ᠲᠡᠷᠢᠭᠦᠨ ᠨᠢᠭᠤᠷ>ᠴᠠᠭ ᠲᠦᠷᠦ> ᠬᠠᠤᠯᠢ ᠳᠦᠷᠢᠮ

2026-10-27 11:05:32

ᠵᠣᠬᠢᠶᠠᠭ᠍ᠴᠢ᠄ ᠰᠢᠨᠡᠪᠢᠯᠢᠭ ᠣᠩᠱᠢᠭ᠍ᠰᠠᠨ ᠣᠳᠠᠭ᠎ᠠ᠄ 3

ᠦᠷᠭᠡᠨ ᠤᠯᠠᠨ ᠵᠠᠯᠠᠭᠤᠴᠤᠳ ᠪᠠᠭᠠᠴᠤᠳ ᠤ᠋ᠨ ᠬᠤᠤᠷᠳᠤ ᠡᠳ᠋᠎ᠢ ᠲᠠᠨᠢᠬᠤ ᠬᠤᠤᠷᠳᠤ ᠡᠳ᠋ ᠢ᠋ ᠰᠡᠷᠬᠡᠢᠯᠡᠬᠦ ᠬᠤᠤᠷᠳᠤ ᠡᠳ᠋ ᠢ᠋ ᠲᠡᠪᠴᠢᠬᠦ ᠤᠬᠠᠮᠰᠠᠷ ᠪᠠ ᠴᠢᠳᠠᠪᠤᠷᠢ ᠵᠢ ᠤᠯᠠᠮ ᠨᠢᠬᠡ ᠠᠯᠬᠤᠮ ᠲᠡᠭᠡᠭᠰᠢᠯᠡᠬᠦᠯᠬᠦ ᠵᠢᠨ ᠲᠤᠯᠠᠳᠠ᠂ ᠤᠢᠷ᠎ᠠ ᠳ᠋ᠤ ᠦᠪᠡᠷᠳᠡᠬᠡᠨ ᠵᠠᠰᠠᠬᠤ ᠤᠷᠤᠨ ᠤ᠋ ᠬᠤᠤᠷᠳᠤ ᠡᠳ᠋ ᠢ᠋ ᠴᠠᠭᠠᠵᠠᠯᠠᠬᠤ ᠵᠦᠪᠯᠡᠯ ᠤ᠋ᠨ ᠠᠯᠪᠠᠨ ᠬᠡᠷ ᠡᠴᠨ 2026  ᠤᠨ ᠤ᠋ ᠦᠪᠦᠷ ᠮᠤᠩᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠵᠠᠯᠠᠭᠤᠴᠤᠳ ᠪᠠᠭᠠᠴᠤᠳ ᠤ᠋ᠨ ᠬᠤᠤᠷᠳᠤ ᠡᠳ᠋ ᠢ᠋ ᠴᠠᠭᠠᠵᠠᠯᠠᠬᠤ ᠮᠡᠳᠡᠯᠬᠡ ᠵᠢᠨ ᠤᠷᠤᠯᠳᠤᠭᠠᠨ ᠤ᠋ ᠰᠢᠢᠳᠪᠦᠷᠢᠳᠦ ᠤᠷᠤᠯᠳᠤᠭᠠᠨ ᠢ᠋ ᠶᠠᠪᠤᠬᠳᠠᠭᠤᠯᠵᠠᠢ᠃

