2026-10-29 20:30:34
ᠤᠢᠷ᠎ᠠ᠎ᠳᠦ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠭᠦᠨᠵᠡᠭᠡᠢ ᠠᠬᠢᠭᠤᠯᠤᠨ᠂ ᠰᠢᠨ᠎ᠡ ᠴᠠᠭ ᠦᠶ᠎ᠡ᠎ᠶᠢᠨ ᠰᠢᠭᠦᠬᠦ᠌ ᠬᠣᠷᠢᠶᠠᠨ᠎ᠤ ᠰᠣᠶᠣᠯ᠎ᠢ ᠴᠡᠴᠡᠭᠯᠡᠭᠦᠯᠦᠨ ᠬᠥᠭᠵᠢᠭᠦᠯᠵᠦ᠍᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠠᠵᠢᠯ᠎ᠳᠠᠭᠠᠨ ᠴᠠᠭᠠᠷᠠᠭᠰᠠᠨ ᠰᠢᠭᠦᠬᠦ᠌ ᠬᠣᠷᠢᠶᠠᠨ᠎ᠤ ᠡᠩᠨᠡᠭᠡ᠎ᠶᠢ ᠳᠠᠪᠲᠠᠨ ᠪᠣᠯᠪᠠᠰᠤᠷᠠᠭᠤᠯᠵᠤ᠂ ᠪᠦᠬᠦ᠌ ᠣᠷᠣᠨ᠎ᠤ ᠰᠢᠭᠦᠬᠦ᠌ ᠬᠣᠷᠢᠶᠠᠨ᠎ᠤ ᠡᠷᠡᠮᠡᠬᠡᠶ᠋ᠢᠯᠡᠨ ᠤᠷᠤᠭᠰᠢᠯᠠᠬᠤ ᠣᠮᠣᠭ ᠲᠡᠭᠦᠯᠳᠡᠷ ᠤᠶᠤᠨ ᠰᠠᠨᠠᠭᠠᠨ᠎ᠤ ᠬᠦᠴᠦᠨ᠎ᠢ ᠨᠢᠭᠲᠠᠷᠠᠭᠤᠯᠬᠤ᠎ᠶᠢᠨ ᠲᠥᠯᠥᠭᠡ᠂ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠦᠨᠳᠦᠷ ᠵᠡᠷᠭᠡ ᠢ᠋ᠢᠨ ᠰᠢᠭᠦᠭᠦ ᠬᠤᠷᠢᠶ᠎ᠠ 《ᠴᠤᠭ ᠪᠠᠳᠠᠷᠠᠩᠭᠤᠢ ᠴᠠᠭ ᠦᠶ᠎ᠡ ᠪᠠᠨ ᠮᠠᠬᠲᠠᠨ ᠲᠠᠭᠤᠯᠠᠵᠦ ᠠᠷᠢᠭᠤᠨ ᠴᠢᠬᠡᠴᠢ᠎ᠪᠡᠷ ᠤᠬ ᠰᠠᠨᠠᠭ᠎ᠠ᠎ᠪᠠᠨ ᠰᠠᠬᠢᠬᠤ》 ᠥᠪᠥᠷ ᠮᠣᠩᠭᠣᠯ᠎ᠤᠨ ᠰᠢᠭᠦᠬᠦ᠌ ᠬᠣᠷᠢᠶᠠᠨ᠎ᠤ ᠰᠣᠶᠣᠯ ᠵᠢᠴᠢ ᠠᠷᠢᠭᠤᠨ ᠴᠢᠬᠡᠴᠢ ᠰᠣᠶᠣᠯ᠎ᠤᠨ ᠤᠷᠠᠨ ᠪᠢᠴᠢᠯᠭᠡ ᠤᠷᠠᠨ ᠵᠢᠷᠤᠭ᠎ᠤᠨ ᠦᠵᠡᠰᠬᠦᠯᠡᠩ᠎ᠢ ᠡᠷᠬᠢᠯᠡᠪᠡ᠃
