2026-10-30 01:20:08
ᠰᠢ᠎ᠶᠢᠨ ᠫᠢᠩ ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠵᠠᠰᠠᠭ ᠵᠠᠬᠢᠷᠭᠠᠨ᠎ᠤ ᠳᠠᠭᠢᠨ ᠵᠥᠪᠯᠡᠬᠦ ᠬᠠᠤᠯᠢ ᠵᠢᠴᠢ ᠬᠡᠷᠡᠭᠵᠢᠭᠦᠯᠬᠦ ᠳᠦᠷᠢᠮ᠎ᠤᠨ ᠡᠯ᠎ᠡ ᠵᠦᠢᠯ᠎ᠤᠨ ᠲᠣᠭᠲᠠᠭᠠᠯ᠎ᠤᠨ ᠱᠠᠭᠠᠷᠳᠠᠯᠭ᠎ᠠ᠎ᠶᠢ ᠪᠦᠭᠦ ᠲᠠᠯ᠎ᠠ᠎ᠪᠠᠷ ᠨᠠᠢᠳᠠᠪᠤᠷᠢᠵᠢᠭᠤᠯᠤᠨ᠂ ᠵᠠᠰᠠᠭ ᠵᠠᠬᠢᠷᠭᠠᠨ᠎ᠤ ᠳᠠᠭᠢᠨ ᠵᠥᠪᠯᠡᠬᠦ ᠡᠩᠨᠡᠭᠡᠨ᠎ᠤ ᠬᠠᠤᠯᠢ᠎ᠪᠠᠷ ᠵᠠᠰᠠᠬᠤ ᠬᠡᠪ ᠪᠣᠯᠪᠠᠰᠤᠷᠠᠯ ᠪᠣᠯᠣᠨ ᠲᠤᠬᠠᠢᠯᠠᠭᠰᠠᠨ ᠠᠵᠢᠯ ᠤᠨ ᠴᠢᠳᠠᠪᠤᠷᠢ᠎ᠶᠢ ᠦᠷᠭᠦᠯᠵᠢᠯᠡᠨ ᠳᠡᠭᠡᠭᠰᠢᠯᠡᠭᠦᠯᠬᠦ᠎ᠶᠢᠨ ᠲᠥᠯᠥᠭᠡ᠂ ᠲᠦᠷᠦᠭᠦᠭᠡᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ ᠭᠦᠭᠡᠬᠤᠲᠠ᠎ᠳᠤ ᠵᠠᠰᠠᠭ ᠵᠠᠬᠢᠷᠭᠠᠨ᠎ᠤ ᠳᠠᠭᠢᠨ ᠵᠥᠪᠯᠡᠬᠦ ᠬᠠᠤᠯᠢ ᠴᠠᠭᠠᠵᠠ᠎ᠶᠢᠨ ᠮᠡᠳᠡᠯᠭᠡ᠎ᠶᠢᠨ ᠤᠷᠤᠯᠳᠤᠭᠠᠨ᠎ᠢ ᠡᠷᠭᠢᠯᠡᠵᠦ᠂ ᠪᠦᠭᠦ ᠣᠷᠣᠨ᠎ᠤ 12 ᠠᠢᠮᠠᠭ ᠬᠤᠲᠠ᠎ᠶᠢᠨ ᠲᠥᠯᠥᠭᠡᠯᠡᠭᠴᠢᠳ᠎ᠤᠨ ᠪᠦᠯᠭᠦᠮ ᠤᠷᠤᠯᠳᠤᠭᠠᠨ᠎ᠳᠤ ᠣᠷᠣᠯᠴᠠᠪᠠ᠃