ᠲᠤᠰ ᠤᠳᠠᠭ᠎ᠠ ᠵᠢᠨ ᠤᠷᠤᠯᠳᠤᠭᠠᠨ ᠨᠢ ᠵᠠᠯᠠᠭᠤᠴᠤᠳ ᠪᠠᠭᠠᠴᠤᠳ ᠤ᠋ᠨ ᠡᠮ ᠤ᠋ᠨ ᠵᠦᠢᠯᠡᠰ ᠢ᠋ ᠲᠤᠷ᠎ᠠ ᠪᠡᠷ ᠵᠢᠡᠨ ᠬᠡᠷᠡᠭᠯᠡᠬᠦ ᠵᠢ ᠰᠡᠷᠬᠡᠢᠯᠡᠬᠦ ᠮᠡᠳᠡᠯᠬᠡ ᠵᠢ ᠭᠤᠤᠯᠳᠠᠯᠭ᠎ᠠ ᠲᠠᠢ ᠰᠢᠯᠭᠠᠨ ᠪᠠᠢᠴᠠᠭᠠᠵᠤ᠂ ᠬᠤᠤᠷᠳᠤ ᠡᠳ᠋ ᠢ᠋ ᠴᠠᠭᠠᠵᠠᠯᠠᠬᠤ ᠬᠠᠤᠯᠢ ᠲᠤᠬᠳᠠᠭᠠᠯ᠂ ᠬᠤᠤᠷᠳᠤ ᠡᠳ᠋ ᠢ᠋ ᠴᠠᠭᠠᠵᠠᠯᠠᠬᠤ ᠶᠡᠷᠦ ᠵᠢᠨ ᠮᠡᠳᠡᠯᠬᠡ ᠵᠢ ᠲᠦᠬᠡᠮᠡᠯᠵᠢᠬᠦᠯᠬᠦ᠂ ᠤᠯᠤᠰ ᠤ᠋ᠨ ᠲᠤᠳᠤᠭᠠᠳᠤ ᠵᠢᠨ ᠬᠤᠤᠷᠳᠤ ᠡᠳ᠋ ᠤ᠋ᠨ ᠪᠠᠢᠳᠠᠯ ᠪᠠ ᠵᠠᠯᠠᠭᠤᠴᠤᠳ ᠪᠠᠭᠠᠴᠤᠳ ᠤ᠋ᠨ ᠬᠤᠤᠷᠳᠤ ᠡᠳ᠋ ᠢ᠋ ᠤᠷᠢᠳᠴᠢᠯᠠᠨ ᠰᠡᠷᠬᠡᠢᠯᠡᠬᠦ ᠬᠦᠮᠦᠵᠢᠯ ᠵᠡᠷᠬᠡ ᠠᠭᠤᠯᠭ᠎ᠠ ᠵᠢ ᠬᠠᠮᠤᠷᠴᠠᠢ᠃ ᠤᠷᠤᠯᠳᠤᠭᠠᠨ ᠳ᠋ᠸ᠋ ᠨᠡᠢᠳᠡ ᠲᠠᠪᠤᠨ ᠭᠤᠬᠴᠤᠭ᠎ᠠ ᠲᠤᠬᠢᠷᠠᠭᠤᠯᠤᠨ᠂ ᠤᠷᠤᠯᠴᠠᠬᠰᠠᠳ ᠤ᠋ᠨ ᠬᠤᠪᠢ ᠬᠦᠮᠦᠨ ᠤ᠋ ᠮᠡᠳᠡᠯᠬᠡ ᠵᠢᠨ ᠦᠷᠭᠡᠴᠡ ᠵᠢ ᠰᠢᠯᠭᠠᠨ ᠪᠠᠢᠴᠠᠭᠠᠬᠰᠠᠨ ᠪᠦᠬᠡᠳ ᠪᠠᠰᠠ ᠪᠦᠯᠬᠦᠮ ᠨᠡᠢᠳᠡ ᠵᠢᠨ ᠬᠠᠮᠵᠢᠯᠴᠠᠨ ᠬᠤᠪᠢᠷᠠᠯᠳᠠ ᠵᠢ ᠠᠷᠭᠠᠴᠠᠭᠠᠬᠤ ᠴᠢᠳᠠᠪᠤᠷᠢ ᠵᠢ ᠰᠢᠯᠭᠠᠨ ᠪᠠᠢᠴᠠᠭᠠᠵᠠᠢ᠃ ᠤᠷᠤᠯᠳᠤᠭᠠᠨ ᠳ᠋ᠸ᠋ ᠵᠢᠯᠤᠭᠤᠳᠤᠬᠴᠢ ᠪᠠᠬᠰᠢ ᠵᠢᠨ ᠤᠷᠤᠯᠳᠤᠭᠠᠨ ᠤ᠋ ᠭᠤᠬᠴᠤᠭ᠎ᠠ ᠵᠢ ᠰᠢᠨ᠎ᠡ ᠪᠡᠷ ᠨᠡᠮᠡᠵᠦ᠂ ᠤᠷᠤᠯᠳᠤᠭᠠᠨ ᠤ᠋ ᠦᠷᠢᠰᠦᠯᠳᠦᠬᠡᠨᠳᠦ ᠴᠢᠨᠠᠷ ᠪᠠ ᠰᠤᠨᠢᠷᠬᠠᠯᠳᠤ ᠴᠢᠨᠠᠷ ᠢ᠋ ᠤᠯᠠᠮ ᠨᠢᠬᠡ ᠠᠯᠬᠤᠮ ᠴᠢᠩᠭᠠᠳᠬᠠᠵᠠᠢ᠃

