2026-10-30 01:21:28
ᠤᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠺᠠᠳ᠋ᠷ ᠴᠠᠭᠳᠠᠭ᠎ᠠ᠎ᠶᠢᠨ ᠪᠣᠯᠪᠠᠰᠤᠷᠠᠯ᠎ᠤᠨ ᠲᠥᠪ ᠠᠵᠢᠯ᠎ᠤᠨ ᠶᠠᠷᠢᠯᠴᠠᠬᠤ ᠬᠤᠷᠠᠯ ᠬᠤᠷᠠᠯᠳᠤᠭᠤᠯᠪᠠ᠃
ᠬᠤᠷᠠᠯ ᠡᠴᠡ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠺᠠᠳ᠋ᠷ ᠴᠠᠭᠳᠠᠭ᠎ᠠ᠎ᠶᠢᠨ ᠪᠣᠯᠪᠠᠰᠤᠷᠠᠯ᠎ᠤᠨ ᠲᠥᠪ᠎ᠤᠨ ᠠᠵᠢᠯ᠎ᠤᠨ ᠮᠡᠳᠡᠭᠦᠯᠦᠯᠲᠡ ᠶᠢ ᠰᠣᠨᠣᠰᠴᠤ᠂ 7 ᠰᠠᠯᠠᠭ᠎ᠠ ᠲᠠᠰᠤᠭ᠎ᠦᠨ ᠬᠠᠷᠢᠭᠤᠴᠠᠯᠭᠠᠲᠠᠨ ᠪᠠ 3 ᠪᠠᠭ᠍ᠰᠢ᠎ᠶᠢᠨ ᠲᠥᠯᠥᠭᠡᠯᠡᠭᠴᠢ ᠲᠣᠰ ᠲᠣᠰ ᠠᠵᠢᠯ ᠤᠨ ᠪᠣᠳᠠᠲᠠᠢ᠎ᠲᠠᠢ᠎ᠪᠠᠨ ᠤᠶᠠᠯᠳᠤᠭᠤᠯᠤᠨ ᠰᠠᠨᠠᠯ ᠰᠠᠨᠠᠭᠤᠯᠭ᠎ᠠ ᠳᠤᠷᠠᠳᠪᠠ᠃
ᠬᠤᠷᠠᠯ ᠡᠴᠡ᠂ ᠵᠥᠪ ᠣᠨᠣᠪᠴᠢᠲᠠᠢ ᠤᠯᠤᠰ ᠲᠥᠷᠦ ᠶᠢᠨ ᠴᠢᠭᠯᠡᠯ ᠢ ᠪᠠᠷᠢᠮᠲᠠᠯᠠᠨ᠂ ᠨᠠᠮ᠎ᠤᠨ ᠤᠳᠤᠷᠢᠳᠤᠯᠭ᠎ᠠ᠎ᠶᠢ ᠢᠮᠠᠭᠲᠠ ᠪᠠᠷᠢᠮᠲᠠᠯᠠᠵᠤ᠂ ᠤᠯᠤᠰ ᠲᠥᠷᠦ ᠶᠢᠨ ᠵᠣᠭᠰᠣᠴᠠ᠎ᠪᠠᠨ ᠳᠡᠭᠡᠭᠰᠢᠯᠡᠭᠦᠯᠤᠨ᠂ ᠬᠠᠷᠢᠭᠤᠴᠠᠯᠭ᠎ᠠ ᠡᠭᠦᠷᠭᠡᠯᠡᠯ᠎ᠢᠶᠠᠨ ᠴᠢᠩᠭᠠᠳᠬᠠᠵᠤ᠂ ᠨᠠᠮ ᠤᠨ ᠪᠠᠢᠭᠤᠯᠤᠯᠲᠠ᠎ᠶᠢᠨ ᠠᠵᠢᠯ᠎ᠢ ᠰᠠᠢᠲᠤᠷ ᠠᠳᠬᠤᠨ᠂ ᠨᠠᠮ᠎ᠤᠨ ᠪᠠᠢᠭᠤᠯᠤᠯᠲᠠ᠎ᠶᠢᠨ ᠲᠥᠷᠥᠯ ᠲᠡᠮᠳᠡᠭ ᠢ ᠡᠭᠦᠳᠴᠦ᠂ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠴᠢᠨᠠᠷ ᠰᠠᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠨᠠᠷᠢᠯᠢᠭ᠍ᠵᠢᠭᠤᠯᠤᠭᠰᠠᠨ ᠬᠠᠮᠢᠶᠠᠷᠤᠯᠲᠠ᠎ᠶᠢ ᠪᠠᠷᠢᠮᠲᠠᠯᠠᠵᠤ᠂ ᠲᠢᠩᠬᠢᠮ ᠤᠨ ᠨᠠᠮ ᠤᠨ ᠬᠣᠷᠢᠶᠠᠨ ᠤ ᠨᠠᠷᠢᠯᠢᠭ᠍ᠵᠢᠭᠤᠯᠤᠭᠰᠠᠨ ᠬᠠᠮᠢᠶᠠᠷᠤᠯᠲᠠ᠎ᠶᠢᠨ ᠠᠵᠢᠯ ᠢ ᠠᠬᠢᠭᠤᠯᠬᠤ ᠲᠤᠬᠠᠢ ᠪᠠᠢᠷᠢᠯᠠᠭᠤᠯᠤᠯᠲᠠ᠎ᠶᠢᠨ ᠱᠠᠭᠠᠷᠳᠠᠯᠭ᠎ᠠ᠎ᠶᠢ ᠨᠠᠢᠳᠠᠪᠤᠷᠢᠵᠢᠭᠤᠯᠤᠨ᠂ ᠨᠠᠷᠢᠯᠢᠭ᠍ᠵᠢᠭᠤᠯᠤᠭᠰᠠᠨ ᠬᠠᠮᠢᠶᠠᠷᠤᠯᠲᠠ᠎ᠶᠢᠨ ᠲᠦᠪᠰᠢᠨ ᠢ᠋ ᠳᠡᠭᠡᠭᠰᠢᠯᠡᠭᠦᠯᠵᠦ᠂ ᠳᠣᠲᠣᠭᠠᠳᠤ᠎ᠶᠢᠨ ᠬᠠᠮᠢᠶᠠᠷᠤᠯᠲᠠ᠎ᠶᠢ ᠵᠢᠷᠤᠮᠵᠢᠭᠤᠯᠤᠨ᠂ ᠠᠵᠢᠯ ᠤᠨ ᠶᠠᠪᠤᠴᠠ ᠶᠢ ᠨᠠᠷᠢᠯᠢᠭ᠍ᠵᠢᠭᠤᠯᠵᠤ᠂ ᠰᠤᠷᠭᠠᠨ ᠬᠥᠮᠦᠵᠢᠯ᠎ᠤᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠺᠠᠳ᠋ᠷ᠎ᠤᠨ ᠡᠩᠨᠡᠭᠡ᠎ᠶᠢᠨ ᠬᠡᠪ ᠴᠢᠳᠠᠪᠤᠷᠢ ᠶᠢ ᠳᠡᠭᠡᠭᠰᠢᠯᠡᠭᠦᠯᠭᠦ᠎ᠶᠢ ᠪᠠᠷᠢᠮᠲᠠᠯᠠᠨ᠂ ᠵᠠᠯᠠᠭᠤ ᠪᠠᠭ᠍ᠰᠢ ᠶᠢ ᠬᠥᠮᠥᠵᠢᠭᠦᠯᠬᠦ ᠡᠷᠴᠢᠮ᠎ᠢᠶᠠᠨ ᠴᠢᠩᠭᠠᠷᠠᠭᠤᠯᠵᠤ᠂ ᠭᠣᠣᠯᠯᠠᠭ᠍ᠴᠢ ᠪᠠᠭ᠍ᠰᠢ ᠶᠢᠨ ᠡᠩᠨᠡᠭᠡ᠎ᠶᠢ ᠪᠠᠢᠭᠤᠯᠤᠨ᠂ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠤᠯ᠎ᠢᠶᠠᠷ ᠲᠥᠪ ᠪᠤᠯᠭᠠᠵᠤ᠂ ᠪᠠᠭ᠍ᠰᠢ᠎ᠶᠢᠨ ᠵᠢᠭᠠᠨ ᠰᠤᠷᠭᠠᠯᠲᠠ᠎ᠶᠢᠨ ᠦᠷ᠎ᠡ ᠪᠦᠲᠦᠭᠡᠯ ᠢ᠋ᠶ᠋ᠠᠨ ᠵᠢᠭᠠᠨ ᠰᠤᠷᠭᠠᠬᠤ᠎ᠳᠤ ᠬᠡᠷᠡᠭᠯᠡᠬᠦ ᠶᠢ ᠵᠣᠷᠢᠭ᠍ᠵᠢᠭᠤᠯᠬᠤ ᠬᠡᠷᠡᠭᠲᠡᠢ᠃ ᠴᠠᠭᠳᠠᠭ᠎ᠠ᠎ᠳᠤ ᠬᠠᠷᠠᠭᠠᠯᠵᠠᠯ ᠦᠵᠡᠭᠦᠯᠬᠦ᠎ᠶᠢ ᠪᠠᠷᠢᠮᠲᠠᠯᠠᠨ᠂ ᠨᠡᠪᠲᠡᠷᠡᠯᠴᠡᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠰᠠᠨᠠᠯ ᠰᠠᠨᠠᠭᠤᠯᠭ᠎ᠠ᠎ᠶᠢ ᠥᠷᠭᠡᠨ᠎ᠢᠶᠠᠷ ᠰᠣᠨᠣᠰᠴᠤ᠂ ᠴᠠᠭᠳᠠᠭ᠎ᠠ᠎ᠳᠤ ᠬᠠᠷᠠᠭᠠᠯᠵᠠᠯ ᠦᠵᠡᠭᠦᠯᠭᠦ ᠡᠯ᠎ᠡ ᠵᠦᠢᠯ᠎ᠤᠨ ᠠᠷᠭ᠎ᠠ ᠬᠡᠮᠵᠢᠶ᠎ᠡ᠎ᠶᠢ ᠨᠠᠷᠢᠨ ᠨᠢᠮᠪᠠᠢ ᠨᠠᠢᠳᠠᠪᠤᠷᠢᠵᠢᠭᠤᠯᠤᠨ᠂ ᠺᠠᠳ᠋ᠷ ᠠᠵᠢᠯᠲᠠᠨ ᠠᠵᠢᠯᠴᠢᠨ᠎ᠤ ᠲᠣᠰ ᠪᠡᠶ᠎ᠡ᠎ᠶᠢᠨ ᠠᠰᠢᠭ᠋ ᠲᠤᠰᠠ᠎ᠶᠢ ᠦᠨᠡᠨ ᠬᠦ᠌ ᠰᠢᠢᠳᠪᠦᠷᠢᠯᠡᠵᠦ᠂ ᠪᠦᠯᠬᠦᠮᠳᠡᠨ ᠲᠡᠮᠡᠴᠡᠵᠦ᠂ ᠴᠤᠭ ᠪᠠᠳᠠᠷᠠᠩᠭᠤᠢ ᠥᠭᠡᠳᠡᠯᠡᠨ ᠳᠠᠪᠰᠢᠬᠤ ᠰᠠᠢᠨ ᠰᠠᠢᠬᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ᠃ ᠴᠢᠬᠡᠴᠢ ᠵᠠᠰᠠᠭ ᠤᠨ ᠪᠠᠢᠭᠤᠯᠤᠯᠲᠠ᠎ᠶᠢ ᠴᠥᠬᠥᠷᠡᠰᠢ ᠦᠭᠡᠢ ᠪᠠᠢᠩᠭᠤ ᠠᠳᠬᠤᠵᠤ᠂ ᠪᠠᠭ᠍ᠰᠢ᠎ᠶᠢᠨ ᠮᠣᠷᠠᠯ ᠪᠠᠭ᠍ᠰᠢ ᠶᠢᠨ ᠰᠤᠷᠲᠠᠯ ᠤᠨ ᠪᠠᠢᠭᠤᠯᠤᠯᠲᠠ᠎ᠶᠢ ᠴᠢᠩᠭᠠᠳᠬᠠᠵᠤ᠂ ᠢᠮᠠᠭᠲᠠ ᠳᠦᠷᠢᠮ ᠲᠣᠭᠲᠠᠭᠠᠯ ᠶᠣᠰᠣᠭᠠᠷ ᠠᠵᠢᠯᠯᠠᠵᠤ᠂ ᠬᠣᠷᠢᠭ᠎ᠠ ᠱᠤᠭᠤᠮ᠎ᠢ ᠪᠠᠲᠤ ᠰᠠᠬᠢᠵᠤ᠂ ᠠᠷᠢᠭᠤᠨ ᠴᠢᠬᠡᠴᠢ ᠶᠢ ᠡᠷᠬᠢᠮᠯᠡᠨ ᠢᠯᠵᠠᠷᠠᠬᠤ᠎ᠶᠢ ᠲᠡᠪᠴᠢᠬᠦ᠂ ᠰᠤᠷᠲᠠᠯ ᠴᠢᠬᠡᠴᠢ ᠣᠪᠣᠷ ᠲᠥᠪ ᠪᠠᠢᠬᠤ ᠤᠯᠤᠰ ᠲᠥᠷᠦ ᠶᠢᠨ ᠠᠮᠢ ᠠᠬᠤᠢ᠎ᠶᠢ ᠦᠷᠭᠦᠯᠵᠢᠯᠡᠨ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