ᠲᠣᠰ ᠤᠳᠠᠭᠠᠨ᠎ᠤ ᠦᠵᠡᠰᠬᠦᠯᠡᠩ᠎ᠳᠤ ᠪᠦᠲᠦᠭᠡᠯ ᠡᠯᠰᠡᠭᠰᠡᠨ᠎ᠡᠴᠡ ᠨᠠᠭᠠᠰᠢ᠂ ᠪᠦᠬᠦ᠌ ᠣᠷᠣᠨ᠎ᠤ ᠰᠢᠭᠦᠬᠦ᠌ ᠬᠣᠷᠢᠶᠠᠨ᠎ᠤ ᠺᠠᠳ᠋ᠷ ᠴᠠᠭᠳᠠᠭ᠎ᠠ ᠢᠳᠡᠪᠬᠢᠲᠡᠢ ᠴᠤᠤᠷᠢᠶᠠᠲᠤᠵᠤ᠂ ᠡᠯ᠎ᠡ ᠱᠠᠲᠤᠨ᠎ᠤ ᠰᠢᠭᠦᠬᠦ᠌ ᠬᠣᠷᠢᠶᠠᠨ᠎ᠤ ᠺᠠᠳ᠋ᠷ ᠴᠠᠭᠳᠠᠭ᠎ᠠ᠎ᠶᠢᠨ ᠵᠣᠬᠢᠶᠠᠨ ᠪᠦᠲᠦᠭᠡᠭᠰᠡᠨ ᠤᠷᠠᠨ ᠪᠢᠴᠢᠯᠭᠡ᠂ ᠤᠷᠠᠨ ᠵᠢᠷᠤᠭ᠂ ᠭᠡᠷᠡᠯ ᠵᠢᠷᠤᠭ᠂ ᠬᠠᠶ᠋ᠢᠴᠢᠯᠠᠮᠠᠯ᠂ ᠰᠣᠶᠣᠯ᠎ᠤᠨ ᠪᠦᠲᠦᠭᠡᠭᠲᠡᠭᠦᠨ ᠵᠡᠷᠭᠡ ᠡᠯ᠎ᠡ ᠲᠦᠷᠦᠯ᠎ᠦᠨ ᠤᠷᠠᠯᠢᠭ᠎ᠤᠨ ᠪᠦᠲᠦᠭᠡᠯ ᠢ᠋ 100 ᠭᠠᠷᠤᠢ ᠬᠤᠪᠢ ᠴᠤᠭᠯᠠᠭᠤᠯᠵᠤ᠂ ᠲᠤᠰᠬᠠᠢ ᠮᠡᠷᠭᠡᠵᠢᠯᠲᠡᠨ᠎ᠦ ᠰᠢᠯᠭᠠᠷᠠᠭᠤᠯᠤᠯᠲᠠ᠎ᠪᠠᠷ 77 ᠪᠦᠲᠦᠭᠡᠯ᠎ᠢ ᠨᠢ ᠰᠣᠩᠭᠣᠨ ᠭᠠᠷᠭᠠᠵᠠᠢ᠃ ᠦᠵᠡᠰᠬᠦᠯᠡᠩᠳᠦ ᠣᠷᠣᠯᠴᠠᠭᠰᠠᠨ ᠪᠦᠲᠦᠭᠡᠯ ᠨᠢ ᠬᠠᠤᠯᠢ ᠴᠠᠭᠠᠵᠠ᠎ᠶᠢᠨ ᠦᠢᠯᠡᠳᠦᠯᠭᠡ᠎ᠳᠦ ᠰᠠᠭᠤᠷᠢᠯᠠᠵᠤ᠂ ᠬᠠᠤᠯᠢ ᠪᠡᠷ ᠵᠠᠰᠠᠬᠤ ᠢᠲᠡᠭᠡᠯ ᠪᠢᠰᠢᠷᠡᠯ᠎ᠢ ᠪᠢᠷ ᠪᠡᠬᠡᠰ ᠲᠸ᠋ ᠠᠭᠤᠰᠬᠠᠨ᠂ ᠰᠢᠨ᠎ᠡ ᠴᠠᠭ ᠦᠶ᠎ᠡ᠎ᠶᠢᠨ ᠰᠢᠭᠦᠬᠦ᠌ ᠬᠣᠷᠢᠶᠠᠨ᠎ᠤ ᠠᠵᠢᠯᠲᠠᠨ᠎ᠤ ᠡᠭᠦᠷᠭᠡ ᠬᠠᠷᠢᠭᠤᠴᠠᠯᠭ᠎ᠠ᠎ᠶᠢ ᠠᠮᠢᠳᠤᠯᠢᠭ᠎ᠢᠶᠠᠷ ᠵᠢᠷᠤᠭᠯᠠᠵᠤ᠂ ᠪᠦᠬᠦ᠌ ᠣᠷᠣᠨ᠎ᠤ ᠰᠢᠭᠦᠬᠦ᠌ ᠬᠣᠷᠢᠶᠠᠨ᠎ᠤ ᠺᠠᠳ᠋ᠷ ᠴᠠᠭᠳᠠᠭ᠎ᠠ᠎ᠶᠢᠨ ᠬᠠᠤᠯᠢ ᠪᠡᠷ ᠵᠠᠰᠠᠬᠤ ᠢᠲᠡᠭᠡᠯ ᠪᠢᠰᠢᠷᠡᠯ᠎ᠢ ᠬᠢᠴᠢᠶᠡᠩᠭᠦᠶ᠋ᠢᠯᠡᠨ ᠰᠠᠬᠢᠵᠤ᠂ ᠬᠠᠤᠯᠢ ᠴᠠᠭᠠᠵᠠ᠎ᠶᠢᠨ ᠤᠭ ᠰᠠᠨᠠᠭ᠎ᠠ᠎ᠪᠠᠨ ᠪᠠᠲᠤ᠌ ᠰᠠᠬᠢᠬᠤ ᠤᠶᠤᠨ ᠰᠠᠨᠠᠭᠠᠨ᠎ᠤ ᠳᠦᠷᠰᠦ ᠪᠠᠶ᠋ᠢᠳᠠᠯ᠎ᠢ ᠲᠥᠪᠯᠡᠷᠡᠩᠭᠦᠢ ᠢᠯᠡᠷᠡᠭᠦᠯᠵᠡᠢ᠃
