ᠲᠡᠷᠢᠭᠦᠨ ᠨᠢᠭᠤᠷ>ᠴᠠᠭ ᠲᠦᠷᠦ> ᠬᠠᠤᠯᠢ ᠳᠦᠷᠢᠮ

2026-10-30 01:20:18

ᠵᠣᠬᠢᠶᠠᠭ᠍ᠴᠢ᠄ ᠬᠠᠨ ᠯᠢᠩ ᠯᠢᠩ ᠣᠩᠱᠢᠭ᠍ᠰᠠᠨ ᠣᠳᠠᠭ᠎ᠠ᠄ 3

ᠰᠤᠷᠪᠤᠯᠵᠢᠯᠠᠬᠴᠢ ᠦᠪᠡᠷᠲᠡᠭᠡᠨ ᠵᠠᠰᠠᠬᠤ ᠤᠷᠤᠨ ᠎ᠤ ᠬᠠᠤᠯᠢ ᠴᠠᠭᠠᠵᠠ  ᠢ᠋ᠢᠨ ᠲᠢᠩᠬᠢᠮ ᠡᠴᠡ ᠤᠢᠯᠠᠭᠠᠬᠰᠠᠨ ᠢ᠋ᠢᠡᠷ᠂ ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ ᠎ᠤ ᠬᠠᠤᠯᠢᠴᠢ ᠎ᠶᠢᠨ ᠨᠡᠢᠭᠡᠮᠯᠢᠭ 2026 ᠣᠨ᠎ᠤ ᠨᠠᠢ᠍ᠮᠠᠳᠤᠭᠠᠷ ᠬᠤᠭᠤᠴᠠᠭᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ ᠬᠠᠤᠯᠢᠴᠢ᠎ᠶᠢᠨ ᠶᠡᠬᠡ ᠬᠢᠴᠢᠶᠡᠯ᠎ᠦᠨ ᠲᠠᠩᠬᠢᠮ ᠎ᠢ ᠵᠣᠬᠢᠶᠠᠨ ᠪᠠᠢᠭᠤᠯᠤᠨ ᠶᠠᠪᠤᠬᠲᠠᠭᠤᠯᠪᠠ᠃ ᠶᠡᠬᠡ ᠬᠢᠴᠢᠶᠡᠯ ᠎ᠦᠨ ᠲᠠᠩᠬᠢᠮ᠎ᠢ ᠦᠬᠠᠢ ᠬᠣᠲᠠ᠎ᠶᠢᠨ ᠬᠠᠤᠯᠢᠴᠢ ᠎ᠶᠢᠨ ᠨᠡᠢᠭᠡᠮᠯᠢᠭ᠎ᠡᠴᠡ ᠳᠠᠭᠠᠭᠠᠴᠢᠯᠠᠨ ᠡᠷᠭᠢᠯᠡᠵᠦ᠂ 《ᠡᠷᠬᠡ ᠲᠤᠰᠢᠶᠠᠯ᠎ᠢᠶᠠᠨ ᠠᠰᠢᠭ᠍ᠯᠠᠨ ᠬᠢᠭᠰᠡᠨ ᠶᠠᠯᠠᠲᠤ ᠠᠵᠢᠯᠯᠠᠭ᠎ᠠ ᠎ᠶᠢ ᠥᠮᠥᠭᠯᠡᠬᠦ ᠣᠨᠴᠠᠯᠢᠭ᠋ ᠵᠢᠴᠢ ᠠᠷᠭ᠎ᠠ》ᠪᠡᠷ ᠭᠣᠣᠯ ᠰᠡᠳᠦᠪ ᠪᠣᠯᠭᠠᠨ ᠬᠢᠴᠢᠶᠡᠯᠯᠡᠪᠡ᠃ 

