ᠲᠡᠷᠢᠭᠦᠨ ᠨᠢᠭᠤᠷ>ᠴᠠᠭ ᠲᠦᠷᠦ> ᠬᠠᠤᠯᠢ ᠳᠦᠷᠢᠮ

2026-10-30 01:21:39

ᠵᠣᠬᠢᠶᠠᠭ᠍ᠴᠢ᠄ ᠬᠠᠨ ᠯᠢᠩ ᠯᠢᠩ ᠣᠩᠱᠢᠭ᠍ᠰᠠᠨ ᠣᠳᠠᠭ᠎ᠠ᠄ 3

ᠲᠦᠷᠦᠭᠦᠭᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠣᠷ ᠲᠠᠲᠠᠬᠤ᠎ᠶᠢ ᠵᠣᠭᠰᠤᠭᠠᠬᠤ ᠬᠠᠮᠢᠶᠠᠷᠤᠯᠲᠠ᠎ᠶᠢᠨ ᠲᠣᠪᠴᠢᠶ᠎ᠠ ᠪᠦᠭᠦ ᠣᠷᠣᠨ᠎ᠤ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠬᠣᠣᠷ ᠲᠠᠲᠠᠬᠤ᠎ᠶᠢ ᠵᠣᠭᠰᠤᠭᠠᠬᠤ ᠰᠢᠰᠲᠧᠮ᠎ᠤᠨ 《ᠬᠠᠤᠯᠢ᠎ᠪᠠᠷ ᠵᠠᠰᠠᠬᠤ ᠲᠣᠰᠬᠤᠨ᠎ᠤ ᠳᠡᠳ᠋ ᠳᠠᠷᠤᠭ᠎ᠠ (ᠳᠡᠳ᠋ ᠡᠷᠬᠢᠯᠡᠭᠴᠢ)》 ᠢ᠋ᠢᠨ ᠠᠵᠢᠯ᠎ᠤᠨ ᠲᠣᠬᠢᠷᠠᠭᠤᠯᠤᠯᠲᠠ᠎ᠶᠢᠨ ᠬᠤᠷᠠᠯ ᠬᠤᠷᠠᠯᠳᠤᠭᠤᠯᠵᠤ᠂ ᠰᠣᠩᠭᠣᠨ ᠲᠣᠮᠢᠯᠠᠬᠤ ᠠᠵᠢᠯ᠎ᠤᠨ ᠠᠬᠢᠴᠠ ᠎ᠶᠢ ᠵᠠᠷᠯᠠᠨ ᠮᠡᠳᠡᠭᠳᠡᠵᠦ᠂ ᠣᠷᠣᠰᠢᠵᠤ ᠪᠠᠢᠭ᠎ᠠ ᠠᠰᠠᠭᠤᠳᠠᠯ ᠎ᠢ ᠰᠤᠳᠤᠯᠤᠨ ᠰᠢᠢᠳᠪᠦᠷᠢᠯᠡᠵᠦ᠂ ᠲᠠᠷᠠᠭᠠᠴᠢ᠎ᠶᠢᠨ ᠱᠠᠲᠤᠨ᠎ᠤ ᠭᠣᠣᠯᠳᠠᠯᠭ᠎ᠠ᠎ᠲᠠᠢ ᠡᠭᠦᠷᠭᠡ᠎ᠶᠢ ᠪᠠᠢᠷᠢᠯᠠᠭᠤᠯᠪᠠ᠃

ᠬᠤᠷᠠᠯ᠎ᠡᠴᠠ᠂《ᠬᠠᠤᠯᠢ ᠎ᠪᠠᠷ ᠵᠠᠰᠠᠬᠤ ᠤᠬᠠᠭᠤᠯᠭ᠎ᠠ᠂ ᠵᠥᠷᠢᠴᠡᠯ᠎ᠢ ᠠᠷᠢᠯᠭᠠᠬᠤ᠂ ᠬᠠᠤᠯᠢ ᠴᠠᠭᠠᠵᠠ᠎ᠶᠢᠨ ᠦᠢᠯᠡᠴᠢᠯᠡᠭᠡ᠂ ᠵᠠᠰᠠᠯᠲᠠ᠎ᠶᠢᠨ ᠵᠢᠯᠣᠭᠣᠳᠣᠯᠭ᠎ᠠ》ᠢ᠋ᠢᠨ ᠭᠣᠣᠯᠳᠠᠯᠭ᠎ᠠ᠎ᠲᠠᠢ ᠡᠭᠦᠷᠭᠡ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠡᠬᠢ ᠪᠠᠶᠠᠯᠢᠭ᠋ ᠎ᠢ ᠨᠡᠢᠳᠬᠡᠵᠦ᠂ ᠬᠠᠤᠯᠢ ᠲᠦᠭᠡᠮᠡᠯᠵᠢᠭᠦᠯᠬᠦ ᠤᠬᠠᠭᠤᠯᠤᠭ᠍ᠴᠢ᠂ ᠬᠠᠤᠯᠢ ᠴᠠᠭᠠᠵᠠ᠎ᠶᠢᠨ ᠦᠢᠯᠡᠴᠢᠯᠡᠭᠴᠢ᠂ ᠵᠥᠷᠢᠴᠡᠯ ᠎ᠢ  ᠡᠶᠡᠳᠡᠭᠦᠯᠦᠭᠴᠢ᠂ ᠬᠠᠤᠯᠢ᠎ᠪᠠᠷ ᠵᠠᠰᠠᠬᠤ ᠲᠤᠰᠠᠯᠠᠭ᠍ᠴᠢ ᠪᠣᠯᠵᠤ᠂ ᠰᠠᠭᠤᠭ᠎ᠠ ᠭᠠᠵᠠᠷ᠎ᠤᠨ ᠬᠠᠤᠯᠢ ᠴᠠᠭᠠᠵᠠ᠎ᠶᠢᠨ ᠭᠠᠵᠠᠷ᠂ ᠰᠢᠶᠠᠩ ᠪᠠᠯᠭᠠᠰᠤᠨ᠎ᠤ ᠨᠠᠮ ᠎ᠤᠨ ᠬᠣᠷᠢᠶ᠎ᠠ ᠵᠠᠰᠠᠭ ᠎ᠤᠨ ᠣᠷᠳᠣᠨ ᠪᠣᠯᠣᠨ ᠲᠣᠰᠬᠤᠨ (ᠨᠡᠢᠭᠡᠮ ᠲᠣᠭᠣᠷᠢᠭ᠋) ᠤ᠋  《ᠬᠣᠶᠠᠷ ᠵᠥᠪᠯᠡᠯ》 ᠯᠤᠭᠡ ᠨᠡᠪᠲᠡᠷᠡᠯᠴᠡᠨ ᠵᠣᠬᠢᠴᠠᠭᠤᠯᠬᠤ᠎ᠪᠠᠨ ᠰᠠᠨᠠᠭᠠᠴᠢᠯᠠᠭ᠎ᠠ ᠡᠴᠡ᠎ᠪᠠᠨ ᠴᠢᠩᠭᠠᠳᠬᠠᠵᠤ᠂ ᠰᠣᠩᠭᠣᠨ ᠲᠣᠮᠢᠯᠠᠬᠤ ᠬᠡᠪᠴᠢᠶ᠎ᠡ᠎ᠶᠢ ᠥᠷᠭᠡᠳᠬᠡᠨ᠂ ᠰᠦᠯᠵᠢᠶᠡᠨ ᠳᠡᠭᠡᠷᠡᠬᠢ ᠪᠠ ᠲᠤᠬᠠᠢ ᠢ᠋ᠢᠨ ᠲᠠᠯᠠᠪᠤᠷ᠂ 《ᠤᠷᠢᠵᠤ ᠣᠷᠤᠭᠤᠯᠬᠤ᠂ ᠭᠠᠷᠴᠤ ᠶᠠᠪᠤᠬᠤ》 ᠠᠷᠭ᠎ᠠ ᠮᠠᠶᠢᠭ᠋  ᠢ᠋ᠶ᠋ᠠᠷ ᠭᠠᠴᠠᠭ᠎ᠠ ᠲᠣᠰᠬᠤᠨ (ᠨᠡᠢᠭᠡᠮ ᠲᠣᠭᠣᠷᠢᠭ᠋) ᠳ᠋ᠤ ᠬᠠᠤᠯᠢ ᠴᠠᠭᠠᠵᠠ᠎ᠶᠢᠨ ᠦᠢᠯᠡᠴᠢᠯᠡᠭᠡ ᠬᠠᠩᠭᠠᠵᠤ᠂《ᠬᠠᠤᠯᠢ ᠎ᠪᠠᠷ ᠵᠠᠰᠠᠬᠤ ᠲᠣᠰᠬᠤᠨ ᠎ᠤ ᠳᠡᠳ᠋ ᠳᠠᠷᠤᠭ᠎ᠠ (ᠳᠡᠳ᠋ ᠡᠷᠬᠢᠯᠡᠭᠴᠢ)》  ᠢ᠋ᠢᠨ ᠠᠵᠢᠯ᠎ᠢ ᠪᠦᠲᠦᠮᠵᠢᠲᠡᠢ ᠪᠦᠷᠬᠦᠭᠦᠯᠬᠦ᠎ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃

ᠬᠤᠷᠠᠯ᠎ᠡᠴᠠ᠂ 《ᠬᠠᠤᠯᠢ᠎ᠪᠠᠷ ᠵᠠᠰᠠᠬᠤ ᠲᠣᠰᠬᠤᠨ᠎ᠤ ᠳᠡᠳ᠋ ᠳᠠᠷᠤᠭ᠎ᠠ  (ᠳᠡᠳ᠋ ᠡᠷᠬᠢᠯᠡᠭᠴᠢ)》 ᠢ᠋ᠢᠨ ᠠᠵᠢᠯ᠎ᠢ ᠣᠨ᠎ᠤ ᠭᠣᠣᠯᠳᠠᠯᠭ᠎ᠠ᠎ᠲᠠᠢ ᠡᠭᠦᠷᠭᠡ ᠎ᠳᠤ ᠣᠷᠣᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠮᠥᠷᠳᠡᠨ ᠬᠢᠨᠠᠨ ᠵᠢᠯᠤᠭᠣᠳᠬᠤ᠎ᠶᠢ ᠴᠢᠩᠭᠠᠳᠬᠠᠵᠤ᠂ ᠮᠡᠳᠡᠭᠡ ᠵᠠᠩᠭᠢ ᠎ᠶᠢ ᠬᠠᠷᠢᠯᠴᠠᠨ ᠨᠡᠪᠲᠡᠷᠡᠯᠴᠡᠬᠦ ᠲᠣᠭᠲᠠᠴᠠ᠎ᠶᠢ ᠪᠦᠷᠢᠨᠰᠢᠭᠦᠯᠵᠦ᠂ ᠳᠡᠭᠡᠷ᠎ᠡ ᠳᠣᠣᠷ᠎ᠠ ᠱᠠᠲᠤ ᠬᠠᠷᠢᠯᠴᠠᠨ ᠨᠡᠪᠲᠡᠷᠡᠯᠴᠡᠭᠰᠡᠨ᠂ ᠭᠦᠢᠴᠡᠳᠬᠡᠬᠦ᠎ᠳᠤ ᠬᠦᠴᠦᠲᠡᠢ ᠠᠵᠢᠯ᠎ᠤᠨ ᠰᠢᠰᠲᠧᠮ  ᠢ᠋  ᠪᠦᠷᠢᠯᠳᠦᠭᠦᠯᠬᠦ ᠬᠡᠷᠡᠭᠲᠡᠢ; ᠬᠠᠪᠰᠤᠷᠤᠯᠴᠠᠭ᠎ᠠ ᠪᠣᠯᠵᠤ ᠬᠠᠮᠲᠤ᠎ᠪᠠᠷ ᠪᠠᠶ᠋ᠢᠭᠤᠯᠬᠤ᠂ ᠭᠣᠣᠯ ᠰᠡᠳᠦᠪᠲᠦ ᠨᠠᠮ᠎ᠤᠨ ᠡᠳᠦᠷ ᠵᠡᠷᠭᠡ ᠠᠵᠢᠯᠯᠠᠭ᠎ᠠ᠎ᠶᠢ ᠢᠳᠡᠪᠬᠢᠲᠡᠢ ᠥᠷᠨᠢᠭᠦᠯᠵᠦ᠂ ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠵᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠬᠡᠷᠡᠭᠲᠡᠢ; ᠰᠠᠢᠨ ᠲᠤᠷᠰᠢᠯᠭ᠎ᠠ ᠰᠠᠢᠨ ᠠᠷᠭ᠎ᠠ ᠬᠢᠳᠡᠯ᠎ᠢᠶᠠᠨ ᠳ᠋ᠦᠩᠨᠡᠨ ᠪᠤᠯᠪᠠᠰᠤᠷᠠᠭᠤᠯᠵᠤ᠂ ᠲᠡᠷᠢᠭᠦᠨ᠎ᠤ ᠨᠡᠢᠲᠡᠯᠢᠭ ᠵᠢᠱ᠌ᠢᠶ᠎ᠡ᠎ᠶᠢ ᠪᠤᠢ ᠪᠤᠯᠭᠠᠵᠤ᠂ ᠤᠬᠠᠭᠤᠯᠤᠨ ᠳᠡᠯᠭᠡᠷᠡᠭᠦᠯᠬᠦ ᠡᠷᠴᠢᠮ᠎ᠢᠶᠠᠨ ᠴᠢᠩᠭᠠᠷᠠᠭᠤᠯᠵᠤ᠂ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠬᠣᠣᠷ ᠲᠠᠲᠠᠬᠤ᠎ᠶᠢ ᠵᠣᠭᠰᠤᠭᠠᠬᠤ ᠰᠢᠰᠲᠧᠮ᠎ᠤᠨ 《ᠬᠠᠤᠯᠢ᠎ᠪᠠᠷ ᠵᠠᠰᠠᠬᠤ ᠲᠣᠰᠬᠤᠨ᠎ᠤ ᠳᠡᠳ᠋ ᠳᠠᠷᠤᠭ᠎ᠠ (ᠳᠡᠳ᠋ ᠡᠷᠬᠢᠯᠡᠭᠴᠢ)》 ᠢ᠋ᠢᠨ ᠠᠵᠢᠯ᠎ᠤᠨ ᠲᠦᠷᠦᠯ ᠲᠡᠮᠳᠡᠭ ᠢ᠋ ᠭᠡᠷᠡᠯᠲᠦᠭᠦᠯᠬᠦ ᠬᠡᠷᠡᠭᠲᠡᠢ ᠭᠡᠵᠦ ᠱᠠᠭᠠᠷᠳᠠᠵᠠᠢ᠃ 

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面