ᠰᠢᠨ᠎ᠡ  ᠬᠡᠯᠪᠡᠷᠢ ᠵᠢᠨ ᠬᠤᠤᠷᠳᠤ ᠡᠳ᠋ ᠢ᠋ ᠢᠯᠭᠠᠨ ᠲᠠᠨᠢᠬᠤ᠂ ᠡᠳᠦᠷ ᠲᠤᠳᠤᠮ ᠤ᠋ᠨ ᠡᠮ ᠬᠡᠷᠡᠭᠯᠡᠬᠦ ᠡᠨᠳᠡᠬᠦᠷᠡᠯ ᠵᠡᠷᠬᠡ ᠠᠮᠢᠳᠤᠷᠠᠯ ᠲᠠᠢ ᠤᠢᠷᠠᠳᠤᠬᠰᠠᠨ ᠰᠢᠯᠭᠠᠯᠳᠠ ᠵᠢᠨ ᠰᠡᠳᠦᠪ ᠲᠦ᠍ ᠬᠠᠨᠳᠤᠨ᠂ ᠤᠷᠤᠯᠴᠠᠬᠰᠠᠳ ᠲᠦᠷᠬᠡᠨ ᠰᠡᠳᠬᠢᠨ ᠪᠤᠳᠤᠯᠬᠢᠯᠠᠵᠤ᠂ ᠵᠦᠪ ᠤᠨᠤᠪᠴᠢᠳᠠᠢ ᠬᠠᠷᠢᠭᠤᠯᠵᠦ᠂ ᠤᠯᠠᠨ ᠡᠬᠡᠯᠵᠢ ᠵᠢᠨ ᠪᠠᠴᠢᠮ ᠰᠢᠷᠦᠬᠦᠨ ᠦᠷᠢᠰᠦᠯᠳᠦᠬᠡᠨ ᠵᠢᠡᠷ ᠲᠠᠮᠵᠢᠨ᠂ ᠲᠤᠰ ᠤᠳᠠᠭ᠎ᠠ ᠵᠢᠨ ᠤᠷᠤᠯᠳᠤᠭᠠᠨ ᠤ᠋ ᠡᠯ᠎ᠡ ᠱᠠᠩᠨᠠᠯ ᠴᠦᠮ ᠲᠤᠳᠤᠷᠠᠵᠠᠢ᠃ ᠪᠤᠭᠤᠳᠤ ᠬᠤᠳᠠ ᠵᠢᠨ ᠲᠦᠯᠦᠬᠡᠯᠡᠭᠴᠢᠳ ᠤ᠋ᠨ ᠠᠩᠬᠢ ᠨᠢᠬᠡᠳᠦᠬᠡᠷ ᠲᠡᠰ ᠤ᠋ᠨ ᠱᠠᠩᠨᠠᠯ ᠬᠦᠷᠳᠡᠵᠦ᠂ ᠲᠦᠩᠯᠢᠶᠤᠤ ᠬᠤᠳᠠ᠂ ᠪᠠᠶᠠᠠᠨᠠᠭᠤᠷ ᠬᠤᠳᠠ ᠵᠢᠨ ᠲᠦᠯᠦᠬᠡᠯᠡᠭᠴᠢᠳ ᠤ᠋ᠨ ᠠᠩᠬᠢ ᠬᠤᠶᠠᠳᠤᠭᠠᠷ ᠲᠡᠰ ᠤ᠋ᠨ ᠱᠠᠩᠨᠠᠯ ᠤᠯᠵᠠᠢ᠃ ᠡᠬᠦᠨ ᠡᠴᠨ ᠭᠠᠳᠠᠨ᠎ᠠ᠂ ᠤᠷᠤᠯᠳᠤᠭᠠᠨ ᠳ᠋ᠸ᠋ ᠡᠯ᠎ᠡ ᠰᠤᠷᠤᠯᠴᠠᠯᠭ᠎ᠠ ᠵᠢᠨ ᠱᠠᠳᠤ ᠦᠶ᠎ᠡ ᠵᠢᠨ 6 ᠤᠷᠤᠯᠴᠠᠬᠴᠢ ᠵᠢ ᠰᠢᠯᠢᠳᠡᠭ ᠤᠷᠤᠯᠴᠠᠬᠴᠢ ᠪᠡᠷ ᠰᠢᠯᠭᠠᠷᠠᠭᠤᠯᠤᠨ ᠭᠠᠷᠭᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面