2026-10-29 11:54:11
ᠣᠢᠷ᠎ᠠ ᠳ᠋ᠤ᠂ ᠥᠪᠡᠷᠲᠡᠭᠡᠨ ᠵᠠᠰᠠᠬᠤ ᠣᠷᠣᠨ ᠤ᠋ ᠣᠶ ᠰᠢᠭᠤᠢ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠪᠠᠢᠴᠠᠭᠠᠬᠤ ᠬᠣᠷᠢᠶ᠎ᠠ ᠬᠠᠮᠲᠤᠷᠠᠨ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠣᠶ ᠰᠢᠭᠤᠢ ᠪᠠ ᠨᠤᠲᠤᠭ ᠪᠡᠯᠴᠢᠭᠡᠷ ᠤ᠋ᠨ ᠡᠬᠢ ᠪᠠᠶᠠᠯᠢᠭ᠋ ᠤ᠋ᠨ ᠬᠦᠷᠢᠶᠡᠨᠳᠡᠬᠢ ᠡᠷᠡᠭᠦᠦ ᠪᠠ ᠰᠢᠢᠳᠭᠡᠯ ᠬᠡᠷᠡᠭᠵᠢᠭᠦᠯᠬᠦ ᠶ᠋ᠢ ᠡᠰᠡᠷᠭᠦ ᠴᠢᠭᠯᠡᠯ ᠵᠢᠡᠷ ᠵᠣᠯᠭᠠᠭᠤᠯᠬᠤ ᠠᠵᠢᠯ ᠤ᠋ᠨ ᠵᠢᠯᠣᠭᠣᠳᠤᠮᠵᠢ》 (ᠳᠤᠤᠷ᠎ᠠ 《ᠵᠢᠯᠤᠭᠤᠳᠤᠮᠵᠢ》 ᠭᠡᠵᠤ ᠲᠤᠪᠴᠢᠯᠠᠨ᠎ᠠ) ᠶ᠋ᠢ ᠳᠠᠷᠤᠮᠠᠯᠯᠠᠨ ᠲᠠᠷᠬᠠᠭᠠᠵᠤ᠂ 5 ᠲᠠᠯ᠎ᠠ ᠶ᠋ᠢᠨ 15 ᠵᠤᠷᠪᠤᠰ ᠪᠣᠳᠠᠲᠠᠢ ᠬᠡᠷᠡᠭᠵᠢᠭᠦᠯᠬᠦ ᠠᠷᠭ᠎ᠠ ᠬᠡᠮᠵᠢᠶ᠎ᠡᠪᠡᠷ ᠳᠠᠮᠵᠢᠭᠤᠯᠤᠨ᠂ ᠣᠶ ᠰᠢᠭᠤᠢ ᠪᠠ ᠨᠤᠲᠤᠭ ᠪᠡᠯᠴᠢᠭᠡᠷ ᠲᠤ᠌ ᠬᠣᠯᠪᠣᠭᠳᠠᠭᠰᠠᠨ ᠬᠡᠷᠡᠭᠢ ᠥᠯᠥ ᠵᠠᠭᠠᠯᠳᠤᠭᠰᠠᠨ ᠤ᠋ ᠳᠠᠷᠠᠭᠠᠬᠢ ᠵᠠᠰᠠᠭ ᠵᠠᠬᠢᠷᠭᠠᠨ ᠤ᠋ ᠰᠢᠢᠳᠭᠡᠯ ᠲᠣᠷᠭᠠᠭᠤᠯᠢ ᠶ᠋ᠢᠨ ᠭᠣᠭᠴᠣᠭᠠᠨ ᠤ᠋ ᠵᠠᠰᠠᠯᠲᠠ ᠶ᠋ᠢᠨ ᠬᠣᠭᠣᠰᠤᠨᠢ ᠨᠥᠬᠥᠪᠦᠷᠢᠯᠡᠵᠦ᠂ ᠪᠥᠬᠥ ᠣᠷᠣᠨ ᠤ᠋ ᠰᠢᠢᠳᠪᠦᠷᠢᠯᠡᠵᠦ ᠭᠦᠢᠴᠡᠳᠬᠡᠬᠦ ᠶ᠋ᠢ ᠵᠢᠷᠤᠮᠵᠢᠭᠤᠯᠬᠤ ᠬᠠᠮᠢᠶ᠎ᠠ ᠪᠦᠬᠦᠢ ᠵᠣᠯᠭᠠᠭᠤᠯᠬᠤ ᠠᠵᠢᠯ ᠳ᠋ᠤ ᠨᠢᠭᠡᠳᠦᠯᠲᠡᠢ ᠠᠵᠢᠯᠯᠠᠭᠠᠨ ᠤ᠋ ᠪᠠᠷᠢᠮᠵᠢᠶ᠎ᠠ ᠬᠠᠩᠭᠠᠪᠠ᠃
ᠲᠣᠰ ᠤᠳᠠᠭ᠎ᠠ ᠨᠡᠢᠲᠡᠯᠡᠭᠰᠡᠨ ᠡᠷᠡᠭᠦᠦ ᠪᠠ ᠰᠢᠢᠳᠭᠡᠯ ᠬᠡᠷᠡᠭᠵᠢᠭᠦᠯᠬᠦ ᠶ᠋ᠢ ᠡᠰᠡᠷᠭᠦ ᠴᠢᠭᠯᠡᠯ ᠵᠢᠡᠷ ᠵᠣᠯᠭᠠᠭᠤᠯᠬᠤ ᠲᠣᠭᠲᠠᠴᠠ ᠨᠢ ᠭᠣᠣᠯᠳᠠᠭᠤ ᠪᠠᠢᠴᠠᠭᠠᠬᠤ ᠪᠠᠢᠭᠤᠯᠤᠯᠭ᠎ᠠ ᠳ᠋ᠤ ᠥᠯᠥ ᠵᠠᠭᠠᠯᠳᠤᠬᠤ ᠪᠡᠷ ᠲᠣᠭᠲᠠᠭᠰᠠᠨ ᠣᠶ ᠰᠢᠭᠤᠢ ᠪᠠ ᠨᠤᠲᠤᠭ ᠪᠡᠯᠴᠢᠭᠡᠷ ᠤ᠋ᠨ ᠬᠡᠷᠡᠭᠢ ᠬᠢᠨᠠᠨ ᠪᠠᠢᠴᠠᠭᠠᠵᠤ ᠥᠯᠥ ᠵᠠᠭᠠᠯᠳᠤᠭᠳᠠᠭ᠍ᠴᠢ ᠣᠶ ᠰᠢᠭᠤᠢ ᠪᠠ ᠨᠤᠲᠤᠭ ᠪᠡᠯᠴᠢᠭᠡᠷ ᠤ᠋ᠨ ᠬᠠᠮᠢᠶᠠᠷᠤᠯᠲᠠ ᠶ᠋ᠢᠨ ᠲᠣᠭᠲᠠᠭᠠᠯᠢ ᠵᠥᠷᠢᠴᠡᠭᠰᠡᠨᠢ ᠮᠠᠭᠠᠳᠯᠠᠨ ᠲᠣᠭᠲᠠᠭᠠᠬᠤ ᠪᠡᠷ ᠳᠡᠮᠵᠢᠨ ᠵᠠᠰᠠᠭ ᠵᠠᠬᠢᠷᠭᠠᠨ ᠤ᠋ ᠰᠢᠢᠳᠭᠡᠯ ᠥᠭᠬᠦ ᠴᠢᠬᠤᠯᠠᠲᠠᠢ ᠪᠤᠯ᠂ ᠬᠠᠤᠯᠢ ᠶᠣᠰᠣᠭᠠᠷ ᠪᠠᠢᠴᠠᠭᠠᠬᠤ ᠰᠠᠨᠠᠯ ᠳᠤᠷᠠᠳᠬᠤ ᠶ᠋ᠢᠨ ᠬᠠᠮᠲᠤ ᠣᠶ ᠰᠢᠭᠤᠢ ᠪᠠ ᠨᠤᠲᠤᠭ ᠪᠡᠯᠴᠢᠭᠡᠷ ᠤ᠋ᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠲᠤ᠌ ᠰᠢᠯᠵᠢᠭᠦᠯᠦᠨ ᠰᠢᠢᠳᠪᠦᠷᠢᠯᠡᠭᠦᠯᠬᠦ ᠶ᠋ᠢᠨ ᠬᠠᠮᠲᠤ᠂ ᠲᠠᠷᠠᠭᠠᠴᠢ ᠶ᠋ᠢᠨ ᠬᠡᠷᠡᠭᠢ ᠰᠢᠢᠳᠪᠦᠷᠢᠯᠡᠭᠰᠡᠨ ᠪᠠᠢᠳᠠᠯᠢ ᠪᠥᠬᠥ ᠶᠠᠪᠤᠴᠠ ᠳ᠋ᠤ ᠮᠥᠷᠳᠡᠨ ᠱᠠᠯᠠᠪᠳᠠᠭᠤᠯᠵᠤ᠂ ᠥᠩᠭᠡᠷᠡᠭᠰᠡᠨᠦ《ᠥᠯᠥ ᠵᠠᠭᠠᠯᠳᠤᠭᠰᠠᠨ ᠤ᠋ ᠳᠠᠷᠠᠭᠠᠬᠢ ᠰᠢᠢᠳᠭᠡᠯ ᠲᠣᠷᠭᠠᠭᠤᠯᠢ ᠳᠤᠲᠠᠭᠳᠠᠭᠰᠠᠨ》 ᠵᠠᠰᠠᠯᠲᠠ ᠶ᠋ᠢᠨ ᠬᠡᠮ ᠰᠣᠭᠣᠭᠢ ᠠᠷᠢᠯᠭᠠᠨ᠎ᠠ᠃
《ᠵᠢᠯᠣᠭᠣᠳᠤᠮᠵᠢ》 ᠳ᠋ᠤ ᠣᠶ ᠰᠢᠭᠤᠢ ᠪᠠ ᠨᠤᠲᠤᠭ ᠪᠡᠯᠴᠢᠭᠡᠷ ᠲᠤ᠌ ᠬᠣᠯᠪᠣᠭᠳᠠᠭᠰᠠᠨ ᠬᠡᠷᠡᠭ ᠲᠤ᠌ ᠬᠠᠤᠯᠢ ᠴᠠᠭᠠᠵᠠ ᠶ᠋ᠢ ᠬᠡᠷᠡᠭᠯᠡᠬᠦ ᠲᠠᠯ᠎ᠠ ᠪᠡᠷ ᠵᠥᠷᠢᠶᠡᠲᠠᠢ ᠪᠠᠢᠬᠤ ᠠᠰᠠᠭᠤᠳᠠᠯ ᠳ᠋ᠤ ᠴᠢᠭᠯᠡᠭᠦᠯᠦᠨ᠂ ᠥᠪᠥᠷ ᠮᠣᠩᠭᠣᠯ ᠤ᠋ᠨ ᠣᠶ ᠰᠢᠭᠤᠢ ᠪᠠ ᠨᠤᠲᠤᠭ ᠪᠡᠯᠴᠢᠭᠡᠷ ᠤ᠋ᠨ ᠲᠤᠰᠬᠠᠢ ᠬᠠᠤᠯᠢ ᠬᠢᠭᠡᠳ 《 ᠵᠠᠰᠠᠭ ᠵᠠᠬᠢᠷᠭᠠᠨ ᠤ᠋ ᠰᠢᠢᠳᠭᠡᠯ ᠲᠣᠷᠭᠠᠭᠤᠯᠢ ᠶ᠋ᠢᠨ ᠬᠠᠤᠯᠢ 》 ᠵᠢᠨ ᠭᠡᠷᠡᠭᠵᠢᠭᠦᠯᠬᠦ ᠵᠠᠭᠠᠭᠢ ᠲᠣᠳᠣᠷᠬᠠᠢ ᠲᠣᠭᠲᠠᠭᠠᠵᠤ᠂ ᠪᠡᠶᠡᠴᠢ ᠲᠠᠯ᠎ᠠ ᠶ᠋ᠢᠨ ᠠᠯᠳᠠᠭ᠎ᠠ ᠪᠤᠷᠤᠭᠤ᠂ ᠠᠮᠢ ᠠᠬᠤᠢ ᠶ᠋ᠢᠨ ᠬᠣᠬᠢᠷᠠᠯ᠂ ᠵᠠᠰᠠᠨ ᠰᠡᠷᠭᠦᠭᠡᠭᠰᠡᠨ ᠦᠷ᠎ᠡ ᠪᠦᠲᠦᠮᠵᠢ ᠵᠡᠷᠭᠡ ᠦᠶ᠋ᠯᠡ ᠪᠠᠢᠳᠠᠯᠲᠠᠢ ᠤᠶᠠᠯᠳᠤᠭᠤᠯᠤᠨ ᠨᠠᠷᠢᠯᠢᠭ ᠤᠨᠤᠪᠴᠢᠲᠠᠢ ᠪᠡᠷ ᠲᠠᠰᠤᠯᠤᠯᠲᠠ ᠬᠢᠵᠦ ᠰᠢᠢᠳᠭᠡᠨ ᠲᠣᠷᠭᠠᠵᠤ᠂ ᠣᠰᠣᠯ ᠪᠤᠷᠤᠭᠤ ᠭᠠᠷᠭᠠᠬᠤᠠᠴᠠ ᠵᠠᠢᠯᠠᠰᠬᠢᠬᠦ ᠬᠡᠷᠡᠭᠲᠡᠢ ᠭᠡᠵᠦ ᠱᠠᠭᠠᠷᠳᠠᠪᠠ᠃ ᠡᠭᠦᠨᠦ ᠬᠠᠮᠲᠤ᠂ ᠣᠶ ᠰᠢᠭᠤᠢ ᠪᠠ ᠨᠤᠲᠤᠭ ᠪᠡᠯᠴᠢᠭᠡᠷ ᠤ᠋ᠨ ᠲᠤᠪᠴᠢᠶ᠎ᠡ ᠪᠤᠯᠤᠨ ᠪᠠᠢᠴᠠᠭᠠᠬᠤ ᠬᠤᠷᠢᠶ᠎ᠠ ᠬᠣᠶᠠᠷ ᠲᠠᠯ᠎ᠠ ᠶ᠋ᠢᠨ ᠬᠠᠤᠯᠢ ᠶᠣᠰᠣᠭᠠᠷ ᠴᠤᠭᠯᠠᠭᠤᠯᠤᠭᠰᠠᠨ ᠭᠡᠷᠡᠴᠢ ᠪᠠᠷᠢᠮᠲᠠ ᠶ᠋ᠢ ᠲᠣᠭᠲᠠᠭᠠᠯ ᠶᠣᠰᠣᠭᠠᠷ ᠬᠠᠷᠢᠯᠴᠠᠨ ᠮᠡᠳᠡᠷᠡᠵᠦ ᠤᠯᠠᠷᠢᠭᠤᠯᠤᠨ ᠬᠤᠪᠢᠷᠠᠭᠤᠯᠵᠤ᠂ ᠪᠢᠴᠢᠭ ᠬᠠᠷ᠎ᠠ ᠶ᠋ᠢ ᠰᠢᠯᠵᠢᠭᠦᠯᠦᠨ ᠬᠦᠷᠭᠡᠬᠦ᠂ ᠴᠠᠭ ᠬᠢᠵᠠᠭᠠᠷᠯᠠᠨ ᠬᠠᠷᠢᠭᠤ ᠲᠤᠰᠬᠠᠬᠤ᠂ ᠪᠥᠬᠥ ᠶᠠᠪᠤᠴᠠ ᠳ᠋ᠤ ᠬᠢᠨᠠᠯᠲᠠ ᠲᠠᠯᠪᠢᠬᠤ ᠲᠣᠭᠲᠠᠴᠠ ᠶ᠋ᠢ ᠨᠠᠷᠢᠯᠢᠭ᠍ᠵᠢᠭᠤᠯᠵᠤ᠂ ᠭᠡᠷᠡᠴᠢ ᠠᠪᠬᠤ ᠥᠪᠡᠷ ᠤ᠋ᠨ ᠥᠷᠲᠡᠭᠢ ᠪᠠᠭᠤᠷᠠᠭᠤᠯᠤᠨ᠂ ᠪᠠᠢᠴᠠᠭᠠᠬᠤ ᠰᠠᠨᠠᠯᠢ ᠪᠣᠳᠠᠲᠠᠢᠵᠢᠭᠤᠯᠬᠤ ᠶ᠋ᠢ ᠪᠠᠲᠤᠯᠠᠵᠤ᠂ ᠣᠶ ᠰᠢᠭᠤᠢ ᠪᠠ ᠨᠤᠲᠤᠭ ᠪᠡᠯᠴᠢᠭᠡᠷᠢ ᠬᠠᠮᠠᠭᠠᠯᠠᠬᠤ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠬᠠᠮᠲᠤᠷᠠᠯ ᠬᠦᠴᠦᠨᠢ ᠪᠦᠷᠢᠯᠳᠦᠭᠦᠯᠦᠨ᠎ᠡ ᠭᠡᠵᠦ ᠲᠣᠭᠲᠠᠭᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