ᠲᠡᠷᠢᠭᠦᠨ ᠨᠢᠭᠤᠷ>ᠴᠠᠭ ᠲᠦᠷᠦ> ᠬᠠᠤᠯᠢ ᠳᠦᠷᠢᠮ

2026-10-29 11:50:03

ᠵᠣᠬᠢᠶᠠᠭ᠍ᠴᠢ᠄ ​ ᠰᠦᠨ ᠯᠢ ᠶᠢᠡᠭ ᠣᠩᠱᠢᠭ᠍ᠰᠠᠨ ᠣᠳᠠᠭ᠎ᠠ᠄ 3

ᠤᠢᠷ᠎ᠠ ᠳ᠋ᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠯᠤᠰ ᠲᠥᠷᠥ ᠬᠠᠤᠯᠢ ᠴᠠᠭᠠᠵᠠ᠎ᠶᠢᠨ ᠬᠣᠷᠢᠶ᠎ᠠ᠎ᠡᠴᠡ ᠭᠣᠣᠯᠯᠠᠨ ᠡᠷᠭᠢᠯᠡᠭᠰᠡᠨ 《ᠦᠨᠡᠨᠴᠢ ᠰᠢᠳᠤᠷᠭᠤ ᠪᠡᠷ ᠴᠠᠭᠳᠠᠭᠠᠨ᠎ᠤ ᠰᠦᠭ ᠰᠦᠨᠡᠰᠦ᠎ᠶᠢ ᠱᠤᠭᠤᠵᠤ᠂ ᠤᠮᠠᠷᠠᠲᠤ ᠬᠢᠯᠢ᠎ᠶᠢ ᠠᠷᠢᠭᠤᠨ ᠴᠢᠰᠤ᠎ᠪᠠᠷ᠎ᠢᠶᠠᠨ ᠬᠠᠮᠠᠭᠠᠯᠠᠭᠰᠠᠨ》 ᠴᠧᠨ ᠵᠢᠶᠠ ᠰᠢᠨ ᠨᠥᠬᠥᠷ᠎ᠦᠨ ᠲᠡᠷᠢᠭᠦᠨ᠎ᠦ ᠦᠶ᠋ᠯᠡ ᠠᠵᠢᠯᠯᠠᠭ᠎ᠠ᠎ᠶᠢᠨ ᠮᠡᠳᠡᠭᠦᠯᠦᠯᠲᠡ᠎ᠶᠢᠨ ᠬᠤᠷᠠᠯ ᠬᠥᠬᠡᠬᠣᠲᠠ᠎ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠯᠤᠰ ᠲᠦᠷᠦ ᠬᠠᠤᠯᠢ ᠴᠠᠭᠠᠵᠠ᠎ᠶᠢᠨ ᠬᠣᠷᠢᠶ᠎ᠠ᠂ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶ᠎ᠠ᠂ ᠠᠷᠠᠳ᠎ᠤᠨ ᠪᠠᠢᠴᠠᠭᠠᠬᠤ ᠬᠣᠷᠢᠶ᠎ᠠ᠂ ᠳᠣᠲᠣᠭᠠᠳᠤ᠎ᠶᠢ ᠬᠠᠮᠠᠭᠠᠯᠠᠬᠤ ᠲᠢᠩᠬᠢᠮ᠂ ᠬᠠᠤᠯᠢ ᠴᠠᠭᠠᠵᠠ᠎ᠶᠢᠨ ᠲᠢᠩᠬᠢᠮ ᠵᠡᠷᠭᠡ ᠨᠢᠭᠡᠴᠢ᠎ᠶᠢᠨ 400 ᠭᠠᠷᠤᠢ ᠲᠥᠯᠥᠭᠡᠯᠡᠭᠴᠢ ᠲᠤᠬᠠᠢ᠎ᠶᠢᠨ ᠲᠠᠯᠠᠪᠠᠢ᠎ᠳᠤ ᠮᠡᠳᠡᠭᠦᠯᠦᠯᠲᠡ᠎ᠶᠢ ᠰᠣᠨᠣᠰᠴᠠᠢ᠃

ᠴᠧᠨ ᠵᠢᠶᠠ ᠰᠢᠨ ᠠᠮᠢᠳᠤ ᠰᠡᠷᠢᠭᠦᠨ ᠪᠠᠢᠬᠤ᠎ᠳᠠᠭᠠᠨ ᠪᠤᠭᠤᠲᠤ ᠬᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠴᠢᠩᠱᠠᠨ ᠬᠤᠪᠢᠶᠠᠷᠢ ᠲᠣᠪᠴᠢᠶ᠎ᠠ᠎ᠶᠢᠨ ᠴᠢᠯᠦᠭᠡᠳᠤ ᠵᠠᠮ᠎ᠳᠡᠬᠢ ᠲᠣᠮᠢᠯᠠᠭᠰᠠᠨ ᠰᠠᠯᠪᠤᠷᠢ᠎ᠶᠢᠨ ᠳᠡᠳ᠋ ᠳᠠᠷᠤᠭ᠎ᠠ ᠪᠠᠢᠵᠠᠢ᠃ 2026 ᠣᠨ᠎ᠤ 6 ᠰᠠᠷ᠎ᠠ᠎ᠶᠢᠨ 18 ᠎ᠤ᠋ ᠡᠳᠦᠷ᠂ ᠲᠡᠷᠡ ᠬᠤᠳᠠ ᠵᠢᠨ ᠠᠷᠠᠳ ᠠᠰᠠᠷ᠎ᠡᠴᠡ ᠬᠠᠷᠠᠢᠵᠦ ᠠᠮᠢ ᠪᠠᠨ ᠬᠤᠤᠷᠯᠠᠬᠤ ᠪᠠᠴᠢᠮ ᠪᠠᠢᠳᠠᠯ᠎ᠢ ᠠᠷᠭᠠᠴᠡᠭᠠᠬᠤ ᠴᠠᠭᠳᠠᠭᠠᠨ᠎ᠤ ᠶᠠᠪᠤᠳᠠᠯ᠎ᠢ ᠰᠢᠢᠳᠪᠦᠷᠢᠯᠡᠬᠦ ᠦᠶ᠎ᠡ᠎ᠳᠦ ᠴᠡᠭᠡᠵᠢ ᠲᠦᠷᠢᠨ ᠭᠠᠷᠴᠤ᠂ ᠭᠠᠯ ᠬᠠᠯᠠᠭᠤᠨ ᠠᠮᠢ ᠨᠠᠰᠤ ᠨᠢ 30 ᠨᠠᠰᠤᠨ ᠳ᠋ᠠᠭᠠᠨ ᠦᠨᠢᠳᠡ ᠳᠤᠬᠳᠠᠪᠠ᠃

