2026-10-30 01:21:06
ᠲᠦᠷᠦᠭᠦᠭᠡᠨ᠂ 2026 ᠣᠨ᠎ᠤ ᠤᠯᠤᠰ᠎ᠤᠨ ᠨᠢᠭᠡᠳᠦᠯᠲᠡᠢ ᠬᠠᠤᠯᠢ ᠴᠠᠭᠠᠵᠠ᠎ᠶᠢᠨ ᠠᠵᠢᠯ ᠮᠡᠷᠭᠡᠵᠢᠯ ᠦᠨ ᠬᠢᠷᠢ ᠭᠡᠮ᠎ᠦᠨ ᠰᠢᠯᠭᠠᠯᠲᠠ᠎ᠶᠢᠨ ᠪᠡᠶᠡᠴᠢ ᠰᠡᠳᠦᠪ᠎ᠦᠨ ᠰᠢᠯᠭᠠᠯᠲᠠ ᠶᠠᠪᠤᠬᠲᠠᠵᠦ᠂ ᠪᠦᠭᠦ ᠣᠷᠣᠨ᠎ᠳᠤ ᠨᠡᠶ᠋ᠢᠲᠡ 12 ᠰᠢᠯᠭᠠᠯᠲᠠ ᠵᠢᠨ ᠲᠣᠭᠣᠷᠢᠭ᠋᠂ 13 ᠰᠢᠯᠭᠠᠯᠲᠠ᠎ᠶᠢᠨ ᠴᠡᠭ᠂ 143 ᠰᠢᠯᠭᠠᠯᠲᠠ᠎ᠶᠢᠨ ᠲᠠᠯᠠᠪᠤᠷ ᠲᠣᠬᠢᠷᠠᠭᠤᠯᠵᠤ᠂ ᠪᠦᠭᠦ ᠣᠷᠣᠨ ᠤ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠪᠠᠢᠭᠤᠯᠭ᠎ᠠ ᠨᠠᠷᠢᠯᠢᠭ᠍ᠵᠢᠭᠤᠯᠤᠭᠰᠠᠨ ᠬᠠᠮᠢᠶᠠᠷᠤᠯᠲᠠ ᠶᠢᠨ ᠣᠢᠯᠠᠭᠠᠭᠳᠠᠬᠤᠨ ᠢ ᠦᠢᠯᠡᠳᠦᠯᠭᠡᠵᠢᠭᠦᠯᠬᠦ᠎ᠶᠢ ᠪᠠᠷᠢᠮᠲᠠᠯᠠᠵᠤ᠂ ᠠᠮᠤᠷ ᠲᠦᠪᠰᠢᠨ᠎ᠤ ᠪᠠᠲᠤᠯᠠᠭ᠎ᠠ ᠬᠢᠭᠡᠳ ᠠᠷᠠᠳ᠎ᠲᠤ ᠲᠥᠭᠦᠮ ᠦᠵᠡᠭᠦᠯᠬᠦ ᠦᠢᠯᠡᠴᠢᠯᠡᠭᠡ ᠭᠡᠬᠦ ᠬᠣᠶᠠᠷ ᠶᠡᠬᠡ ᠭᠣᠣᠯ ᠱᠤᠭᠤᠮ᠎ᠢ ᠨᠢᠭᠡᠳᠦᠯᠲᠡᠢ ᠲᠥᠯᠥᠪᠵᠢᠭᠦᠯᠦᠨ᠂ ᠰᠢᠯᠭᠠᠯᠲᠠ᠎ᠶᠢᠨ ᠪᠦᠭᠦ ᠬᠡᠯᠬᠢᠶ᠎ᠡ᠎ᠶᠢᠨ ᠬᠠᠮᠠᠭᠠᠯᠠᠯᠲᠠ᠎ᠶᠢᠨ ᠲᠣᠣᠷ᠎ᠢ ᠨᠢᠭ᠍ᠲᠠ ᠪᠥᠭᠡᠳ ᠪᠠᠲᠤ ᠪᠠᠢᠭᠤᠯᠪᠠ᠃