ᠲᠣᠰ ᠤᠳᠠᠭᠠᠨ᠎ᠤ ᠮᠡᠳᠡᠯᠭᠡ᠎ᠶᠢᠨ ᠤᠷᠤᠯᠳᠤᠭᠠᠨ ᠪᠣᠯ ᠵᠠᠰᠠᠭ ᠵᠠᠬᠢᠷᠭᠠᠨ᠎ᠤ ᠳᠠᠭᠢᠨ ᠵᠥᠪᠯᠡᠬᠦ ᠬᠠᠤᠯᠢ ᠴᠠᠭᠠᠵᠠ᠎ᠶᠢᠨ ᠮᠡᠳᠡᠯᠭᠡ ᠵᠢᠴᠢ ᠬᠡᠷᠡᠭ ᠰᠢᠢᠳᠪᠦᠷᠢᠯᠡᠬᠦ ᠲᠤᠬᠠᠢᠯᠠᠭᠰᠠᠨ ᠠᠵᠢᠯ᠎ᠤᠨ ᠪᠤᠯᠪᠠᠰᠤᠷᠠᠯ ᠪᠤᠯᠬᠤ ᠮᠥᠷᠲᠡᠭᠡᠨ ᠨᠠᠩ ᠴᠤ᠌ ᠵᠠᠰᠠᠭ ᠵᠠᠬᠢᠷᠭᠠᠨ᠎ᠤ ᠳᠠᠭᠢᠨ ᠵᠥᠪᠯᠡᠵᠦ ᠬᠡᠷᠡᠭ ᠰᠢᠢᠳᠪᠦᠷᠢᠯᠡᠬᠦ ᠵᠣᠷᠢᠯᠲᠠ᠎ᠶᠢᠨ ᠤᠬᠠᠮᠰᠠᠷ᠎ᠢ ᠴᠢᠩᠭᠠᠳᠬᠠᠵᠤ᠂ ᠵᠠᠰᠠᠭ ᠵᠠᠬᠢᠷᠭᠠᠨ ᠤ ᠳᠠᠭᠢᠨ ᠵᠥᠪᠯᠡᠬᠦ ᠠᠵᠢᠯᠲᠠᠨ᠎ᠤ ᠡᠩᠨᠡᠭᠡ᠎ᠶᠢᠨ ᠶᠡᠷᠦᠩᠬᠡᠢᠯᠡᠭᠰᠡᠨ ᠴᠢᠳᠠᠪᠤᠷᠢ᠎ᠶᠢ ᠳᠠᠪᠲᠠᠨ ᠪᠤᠯᠪᠠᠰᠤᠷᠠᠭᠤᠯᠬᠤ ᠪᠣᠳᠠᠲᠤ ᠪᠠᠢᠯᠳᠤᠭᠠᠨ᠎ᠤ ᠬᠢᠴᠢᠶᠡᠯ᠎ᠤᠨ ᠲᠠᠩᠬᠢᠮ ᠮᠥᠨ᠃ ᠤᠷᠤᠯᠳᠤᠭᠠᠨ ᠨᠢ ᠬᠠᠮᠢᠶ᠎ᠠ ᠪᠦᠬᠦᠢ ᠲᠤᠬᠠᠢᠯᠠᠭᠰᠠᠨ ᠠᠵᠢᠯ᠎ᠤᠨ ᠬᠠᠤᠯᠢ ᠴᠠᠭᠠᠵᠠ ᠬᠠᠤᠯᠢ ᠲᠣᠭᠲᠠᠭᠠᠯ᠂ ᠬᠡᠷᠡᠭ ᠰᠢᠭᠦᠬᠦ ᠵᠢᠷᠤᠮᠵᠢᠯ ᠵᠡᠷᠭᠡ ᠭᠣᠣᠯ ᠠᠭᠤᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠤᠷᠤᠯᠳᠤᠭᠠᠨ᠎ᠳᠤ ᠣᠷᠣᠯᠴᠠᠭᠰᠠᠳ᠎ᠤᠨ ᠮᠡᠳᠡᠯᠭᠡ᠎ᠶᠢᠨ ᠨᠥᠭᠡᠴᠡ᠂ ᠲᠤᠬᠠᠢᠯᠠᠭᠰᠠᠨ ᠠᠵᠢᠯ᠎ᠤᠨ ᠰᠠᠭᠤᠷᠢ ᠪᠠ ᠲᠤᠬᠠᠢ᠎ᠶᠢᠨ ᠲᠠᠯᠠᠪᠤᠷ᠎ᠤᠨ ᠬᠤᠪᠢᠷᠠᠯᠲᠠ᠎ᠶᠢᠨ ᠪᠠᠢᠳᠠᠯ ᠢ ᠠᠷᠭᠠᠴᠠᠭᠠᠬᠤ ᠴᠢᠳᠠᠪᠤᠷᠢ᠎ᠶᠢ ᠪᠦᠭᠦ ᠲᠠᠯ᠎ᠠ᠎ᠪᠠᠷ ᠰᠢᠯᠭᠠᠨ ᠪᠠᠢᠴᠠᠭᠠᠵᠠᠢ᠃
ᠬᠤᠷᠴᠠ ᠰᠢᠷᠦᠭᠦᠨ ᠥᠷᠢᠰᠦᠯᠳᠦᠭᠡᠨ᠎ᠢᠶᠠᠷ ᠳᠠᠮᠵᠢᠨ᠂ ᠪᠦᠯᠭᠦᠮ ᠤᠨ ᠨᠢᠭᠡᠳᠦᠭᠡᠷ᠂ ᠬᠣᠶᠠᠳᠤᠭᠠᠷ᠂ ᠭᠤᠷᠪᠠᠳᠤᠭᠠᠷ ᠳᠡᠰ᠎ᠤᠨ ᠱᠠᠩᠨᠠᠯ ᠪᠠ ᠰᠢᠯᠢᠳᠡᠭ ᠵᠣᠬᠢᠶᠠᠨ ᠪᠠᠢᠭᠤᠯᠤᠯᠲᠠ ᠶᠢᠨ ᠱᠠᠩᠨᠠᠯ ᠢ ᠰᠣᠩᠭᠣᠨ ᠭᠠᠷᠭᠠᠵᠠᠢ᠃ ᠲᠣᠰ ᠤᠳᠠᠭᠠᠨ᠎ᠤ ᠤᠷᠤᠯᠳᠤᠭᠠᠨ ᠪᠣᠯ ᠪᠦᠭᠦ ᠣᠷᠣᠨ᠎ᠤ ᠠᠩᠬᠠᠳᠤᠭᠠᠷ ᠬᠤᠭᠤᠴᠠᠭᠠᠨ᠎ᠤ ᠵᠠᠰᠠᠭ ᠵᠠᠬᠢᠷᠭᠠᠨ᠎ᠤ ᠳᠠᠭᠢᠨ ᠵᠥᠪᠯᠡᠬᠦ ᠬᠠᠤᠯᠢ ᠴᠠᠭᠠᠵᠠ᠎ᠶᠢᠨ ᠮᠡᠳᠡᠯᠭᠡ᠎ᠶᠢᠨ ᠤᠷᠤᠯᠳᠤᠭᠠᠨ᠎ᠤ ᠠᠵᠢᠯᠯᠠᠭ᠎ᠠ ᠪᠣᠯᠣᠨ᠎ᠠ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠵᠠᠰᠠᠭ ᠵᠠᠬᠢᠷᠭᠠᠨ᠎ᠤ ᠳᠠᠭᠢᠨ ᠵᠥᠪᠯᠡᠬᠦ ᠬᠠᠤᠯᠢ ᠵᠢᠴᠢ ᠬᠡᠷᠡᠭᠵᠢᠭᠦᠯᠬᠦ ᠳᠦᠷᠢᠮ ᠲᠣᠭᠲᠠᠭᠠᠯ᠎ᠤᠨ ᠱᠠᠭᠠᠷᠳᠠᠯᠭ᠎ᠠ᠎ᠲᠠᠢ ᠨᠢᠭ᠍ᠲᠠ ᠤᠶᠠᠯᠳᠤᠭᠤᠯᠤᠨ᠂ ᠵᠠᠰᠠᠭ ᠵᠠᠬᠢᠷᠭᠠᠨ᠎ᠤ ᠳᠠᠭᠢᠨ ᠵᠥᠪᠯᠡᠵᠦ ᠬᠡᠷᠡᠭ ᠰᠢᠢᠳᠪᠦᠷᠢᠯᠡᠬᠦ ᠪᠣᠳᠠᠲᠤ ᠶᠠᠪᠤᠳᠠᠯ᠎ᠲᠠᠢ ᠨᠢᠭ᠍ᠲᠠ ᠤᠶᠠᠯᠳᠤᠭᠤᠯᠵᠤ᠂ ᠵᠠᠰᠠᠭ ᠵᠠᠬᠢᠷᠭᠠᠨ᠎ᠤ ᠳᠠᠭᠢᠨ ᠵᠥᠪᠯᠡᠬᠦ ᠠᠵᠢᠯᠲᠠᠨ᠎ᠤ ᠰᠢᠨ᠎ᠡ ᠬᠠᠤᠯᠢ ᠲᠣᠭᠲᠠᠭᠠᠯ᠎ᠢ ᠪᠦᠭᠦ ᠲᠠᠯ᠎ᠠ᠎ᠪᠠᠷ ᠣᠨᠤᠪᠴᠢᠲᠠᠢ ᠰᠤᠷᠴᠤ ᠬᠡᠷᠡᠭᠯᠡᠬᠦ ᠰᠠᠨᠠᠭᠠᠴᠢᠯᠠᠭᠠᠲᠤ ᠴᠢᠨᠠᠷ ᠪᠠ ᠢᠳᠡᠪᠬᠢᠵᠢᠯ ᠢ ᠪᠦᠲᠦᠮᠵᠢᠲᠡᠢ ᠬᠥᠭᠵᠢᠭᠡᠵᠡᠢ᠃ ᠲᠠᠷᠠᠭᠠᠴᠢ᠎ᠶᠢᠨ ᠠᠯᠬᠤᠮ᠎ᠳᠤ᠂ ᠡᠯ᠎ᠡ ᠱᠠᠲᠤᠨ᠎ᠤ ᠵᠠᠰᠠᠭ ᠵᠠᠬᠢᠷᠭᠠᠨ ᠤ ᠳᠠᠭᠢᠨ ᠵᠥᠪᠯᠡᠬᠦ ᠪᠠᠢᠭᠤᠯᠤᠮᠵᠢ ᠲᠣᠰ ᠤᠳᠠᠭᠠᠨ᠎ᠤ ᠤᠷᠤᠯᠳᠤᠭᠠᠨ᠎ᠢᠶᠠᠷ ᠠᠵᠠ ᠲᠣᠭᠢᠶᠠᠯ ᠪᠣᠯᠭᠠᠨ᠂ ᠬᠠᠤᠯᠢ ᠪᠠᠷ ᠵᠠᠰᠠᠬᠤ ᠰᠡᠳᠬᠢᠬᠦᠢ᠎ᠶᠢ ᠪᠠᠲᠤ ᠪᠡᠬᠢ ᠪᠤᠢ ᠪᠤᠯᠭᠠᠵᠤ᠂ ᠵᠠᠰᠠᠭ ᠵᠠᠬᠢᠷᠭᠠᠨ᠎ᠤ ᠮᠠᠷᠭᠤᠯᠳᠤᠭᠠᠨ ᠢ ᠰᠢᠢᠳᠪᠦᠷᠢᠯᠡᠬᠦ ᠠᠵᠢᠯ᠎ᠤᠨ ᠤᠳᠤᠷᠢᠳᠤᠮᠵᠢ᠎ᠶᠢ ᠪᠠᠷᠢᠮᠲᠠᠯᠠᠨ᠂ ᠬᠠᠤᠯᠢ ᠴᠠᠭᠠᠵᠠ᠎ᠶᠢᠨ ᠮᠡᠳᠡᠯᠭᠡ ᠶᠢ ᠬᠡᠷᠡᠭ ᠰᠢᠢᠳᠪᠦᠷᠢᠯᠡᠬᠦ ᠴᠢᠳᠠᠪᠤᠷᠢ᠂ ᠮᠠᠷᠭᠤᠯᠳᠤᠭᠠᠨ ᠢ ᠰᠢᠢᠳᠪᠦᠷᠢᠯᠡᠬᠦ ᠴᠢᠳᠠᠪᠤᠷᠢ᠂ ᠵᠠᠰᠠᠭ ᠵᠠᠬᠢᠷᠭᠠᠨ ᠤ ᠳᠠᠭᠢᠨ ᠵᠥᠪᠯᠡᠬᠦ᠎ᠶᠢᠨ ᠬᠢᠨᠠᠯᠲᠠ ᠲᠠᠯᠪᠢᠬᠤ ᠴᠢᠳᠠᠪᠤᠷᠢ ᠪᠣᠯᠭᠠᠨ ᠬᠤᠪᠢᠷᠠᠭᠤᠯᠵᠤ᠂ ᠵᠠᠰᠠᠭ ᠵᠠᠬᠢᠷᠭᠠᠨ ᠤ ᠳᠠᠭᠢᠨ ᠵᠥᠪᠯᠡᠬᠦ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ᠎ᠶᠢ ᠦᠷᠭᠦᠯᠵᠢᠯᠡᠨ ᠳᠡᠭᠡᠭᠰᠢᠯᠡᠭᠦᠯᠵᠦ᠂ ᠴᠢᠨᠠᠷ ᠰᠠᠢᠲᠠᠢ ᠵᠠᠰᠠᠭ ᠵᠠᠬᠢᠷᠭᠠᠨ ᠤ ᠳᠠᠭᠢᠨ ᠵᠥᠪᠯᠡᠬᠦ ᠠᠵᠢᠯ᠎ᠢᠶᠠᠷ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢᠭᠤᠯᠤᠯᠲᠠ᠎ᠳᠤ ᠬᠦᠴᠦᠨ ᠨᠡᠮᠡᠷᠢᠯᠡᠬᠦ ᠪᠤᠯᠤᠨ᠎ᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