ᠮᠡᠳᠡᠭᠦᠯᠦᠯᠲᠡ᠎ᠶᠢᠨ ᠬᠤᠷᠠᠯ᠎ᠳᠤ᠂ ᠡᠮᠡᠭᠳᠡᠢ ᠴᠠᠭᠳᠠᠭ᠎ᠠ ᠴᠧᠨ ᠵᠢᠶᠠ ᠰᠢᠨ᠎ᠦ  10 ᠵᠢᠯ ᠲᠤᠷᠰᠢᠳᠠ ᠦᠨᠳᠦᠰᠦᠨ ᠱᠠᠲᠤᠨ᠎ᠳᠤ ᠭᠦᠨᠵᠡᠭᠡᠢᠷᠡᠵᠦ᠂ ᠤᠯᠠᠨ ᠲᠦᠮᠡᠨ᠎ᠳᠦ ᠦᠢᠯᠡᠴᠢᠯᠡᠵᠦ᠂ ᠬᠤᠪᠢ ᠪᠡᠶ᠎ᠠ ᠵᠢᠨ ᠵᠢᠡᠨ ᠠᠶᠤᠯ ᠲᠦᠭᠰᠢᠭᠦᠷᠢ᠎ᠵᠢ ᠬᠠᠢᠬᠤᠷᠤᠯ ᠦᠭᠡᠢ ᠪᠡᠷ ᠤᠯᠠᠨ ᠲᠦᠮᠡᠨ ᠤ᠋ ᠠᠮᠤᠷ ᠲᠦᠪᠰᠢᠨ ᠢ᠋ ᠠᠮᠢ ᠨᠠᠰᠤ ᠪᠡᠷ ᠵᠢᠡᠨ ᠬᠠᠮᠠᠭᠠᠯᠠᠭᠰᠠᠨ ᠰᠡᠳᠬᠢᠯ ᠬᠥᠳᠡᠯᠭᠡᠮ᠎ᠡ ᠦᠢᠯᠡ ᠠᠵᠢᠯᠯᠠᠭ᠎ᠠ᠎ᠶᠢ ᠠᠮᠢᠳᠤᠯᠢᠭ᠋᠎ᠢᠶᠠᠷ ᠲᠠᠬᠢᠨ ᠢᠯᠡᠷᠡᠭᠦᠯᠪᠡ᠃ ᠡᠨᠡ 10 ᠵᠢᠯ᠎ᠳᠦ᠂ ᠲᠡᠷᠡ ᠪᠣᠯ ᠭᠠᠭᠴᠠᠭᠠᠷ ᠰᠠᠭᠤᠭ᠎ᠠ ᠨᠠᠰᠤᠲᠠᠨ᠎ᠤ 《ᠴᠠᠬᠳᠠᠭ᠎ᠠ ᠥᠬᠢᠨ》᠂ ᠵᠡᠭᠡᠯᠢ ᠳᠠᠭᠠᠤ᠎ᠶᠢᠨ ᠬᠤᠳᠠᠯᠳᠤᠭᠠᠨ᠎ᠤ ᠡᠷᠦᠬᠡ᠎ᠶᠢᠨ 《 ᠠᠮᠤᠷ ᠲᠦᠪᠰᠢᠨ᠎ᠦ ᠵᠥᠪᠯᠡᠭᠴᠢ 》᠂ ᠰᠤᠷᠭᠠᠭᠤᠯᠢ᠎ᠶᠢᠨ ᠬᠦᠷᠢᠶᠡᠨ᠎ᠦ 《ᠴᠠᠭᠳᠠᠭ᠎ᠠ ᠡᠭᠡᠴᠢ》᠂ ᠨᠡᠩ ᠴᠤ᠌ ᠵᠥᠷᠢᠴᠡᠯ ᠮᠥᠷᠭᠥᠯᠳᠦᠭᠡᠨ᠎ᠢ  《ᠡᠶᠡᠳᠡᠭᠦᠯᠬᠦ ᠴᠢᠳᠠᠪᠤᠷᠢᠲᠠᠨ 》  ᠪᠣᠯᠵᠦ ᠶᠠᠪᠤᠪᠠ᠃

ᠮᠡᠳᠡᠭᠦᠯᠦᠯᠲᠡ᠎ᠶᠢᠨ ᠬᠤᠷᠠᠯ ᠨᠢ ᠴᠧᠨ ᠵᠢᠶᠠ ᠰᠢᠨ᠎ᠦ ᠲᠡᠷᠢᠭᠦᠨ᠎ᠦ ᠦᠶ᠋ᠯᠡ ᠠᠵᠢᠯᠯᠠᠭ᠎ᠠ᠎ᠶᠢ ᠭᠦᠨᠵᠡᠭᠡᠢ ᠰᠤᠷᠤᠯᠴᠠᠨ ᠤᠬᠠᠭᠤᠯᠵᠤ᠂ ᠥᠷᠭᠡᠨ ᠣᠯᠠᠨ ᠳᠣᠲᠣᠭᠠᠳᠤ᠎ᠶᠢ ᠬᠠᠮᠠᠭᠠᠯᠠᠬᠤ ᠠᠷᠠᠳ᠎ᠤᠨ ᠴᠠᠭᠳᠠᠭ᠎ᠠ ᠪᠠ ᠺᠠᠳ᠋ᠷ ᠣᠯᠠᠨ ᠲᠦᠮᠡᠨ᠎ᠦ ᠦᠨᠡᠨᠴᠢ ᠰᠢᠳᠤᠷᠭᠤ᠎ᠪᠠᠷ ᠬᠠᠷᠢᠭᠤᠴᠠᠯᠭ᠎ᠠ᠎ᠪᠠᠨ ᠭᠦᠢᠴᠡᠳᠬᠡᠵᠦ ᠬᠤᠪᠢ ᠨᠡᠮᠡᠷᠢ ᠦᠵᠡᠭᠦᠯᠬᠦ᠎ᠶᠢ ᠵᠣᠷᠢᠭ᠍ᠵᠢᠭᠤᠯᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面