ᠰᠢᠯᠭᠠᠯᠲᠠ᠎ᠶᠢᠨ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ 12 ᠰᠢᠯᠭᠠᠯᠲᠠ ᠬᠢᠨᠠᠬᠤ ᠳᠤᠭᠤᠢᠯᠠᠩ᠎ᠢ ᠲᠣᠮᠢᠯᠠᠨ ᠡᠯ᠎ᠡ ᠰᠢᠯᠭᠠᠯᠲᠠ᠎ᠶᠢᠨ ᠲᠣᠭᠣᠷᠢᠭ᠋᠎ᠤᠨ ᠰᠢᠯᠭᠠᠯᠲᠠ᠎ᠶᠢᠨ ᠴᠡᠭ᠎ᠲᠤ ᠳᠤᠮᠢᠯᠠᠵᠦ᠂ ᠰᠢᠯᠭᠠᠯᠲᠠ᠎ᠶᠢᠨ ᠶᠠᠪᠤᠳᠠᠯ ᠤᠨ ᠳᠦᠷᠢᠮ ᠢ ᠨᠠᠢᠳᠠᠪᠤᠷᠢᠵᠢᠭᠤᠯᠬᠤ᠂ ᠨᠢᠭᠤᠴᠠ᠎ᠶᠢ ᠬᠠᠮᠠᠭᠠᠯᠠᠬᠤ ᠬᠠᠮᠢᠶᠠᠷᠤᠯᠲᠠ᠂ ᠪᠠᠴᠢᠮ ᠪᠠᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠵᠠᠩᠭᠢᠯᠠᠭ᠎ᠠ᠎ᠶᠢᠨ ᠭᠣᠭᠴᠣᠭ᠎ᠠ᠎ᠶᠢᠨ ᠲᠣᠭᠣᠷᠢᠨ᠎ᠳᠤ ᠲᠤᠬᠠᠢ᠎ᠶᠢᠨ ᠭᠠᠵᠠᠷ ᠲᠤᠨᠢ ᠱᠠᠯᠠᠪᠳᠠᠭᠤᠯᠤᠨ ᠵᠢᠯᠤᠭᠣᠳᠴᠤ᠂ ᠰᠢᠯᠭᠠᠯᠲᠠ᠎ᠶᠢᠨ ᠲᠠᠯᠠᠪᠤᠷ ᠤᠨ ᠨᠢᠭᠡᠳᠦᠭᠡᠷ ᠹᠷᠤᠨᠲ᠎ᠲᠤ ᠰᠢᠭᠤᠳ ᠬᠦᠷᠴᠦ ᠡᠯ᠎ᠡ ᠵᠦᠢᠯ᠎ᠤᠨ ᠠᠵᠢᠯ᠎ᠤᠨ ᠦᠷ᠎ᠡ ᠪᠦᠲᠦᠮᠵᠢ᠎ᠶᠢ ᠬᠢᠨᠠᠨ ᠰᠢᠯᠭᠠᠵᠠᠢ᠃ ᠨᠢᠭᠡ ᠴᠣᠭᠴᠠᠵᠢᠭᠤᠯᠤᠭᠰᠠᠨ ᠰᠢᠯᠭᠠᠯᠲᠠ᠎ᠶᠢᠨ ᠵᠢᠯᠤᠭᠣᠳᠬᠤ ᠲᠠᠪᠴᠠᠩ᠎ᠳᠤ ᠲᠦᠰᠢᠭᠯᠡᠨ᠂ ᠪᠦᠬᠦ ᠣᠷᠣᠨ᠎ᠤ ᠰᠢᠯᠭᠠᠯᠲᠠ᠎ᠶᠢᠨ ᠴᠡᠭ ᠢ ᠸᠢᠳᠢᠤ᠋᠎ᠪᠠᠷ ᠴᠠᠭ ᠲᠤᠬᠠᠢ ᠳ᠋ᠤᠨᠢ ᠲᠣᠭᠣᠷᠢᠨ ᠪᠠᠢᠴᠠᠭᠠᠬᠤ᠎ᠶᠢ ᠬᠡᠷᠡᠭᠵᠢᠭᠦᠯᠵᠦ᠂ ᠰᠦᠯᠵᠢᠶᠡᠨ ᠳᠡᠭᠡᠷ᠎ᠡ ᠠᠯᠤᠰ᠎ᠡᠴᠡ ᠲᠣᠬᠢᠷᠠᠭᠤᠯᠬᠤ ᠪᠠ ᠲᠤᠬᠠᠢ᠎ᠶᠢᠨ ᠭᠠᠵᠠᠷ ᠲᠤᠨᠢ ᠬᠢᠨᠠᠨ ᠵᠢᠯᠣᠭᠣᠳᠬᠤ ᠬᠣᠣᠰ ᠴᠢᠭᠯᠡᠯ᠎ᠢᠶᠠᠷ ᠬᠠᠮᠵᠢᠯᠴᠠᠬᠤ᠎ᠶᠢ ᠬᠡᠷᠡᠭᠵᠢᠭᠦᠯᠵᠦ᠂ ᠪᠦᠭᠦ ᠣᠷᠣᠨ᠎ᠤ ᠰᠢᠯᠭᠠᠯᠲᠠ᠎ᠶᠢᠨ ᠪᠠᠢᠳᠠᠯ᠎ᠢ ᠬᠢᠨᠠᠨ ᠡᠵᠡᠮᠳᠡᠵᠦ ᠪᠤᠯᠬᠤ᠂ ᠲᠣᠬᠢᠷᠠᠭᠤᠯᠵᠤ ᠪᠤᠯᠬᠤ᠂ ᠡᠬᠢ ᠰᠤᠷᠪᠤᠯᠵᠢ᠎ᠶᠢ ᠨᠢ ᠮᠥᠷᠳᠡᠵᠦ ᠪᠤᠯᠬᠤ᠎ᠶᠢ ᠪᠡᠶᠡᠯᠡᠭᠦᠯᠵᠡᠢ᠃
ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ ᠤᠨ ᠬᠦᠴᠦᠨ ᠣᠯᠭᠣᠬᠤ᠎ᠶᠢ ᠪᠠᠷᠢᠮᠲᠠᠯᠠᠵᠤ᠂ ᠰᠢᠯᠭᠠᠯᠲᠠ᠎ᠶᠢᠨ ᠡᠷᠬᠡ ᠲᠡᠭᠰᠢ ᠪᠠᠢᠬᠤ ᠬᠣᠷᠢᠭ᠎ᠠ ᠱᠤᠭᠤᠮ ᠢ ᠪᠠᠲᠤ ᠰᠠᠬᠢᠵᠠᠢ᠃ ᠡᠯ᠎ᠡ ᠰᠢᠯᠭᠠᠯᠲᠠ᠎ᠶᠢᠨ ᠴᠡᠭ ᠨᠢ ᠰᠢᠯᠭᠠᠯᠲᠠ᠎ᠶᠢᠨ ᠶᠠᠪᠤᠳᠠᠯ᠎ᠤᠨ ᠠᠮᠤᠷ ᠲᠦᠪᠰᠢᠨ᠎ᠤ ᠬᠠᠮᠢᠶᠠᠷᠤᠯᠲᠠ᠎ᠶᠢᠨ ᠰᠢᠰᠲᠧᠮ᠎ᠢ ᠪᠦᠬᠦ ᠲᠠᠯ᠎ᠠ ᠪᠠᠷ ᠡᠬᠢᠯᠡᠨ ᠬᠡᠷᠡᠭᠯᠡᠵᠦ᠂ ᠪᠡᠶ᠎ᠡ᠎ᠶᠢᠨ ᠭᠠᠷᠤᠯ᠎ᠢ ᠬᠠᠷᠭᠤᠭᠤᠯᠤᠨ ᠪᠠᠢᠴᠠᠭᠠᠬᠤ᠂ ᠬᠥᠮᠥᠨ᠎ᠤ ᠵᠢᠰᠦ ᠵᠢ ᠬᠠᠷᠢᠴᠠᠭᠤᠯᠤᠨ ᠠᠳᠠᠯᠢᠳᠬᠠᠬᠤ᠂ ᠲᠠᠯᠠᠪᠠᠢ᠎ᠳᠤ ᠣᠷᠣᠬᠤ ᠠᠮᠤᠷ ᠲᠦᠪᠰᠢᠨ᠎ᠢ ᠪᠠᠢᠴᠠᠭᠠᠬᠤ ᠶᠠᠪᠤᠴᠠ᠎ᠶᠢ ᠴᠢᠩᠭ᠎ᠠ ᠨᠠᠢᠳᠠᠪᠤᠷᠢᠵᠢᠭᠤᠯᠤᠨ᠂ ᠣᠷᠣᠬᠤ ᠡᠭᠦᠳᠡᠨ᠎ᠤ ᠭᠣᠭᠴᠣᠭ᠎ᠠ ᠡᠴᠡ ᠣᠷᠣᠯᠠᠨ ᠰᠢᠯᠭᠠᠬᠤ ᠵᠡᠷᠭᠡ ᠰᠠᠬᠢᠯᠭ᠎ᠠ ᠪᠠᠲᠤ ᠶ᠋ᠢ ᠵᠥᠷᠢᠴᠡᠭᠰᠡᠨ ᠠᠶᠤᠯ ᠲᠦᠭᠰᠢᠭᠦᠷᠢ᠎ᠶᠢ ᠰᠡᠷᠭᠡᠢᠯᠡᠵᠡᠢ᠃ ᠰᠢᠯᠭᠠᠯᠲᠠ᠎ᠶᠢᠨ ᠲᠠᠯᠠᠪᠤᠷ᠎ᠲᠠᠬᠢ ᠡᠯ᠎ᠡ ᠲᠥᠷᠦᠯ᠎ᠤᠨ ᠮᠡᠷᠭᠡᠵᠢᠯ᠎ᠤᠨ ᠰᠡᠷᠭᠡᠢᠯᠡᠯᠲᠡ᠎ᠶᠢᠨ ᠲᠥᠬᠦᠭᠡᠷᠦᠮᠵᠢ᠎ᠵᠢ ᠭᠦᠢᠴᠡᠳ ᠲᠣᠬᠢᠷᠠᠭᠤᠯᠵᠤ᠂ ᠬᠥᠮᠥᠨ᠎ᠤ ᠰᠡᠷᠭᠡᠢᠯᠡᠯᠲᠡ ᠪᠠ ᠮᠡᠷᠭᠡᠵᠢᠯ᠎ᠤᠨ ᠰᠡᠷᠭᠡᠢᠯᠡᠯᠲᠡ᠎ᠶᠢ ᠤᠶᠠᠯᠳᠤᠭᠤᠯᠬᠤ᠎ᠶᠢ ᠪᠠᠷᠢᠮᠲᠠᠯᠠᠵᠠᠢ᠃ ᠰᠢᠯᠭᠠᠯᠲᠠ ᠡᠴᠡ ᠡᠮᠦᠨ᠎ᠡ ᠡᠯ᠎ᠡ ᠰᠢᠯᠭᠠᠯᠲᠠ᠎ᠶᠢᠨ ᠴᠡᠭ᠎ᠢ ᠵᠣᠬᠢᠶᠠᠨ ᠪᠠᠢᠭᠤᠯᠵᠤ ᠣᠯᠠᠨ ᠤᠳᠠᠭᠠᠨ᠎ᠤ ᠲᠥᠬᠦᠭᠡᠷᠦᠮᠵᠢ᠎ᠶᠢ ᠲᠣᠭᠣᠷᠢᠨ ᠪᠠᠢᠴᠠᠭᠠᠬᠤ᠂ ᠭᠡᠮᠲᠦᠯ ᠰᠠᠭᠠᠳ᠎ᠤᠨ ᠳᠠᠭᠤᠷᠢᠶᠠᠮᠠᠯ ᠰᠣᠷᠢᠯᠲᠠ᠎ᠶᠢ ᠪᠡᠶᠡᠯᠡᠭᠦᠯᠵᠦ᠂ ᠰᠦᠯᠵᠢᠶ᠎ᠡ᠂ ᠺᠤᠮᠫᠢᠦ᠋ᠲᠧᠷ᠂ ᠴᠠᠭᠢᠯᠭᠠᠨ ᠬᠠᠩᠭᠠᠬᠤ ᠵᠡᠷᠭᠡ ᠵᠠᠩᠭᠢᠯᠠᠭ᠎ᠠ᠎ᠶᠢᠨ ᠴᠡᠭ᠎ᠤᠨ ᠪᠠᠢᠷᠢ᠎ᠶᠢ ᠵᠦᠢᠯ ᠳᠠᠷᠠᠭᠠᠯᠠᠨ ᠵᠢᠭ᠍ᠰᠠᠭᠠᠨ ᠪᠠᠢᠴᠠᠭᠠᠵᠤ ᠴᠡᠭᠴᠡᠯᠡᠨ ᠰᠠᠢᠵᠢᠷᠠᠭᠤᠯᠵᠤ᠂ ᠡᠯ᠎ᠡ ᠲᠥᠷᠦᠯ᠎ᠤᠨ ᠭᠡᠨᠡᠳᠲᠡ᠎ᠶᠢᠨ ᠪᠠᠢᠳᠠᠯ᠎ᠳᠤ ᠴᠥᠮ ᠤᠷᠢᠳᠴᠢᠯᠠᠨ ᠪᠠᠢᠷᠢᠯᠠᠭᠤᠯᠵᠤ ᠰᠢᠢᠳᠪᠦᠷᠢᠯᠡᠬᠦ ᠶᠠᠪᠤᠴᠠ᠎ᠶᠢ ᠲᠣᠭᠲᠠᠭᠠᠨ᠂ ᠪᠦᠭᠦ᠋ᠢᠯᠡ ᠰᠢᠯᠭᠠᠯᠲᠠ᠎ᠶᠢᠨ ᠠᠵᠢᠯᠯᠠᠭᠠᠨ᠎ᠤ ᠲᠣᠭᠲᠠᠭᠤᠨ ᠪᠥᠭᠡᠳ ᠡᠵᠡᠮᠳᠡᠵᠦ ᠪᠤᠯᠬᠤ᠎ᠶᠢ ᠪᠠᠲᠤᠯᠠᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