ᠲᠡᠷᠢᠭᠦᠨ ᠨᠢᠭᠤᠷ>ᠴᠠᠭ ᠲᠦᠷᠦ> ᠬᠠᠤᠯᠢ ᠳᠦᠷᠢᠮ

2026-10-30 01:21:16

ᠵᠣᠬᠢᠶᠠᠭ᠍ᠴᠢ᠄ ᠬᠠᠨ ᠯᠢᠩ ᠯᠢᠩ ᠣᠩᠱᠢᠭ᠍ᠰᠠᠨ ᠣᠳᠠᠭ᠎ᠠ᠄ 3

ᠲᠦᠷᠦᠭᠦᠭᠡᠨ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ ᠨᠠᠮ᠎ᠤᠨ ᠬᠣᠷᠢᠶᠠᠨ ᠎ᠤ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠤᠯᠠᠭᠠᠨᠴᠠᠪ ᠬᠤᠲᠠ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ᠎ᠶᠢ ᠰᠤᠳᠤᠯᠪᠠ᠃

ᠬᠤᠷᠠᠯ ᠡᠴᠡ᠂ ᠶᠡᠷᠦᠩᠬᠡᠢ ᠱᠦᠵᠢ ᠰᠢ᠎ᠶᠢᠨ ᠫᠢᠩ᠎ᠤᠨ ᠤᠯᠠᠭᠠᠨᠴᠠᠪ ᠬᠤᠳᠠ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠵᠤ᠂ ᠭᠣᠣᠯ ᠴᠢᠬᠤᠯᠠ ᠠᠭᠤᠯᠭ᠎ᠠ᠎ᠶᠢ ᠨᠠᠷᠢᠨ ᠬᠢᠨᠠᠮᠠᠭᠠᠢ ᠣᠢᠯᠠᠭᠠᠵᠤ᠂ ᠰᠢ᠎ᠶᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠂ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠲᠠᠢ ᠤᠶᠠᠯᠳᠤᠭᠤᠯᠵᠤ᠂ ᠨᠢᠭᠡ ᠴᠣᠭᠴᠠᠵᠢᠭᠤᠯᠤᠨ ᠰᠤᠷᠤᠯᠴᠠᠨ ᠣᠢᠯᠠᠭᠠᠵᠤ᠂ ᠰᠢᠰᠲᠧᠮ᠎ᠲᠠᠢ ᠎ᠪᠡᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠲᠡᠷᠡ ᠬᠡᠪ᠎ᠢᠶᠠᠷ ᠨᠢ ᠰᠤᠷᠤᠯᠴᠠᠬᠤ᠂ ᠨᠡᠪᠳᠡᠷᠡᠳᠡᠯ᠎ᠡ ᠣᠢᠯᠠᠭᠠᠵᠤ ᠰᠤᠷᠤᠯᠴᠠᠬᠤ᠂ ᠪᠣᠳᠠᠲᠠᠢ᠎ᠲᠠᠢ ᠤᠶᠠᠯᠳᠤᠭᠤᠯᠤᠨ ᠰᠤᠷᠤᠯᠴᠠᠬᠤ᠎ᠶᠢ ᠪᠠᠷᠢᠮᠲᠠᠯᠠᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠎ᠶᠢ ᠲᠠᠷᠢᠬᠢᠨ᠎ᠳᠠᠭᠠᠨ ᠬᠠᠳᠠᠩᠰᠢᠭᠤᠯᠵᠤ᠂ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃

ᠬᠤᠷᠠᠯ ᠡᠴᠡ᠂ ᠴᠢᠨᠠᠷ ᠰᠠᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠬᠠᠮᠠᠭᠠᠯᠠᠯᠲᠠ᠎ᠶᠢ ᠨᠢᠭᠡᠳᠦᠯᠲᠡᠢ ᠲᠥᠯᠥᠪᠵᠢᠭᠦᠯᠵᠦ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠎ᠳᠠᠭᠠᠨ ᠰᠠᠭᠤᠷᠢᠯᠠᠵᠤ᠂ ᠬᠠᠤᠯᠢ᠎ᠪᠠᠷ ᠵᠠᠰᠠᠬᠤ ᠪᠠᠲᠤᠯᠠᠭ᠎ᠠ᠎ᠶᠢᠨ ᠦᠢᠯᠡᠳᠦᠯ᠎ᠢ ᠪᠠᠳᠠᠷᠠᠭᠤᠯᠬᠤ ᠬᠡᠷᠡᠭᠲᠡᠢ᠃ ᠰᠢ᠎ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠠᠭᠤᠯᠠ ᠤᠰᠤ ᠤᠢ ᠮᠣᠳᠣ᠌ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ᠎ᠲᠠᠢ ᠵᠠᠰᠠᠬᠤ᠎ᠶᠢ ᠪᠠᠷᠢᠮᠲᠠᠯᠠᠵᠤ᠂《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠮᠢ ᠠᠬᠤᠢ᠎ᠣᠷᠴᠢᠨ ᠲᠣᠭᠣᠷᠢᠨ᠎ᠤ ᠬᠠᠤᠯᠢ᠎ᠶᠢᠨ ᠪᠢᠴᠢᠭ》 ᠪᠣᠯᠣᠨ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠭᠤ ᠭᠠᠵᠠᠷ᠎ᠤᠨ ᠬᠠᠮᠠᠭᠠᠯᠠᠯᠲᠠ᠎ᠶᠢᠨ ᠬᠠᠤᠯᠢ》 ᠢ᠋ᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ᠎ᠶᠢ ᠴᠢᠩᠭᠠᠳᠬᠠᠵᠤ᠂ ᠪᠦᠭᠦ ᠨᠡᠢᠭᠡᠮ᠎ᠢᠶᠠᠷ᠎ᠢᠶᠠᠨ ᠠᠮᠢ ᠠᠬᠤᠢ᠎ᠶᠢ ᠤᠷᠢᠳ ᠢ᠋ᠢᠡᠷ ᠪᠤᠳᠤᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠣᠢᠯᠠᠭᠠᠭᠳᠠᠬᠤᠨ ᠎ᠢ ᠪᠠᠲᠤ ᠪᠤᠢ ᠪᠤᠯᠭᠠᠬᠤ᠎ᠶᠢ ᠠᠬᠢᠭᠤᠯᠬᠤ ᠬᠡᠷᠡᠭᠲᠡᠢ᠃ ᠬᠠᠤᠯᠢ ᠴᠠᠭᠠᠵᠠ᠎ᠶᠢᠨ ᠦᠢᠯᠡᠴᠢᠯᠡᠭᠡᠨ᠎ᠤ ᠡᠬᠢ ᠪᠠᠶᠠᠯᠢᠭ᠋ ᠎ᠢ ᠰᠢᠯᠢᠳᠡᠭᠵᠢᠭᠦᠯᠦᠨ᠂ ᠲᠠᠷᠢᠶᠠᠯᠠᠩ ᠮᠠᠯ ᠠᠵᠤ ᠠᠬᠤᠢ᠎ᠶᠢᠨ ᠣᠳᠣᠬᠢᠴᠢᠯᠠᠯᠲᠠ᠂ ᠮᠠᠯ᠎ᠤᠨ ᠠᠰᠢᠭ᠋ ᠰᠢᠮ᠎ᠡ ᠲᠠᠷᠢᠶᠠᠯᠠᠩ ᠎ᠤᠨ  ᠪᠦᠲᠦᠭᠡᠭᠳᠡᠬᠦᠨ᠎ᠢ ᠨᠠᠷᠢᠯᠢᠭ᠋ ᠭᠦᠨᠵᠡᠭᠡᠢ ᠡᠳ᠋ᠰᠢᠭᠦᠯᠬᠦ ᠵᠡᠷᠭᠡ᠎ᠳᠤ ᠨᠠᠩ ᠣᠯᠠᠨ ᠴᠢᠨᠠᠷ ᠰᠠᠢᠲᠠᠢ ᠬᠠᠤᠯᠢ ᠴᠠᠭᠠᠵᠠ ᠎ᠶᠢᠨ ᠦᠢᠯᠡᠴᠢᠯᠡᠭᠡ ᠬᠠᠩᠭᠠᠬᠤ ᠬᠡᠷᠡᠭᠲᠡᠢ ᠭᠡᠵᠦ ᠱᠠᠭᠠᠷᠳᠠᠵᠠᠢ᠃

ᠬᠤᠷᠠᠯ ᠡᠴᠡ᠂ ᠠᠵᠤ ᠠᠬᠤᠢᠯᠠᠯ᠎ᠳᠤ ᠬᠣᠯᠪᠣᠭᠳᠠᠭᠰᠠᠨ ᠬᠠᠤᠯᠢ ᠴᠠᠭᠠᠵᠠ᠎ᠶᠢᠨ ᠦᠢᠯᠡᠴᠢᠯᠡᠭᠡᠨ᠎ᠤ ᠪᠦᠯᠭᠦᠮ᠎ᠤᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠠᠷᠠᠳ᠎ᠤᠨ ᠡᠵᠡᠩᠨᠡᠭᠰᠡᠨ ᠠᠵᠤ ᠠᠬᠤᠢᠯᠠᠯ᠎ᠤᠨ 《ᠬᠠᠤᠯᠢ᠎ᠪᠠᠷ ᠵᠠᠰᠠᠬᠤ ᠪᠡᠶ᠎ᠡ᠎ᠶᠢᠨ ᠪᠠᠢᠴᠠᠭᠠᠯᠲᠠ ᠬᠢᠬᠦ》 ᠶᠠᠰᠤ ᠴᠢᠨᠠᠷ ᠦᠷ᠎ᠡ ᠠᠰᠢᠭ᠋᠎ᠢ ᠳᠡᠭᠡᠭᠰᠢᠯᠡᠭᠦᠯᠵᠦ᠂ ᠭᠣᠣᠯᠳᠠᠯᠭ᠎ᠠ᠎ᠲᠠᠢ ᠪᠣᠳᠣᠯᠲᠠ᠎ᠶᠢᠨ ᠬᠦᠴᠦᠨ᠎ᠤ ᠠᠵᠤ ᠠᠬᠤᠢᠯᠠᠯ᠎ᠳᠤ ᠨᠠᠷᠢᠯᠢᠭ᠍ᠵᠢᠭᠤᠯᠤᠭᠰᠠᠨ ᠤᠷᠢᠳᠴᠢᠯᠠᠭᠰᠠᠨ ᠬᠠᠤᠯᠢ ᠴᠠᠭᠠᠵᠠ᠎ᠶᠢᠨ ᠦᠢᠯᠡᠴᠢᠯᠡᠭᠡ ᠬᠠᠩᠭᠠᠵᠤ᠂ 《ᠵᠡᠭᠦᠨᠳᠡᠬᠢ ᠲᠤᠭ᠎ᠠ ᠪᠠᠷᠢᠮᠲᠠ ᠵᠢ ᠪᠠᠷᠠᠭᠤᠨᠳᠡᠬᠢ ᠪᠣᠳᠣᠯᠲᠠ ᠵᠢᠨ ᠬᠦᠴᠦᠨ᠎ᠢᠶᠡᠷ ᠲᠤᠯᠭᠠᠭᠤᠷᠢᠯᠠᠬᠤ》ᠢᠨᠵᠧᠨᠧᠷᠢᠩ ᠎ᠤᠨ ᠵᠠᠩᠭᠢᠯᠠᠭ᠎ᠠ ᠎ᠶᠢᠨ ᠴᠡᠭ ᠎ᠤᠨ ᠪᠦᠲᠦᠭᠡᠨ ᠪᠠᠢᠭᠤᠯᠤᠯᠲᠠ ᠪᠣᠯᠣᠨ ᠪᠣᠬᠢᠷᠳᠤᠯ ᠦᠭᠡᠢ ᠪᠣᠳᠣᠯᠲᠠ ᠶ᠋ᠢᠨ ᠬᠦᠴᠦᠨ ᠎ᠤ ᠠᠵᠤ ᠦᠢᠯᠡᠰ ᠎ᠤᠨ ᠬᠥᠭᠵᠢᠯᠲᠡ᠎ᠶᠢ ᠠᠬᠢᠭᠤᠯᠬᠤ᠎ᠳᠤ ᠪᠠᠲᠤ ᠪᠡᠬᠢ ᠬᠠᠤᠯᠢ ᠎ᠪᠠᠷ ᠵᠠᠰᠠᠬᠤ ᠪᠠᠲᠤᠯᠠᠭ᠎ᠠ ᠬᠠᠩᠭᠠᠬᠤ ᠬᠡᠷᠡᠭᠲᠡᠢ᠃ ᠪᠦᠭᠦ ᠣᠷᠣᠨ᠎ᠤ ᠪᠣᠬᠢᠷᠳᠤᠯ ᠦᠭᠡᠢ ᠪᠣᠳᠣᠯᠲᠠ᠎ᠶᠢᠨ ᠬᠦᠴᠦᠨ ᠎ᠤ ᠠᠵᠤ ᠦᠢᠯᠡᠰ ᠎ᠤᠨ ᠴᠢᠨᠠᠷ ᠰᠠᠢᠲᠠᠢ ᠬᠥᠭᠵᠢᠯᠲᠡ᠎ᠪᠠᠷ ᠠᠵᠠ ᠲᠣᠭᠢᠶᠠᠯ ᠪᠤᠯᠭᠠᠵᠤ᠂ ᠨᠠᠷᠢᠯᠢᠭ᠍ᠵᠢᠭᠤᠯᠤᠭᠰᠠᠨ ᠬᠠᠮᠢᠶᠠᠷᠤᠯᠲᠠ᠎ᠶᠢᠨ ᠲᠠᠪᠴᠠᠩ ᠵᠡᠷᠭᠡ ᠡᠯ᠎ᠡ ᠲᠤᠬᠠᠢᠯᠠᠭᠰᠠᠨ ᠠᠵᠢᠯ᠎ᠤᠨ ᠰᠢᠰᠲᠧᠮ᠎ᠢ ᠴᠢᠨᠠᠭᠰᠢᠳᠠ ᠲᠡᠭᠦᠯᠳᠡᠷᠵᠢᠭᠦᠯᠵᠦ᠂ ᠬᠡᠷᠡᠭᠯᠡᠭᠡᠨ᠎ᠤ ᠴᠢᠳᠠᠮᠵᠢ ᠎ᠶᠢ ᠪᠠᠶᠠᠯᠢᠭ᠍ᠵᠢᠭᠤᠯᠵᠤ᠂ ᠲᠣᠭᠠᠴᠢᠯᠠᠭᠰᠠᠨ ᠬᠡᠷᠡᠭᠯᠡᠭᠡᠨ᠎ᠤ ᠲᠠᠯᠠᠪᠤᠷ ᠎ᠢ ᠥᠷᠭᠡᠳᠬᠡᠵᠦ᠂ ᠪᠣᠳᠣᠯᠲᠠ᠎ᠶᠢᠨ ᠬᠦᠴᠦᠨ ᠎ᠤ ᠳᠠᠪᠠᠭᠤᠯᠢᠭ᠋ ᠎ᠢ ᠬᠥᠭᠵᠢᠯᠲᠡ᠎ᠶᠢᠨ ᠳᠠᠪᠠᠭᠤᠯᠢᠭ᠋ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠱᠠᠭᠠᠷᠳᠠᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面