ᠲᠤᠰ ᠬᠤᠭᠤᠴᠠᠭᠠᠨ᠎ᠤ ᠶᠡᠬᠡ ᠬᠢᠴᠢᠶᠡᠯ᠎ᠦᠨ ᠲᠠᠩᠬᠢᠮ᠎ᠳᠤ ᠪᠡᠭᠡᠵᠢᠩ᠎ᠦᠨ ᠾᠸᠩ ᠨᠢᠩ ᠬᠠᠤᠯᠢᠴᠢ᠎ᠶᠢᠨ ᠬᠡᠷᠡᠭ ᠡᠷᠬᠢᠯᠡᠬᠦ ᠭᠠᠵᠠᠷ᠎ᠤᠨ ᠡᠭᠦᠰᠬᠡᠨ ᠪᠠᠢᠭᠤᠯᠤᠭ᠍ᠴᠢ ᠴᠠᠩ ᠵᠧᠩ᠎ᠢ ᠤᠷᠢᠵᠤ ᠭᠣᠣᠯ ᠰᠡᠳᠦᠪᠳᠦ ᠶᠠᠷᠢᠶ᠎ᠠ ᠲᠠᠯᠪᠢᠵᠤ᠂ ᠡᠷᠬᠡ ᠲᠤᠰᠢᠶᠠᠯ᠎ᠢᠶᠠᠨ ᠠᠰᠢᠭ᠍ᠯᠠᠨ ᠬᠢᠭᠰᠡᠨ ᠶᠠᠯᠠᠲᠤ ᠠᠵᠢᠯᠯᠠᠭ᠎ᠠ ᠎ᠶᠢ ᠥᠮᠥᠭᠯᠡᠬᠦ᠎ᠶᠢᠨ ᠲᠤᠭᠤᠷᠢᠨ᠎ᠳᠤ ᠬᠢᠴᠢᠶᠡᠯᠯᠠᠵᠦ᠂ 2021︱ 2025 ᠣᠨ᠎ᠤ ᠬᠡᠷᠡᠭ ᠰᠢᠢᠳᠪᠦᠷᠢᠯᠡᠭᠰᠡᠨ ᠲᠣᠭ᠎ᠠ ᠪᠠᠷᠢᠮᠲᠠ᠎ᠲᠠᠢ ᠤᠶᠠᠯᠳᠤᠭᠤᠯᠤᠨ ᠡᠷᠬᠡ ᠲᠤᠰᠢᠶᠠᠯ᠎ᠢᠶᠠᠨ ᠠᠰᠢᠭ᠍ᠯᠠᠨ ᠬᠢᠭᠰᠡᠨ ᠶᠠᠯᠠᠲᠤ ᠠᠵᠢᠯᠯᠠᠭ᠎ᠠ ᠎ᠶᠢᠨ ᠬᠡᠷᠡᠭ ᠰᠢᠢᠳᠪᠦᠷᠢᠯᠡᠬᠦ ᠠᠵᠢᠯ᠎ᠤᠨ ᠦᠷ᠎ᠡ ᠪᠦᠲᠦᠮᠵᠢ ᠢ᠋ᠢᠨ ᠵᠢᠭᠠᠯᠲᠠ ᠲᠤᠭ᠎ᠠ ᠶᠡᠷᠦᠩᠬᠡᠢ᠎ᠳᠡᠭᠡᠨ ᠲᠡᠭᠡᠭᠰᠢᠯᠡᠭᠰᠡᠨ᠂ ᠬᠡᠷᠡᠭ ᠰᠢᠢᠳᠪᠦᠷᠢᠯᠡᠬᠦ ᠭᠣᠣᠯᠳᠠᠯᠭ᠎ᠠ᠎ᠪᠠᠨ ᠳᠣᠷᠣᠭ᠍ᠰᠢ ᠲᠠᠯᠪᠢᠬᠰᠠᠨ᠂ ᠬᠡᠭᠡᠯᠢ ᠢᠳᠡᠵᠦ ᠬᠠᠬᠤᠤᠯᠢ ᠲᠦᠯᠬᠢᠬᠦ ᠎ᠶᠢ ᠬᠠᠮᠲᠤ ᠳ᠋ᠤᠨᠢ ᠪᠠᠢᠴᠠᠭᠠᠨ ᠰᠢᠢᠳᠪᠦᠷᠢᠯᠡᠭᠰᠡᠨ᠂ ᠬᠡᠷᠡᠭ ᠰᠢᠢᠳᠪᠦᠷᠢᠯᠡᠬᠦ᠎ᠳᠡᠭᠡᠨ ᠬᠥᠮᠥᠨ᠎ᠢ ᠨᠡᠬᠡᠮᠵᠢᠯᠡᠵᠦ ᠪᠠᠢᠭᠰᠠᠨ᠎ᠡᠴᠡ᠎ᠪᠠᠨ ᠵᠣᠭᠣᠰ ᠨᠡᠬᠡᠬᠦ ᠪᠣᠯᠤᠭᠰᠠᠨ ᠣᠳᠣᠬᠢ ᠪᠠᠢᠳᠠᠯ ᠎ᠢ ᠲᠠᠨᠢᠯᠴᠠᠭᠤᠯᠵᠦ᠂ ᠢᠪᠴᠤᠤ ᠤᠳᠬ᠎ᠠ ᠎ᠶᠢᠨ ᠪᠠ ᠳᠡᠯᠭᠡᠷᠡᠩᠭᠦᠢ ᠤᠳᠬ᠎ᠠ᠎ᠶᠢᠨ ᠡᠷᠬᠡ ᠲᠤᠰᠢᠶᠠᠯ᠎ᠢᠶᠠᠨ ᠠᠰᠢᠭ᠍ᠯᠠᠨ ᠶᠠᠯ᠎ᠠ ᠬᠢᠬᠦ ᠬᠦᠷᠢᠶ᠎ᠡ ᠬᠡᠪᠴᠢᠶ᠎ᠡ ᠎ᠶᠢ ᠢᠯᠭᠠᠵᠤ᠂ ᠠᠯᠪᠠᠨ ᠲᠤᠰᠢᠶᠠᠯᠲᠠᠨ᠂ ᠠᠯᠪᠠᠨ ᠲᠤᠰᠢᠶᠠᠯᠲᠠᠨ ᠪᠤᠰᠤ ᠬᠥᠮᠥᠰ ᠎ᠦᠨ ᠡᠷᠬᠡ ᠲᠤᠰᠢᠶᠠᠯ᠎ᠢᠶᠠᠨ ᠠᠰᠢᠭ᠍ᠯᠠᠨ ᠶᠠᠯ᠎ᠠ ᠬᠢᠭᠰᠡᠨ ᠲᠤᠰ ᠲᠤᠰ᠎ᠤᠨ ᠬᠢᠨᠢ ᠬᠡᠷᠡᠭ᠎ᠦᠨ ᠣᠨᠴᠠᠯᠢᠭ᠋ ᠎ᠢ ᠲᠤᠰ ᠲᠤᠰ ᠵᠠᠳᠠᠯᠤᠨ ᠰᠢᠨᠵᠢᠯᠡᠵᠦ ᠲᠠᠢᠯᠪᠤᠷᠢᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面