠢᠭᠦᠨ᠎ᠦ ᠬᠢ᠎ᠶᠢ ᠡᠷᠬᠢᠮᠯᠡᠬᠦ᠂ ᠬᠣᠰᠢᠭᠤᠴᠢ ᠪᠣᠯᠬᠤ᠎ᠪᠠᠷ ᠴᠢᠷᠮᠠᠢᠬᠤ ᠳᠤᠮᠳᠠ ᠤᠯᠤᠰ ᠲᠦᠷᠦ᠎ᠶᠢᠨ ᠦᠨᠡᠨᠴᠢ ᠰᠢᠳᠤᠷᠭᠤ᠎ᠶᠢ ᠲᠠᠰᠤᠷᠠᠯᠲᠠ ᠦᠭᠡᠢ ᠪᠠᠲᠤᠳᠬᠠᠬᠤ ᠬᠡᠷᠡᠭᠲᠡᠢ; ᠲᠡᠷᠢᠭᠦᠨ᠎ᠦ ᠨᠡᠢᠲᠡᠯᠢᠭ ᠵᠢᠱ᠌ᠢᠶ᠎ᠡ᠎ᠪᠡᠷ ᠪᠠᠷᠢᠮᠵᠢᠶ᠎ᠠ ᠪᠣᠯᠭᠠᠵᠤ᠂ᠴᠠᠭ ᠦᠶ᠎ᠡ᠎ᠶᠢᠨ ᠡᠭᠦᠷᠭᠡ ᠬᠠᠷᠢᠭᠤᠴᠠᠯᠭ᠎ᠠ᠎ᠶᠢ ᠵᠣᠷᠢᠭ᠍ᠲᠠᠢ᠎ᠪᠠᠷ ᠡᠭᠦᠷᠭᠡᠯᠡᠵᠦ᠂ᠨᠠᠷᠢᠯᠢᠭ᠍ᠵᠢᠭᠤᠯᠤᠭᠰᠠᠨ ᠬᠠᠮᠢᠶᠠᠷᠤᠯᠲᠠ᠎ᠶᠢ ᠶᠡᠬᠡ ᠪᠡᠷ ᠬᠡᠷᠡᠭᠵᠢᠭᠦᠯᠵᠦ᠂ ᠪᠦᠬᠦ ᠣᠷᠣᠨ᠎ᠤ ᠬᠥᠭᠵᠢᠯᠲᠡ᠎ᠶᠢᠨ ᠶᠡᠬᠡ ᠲᠠᠯ᠎ᠠ᠎ᠳᠤ ᠦᠢᠯᠡᠴᠢᠯᠡᠵᠦ ᠪᠠᠲᠤᠯᠠᠬᠤ᠎ᠳᠤ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠬᠦ ᠬᠡᠷᠡᠭᠲᠡᠢ; ᠦᠷᠭᠦᠯᠵᠢᠯᠡᠨ ᠭᠦᠨᠵᠡᠭᠡᠢ ᠠᠭᠤᠳᠠᠯᠵᠤ᠂ ᠤᠬᠠᠭᠤᠯᠵᠤ ᠬᠥᠲᠥᠯᠥᠨ ᠵᠢᠯᠤᠭᠣᠳᠬᠤ᠎ᠪᠠᠨ ᠴᠢᠩᠭᠠᠳᠬᠠᠵᠤ᠂ ᠦᠨᠡᠨᠴᠢ ᠰᠢᠳᠤᠷᠭᠤ ᠴᠡᠪᠡᠷ ᠴᠢᠬᠡᠴᠢ ᠬᠠᠷᠢᠭᠤᠴᠠᠯᠭ᠎ᠠ᠎ᠲᠠᠢ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠲᠡᠮᠦᠷ ᠴᠡᠷᠢᠭ᠎ᠢ ᠪᠠᠢᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠢ᠋ᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ᠎ᠳᠦ ᠬᠠᠤᠯᠢ ᠪᠡᠷ ᠵᠠᠰᠬᠠᠤ ᠬᠦᠴᠦᠨ ᠴᠢᠳᠠᠯ᠎ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面