ᠦᠵᠡᠰᠭᠦᠯᠡᠩ ᠢ᠋ ᠲᠤᠭᠤᠷᠢᠨ ᠦᠵᠡᠭᠰᠡᠨ ᠺᠠᠳ᠋ᠷ ᠴᠠᠬᠲᠠᠭ᠎ᠠ ᠨᠠᠷ᠂ ᠦᠵᠡᠰᠭᠦᠯᠡᠩ ᠢ᠋ ᠰᠤᠨᠢᠷᠬᠠᠬᠤ ᠪᠡᠷ ᠲᠠᠮᠵᠢᠨ ᠴᠢᠭᠡᠴᠢ ᠰᠤᠷᠲᠠᠯ ᠲᠦᠪ ᠤᠪᠤᠷ ᠢ᠋ ᠤᠬᠠᠪᠤᠷᠢᠯᠠᠨ᠂ ᠡᠷᠡᠮᠡᠬᠡᠢᠯᠡᠨ ᠲᠡᠮᠡᠴᠡᠬᠦ ᠬᠦᠴᠦᠨ ᠢ᠋ ᠰᠢᠩᠭᠡᠭᠡᠵᠦ᠂ ᠤᠬᠠᠮᠰᠠᠷ ᠡᠴᠡ ᠪᠠᠨ ᠠᠷᠢᠭᠤᠨ ᠴᠢᠬᠡᠴᠢ᠎ᠪᠡᠷ ᠡᠷᠬᠡ᠎ᠪᠡᠨ ᠬᠡᠷᠡᠭᠯᠡᠬᠦ᠌᠂ ᠠᠷᠢᠭᠤᠨ ᠴᠢᠬᠡᠴᠢ᠎ᠪᠡᠷ ᠬᠠᠤᠯᠢ ᠬᠡᠷᠡᠭᠵᠢᠭᠦᠯᠬᠦ᠌᠂ ᠠᠷᠢᠭᠤᠨ ᠴᠢᠬᠡᠴᠢ᠎ᠪᠡᠷ ᠪᠡᠶ᠎ᠡ᠎ᠪᠡᠨ ᠵᠠᠰᠠᠬᠤ᠂ ᠠᠷᠢᠭᠤᠨ ᠴᠢᠬᠡᠴᠢ᠎ᠪᠡᠷ ᠬᠡᠷ᠎ᠢᠶᠡᠨ ᠵᠠᠰᠠᠬᠤ ᠵᠢ ᠪᠠᠷᠢᠮᠲᠠᠯᠠᠵᠦ᠂ ᠢᠯᠵᠢᠷᠡᠯ᠎ᠢ ᠬᠣᠷᠢᠭᠯᠠᠵᠤ᠂ ᠴᠢᠨᠠᠷ ᠬᠤᠪᠢᠷᠠᠬᠤ᠎ᠶᠢ ᠰᠡᠷᠭᠡᠶ᠋ᠢᠯᠡᠬᠦ᠌ ᠦᠵᠡᠯ ᠰᠠᠨᠠᠭᠠᠨ᠎ᠤ ᠬᠤᠷᠢᠭ᠎ᠠ ᠱᠤᠭᠤᠮ᠎ᠢ ᠪᠠᠲᠤ᠌ ᠴᠣᠭᠴᠠᠯᠠᠵᠤ᠂ ᠴᠢᠬᠡᠴᠢ ᠰᠤᠷᠲᠠᠯ᠎ᠢᠶᠠᠷ ᠪᠦᠬᠦ᠌ ᠣᠷᠣᠨ᠎ᠤ ᠰᠢᠭᠦᠬᠦ᠌ ᠬᠣᠷᠢᠶᠠᠨ᠎ᠤ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ᠎ᠶᠢ ᠬᠠᠮᠠᠭᠠᠯᠠᠨ᠎ᠠ ᠭᠡᠵᠦ᠍ ᠢᠯᠡᠳᠬᠡᠵᠡᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