ᠲᠡᠷᠢᠭᠦᠨ ᠨᠢᠭᠤᠷ>ᠴᠠᠭ ᠲᠦᠷᠦ> ᠬᠠᠤᠯᠢ ᠳᠦᠷᠢᠮ

2026-10-30 01:19:41

ᠵᠣᠬᠢᠶᠠᠭ᠍ᠴᠢ᠄ ᠬᠠᠨ ᠯᠢᠩ ᠯᠢᠩ ᠣᠩᠱᠢᠭ᠍ᠰᠠᠨ ᠣᠳᠠᠭ᠎ᠠ᠄ 3

ᠵᠠᠰᠠᠭ᠎ᠤᠨ ᠠᠵᠢᠯ᠎ᠤᠨ ᠪᠦᠲᠦᠮᠵᠢ ᠢ᠋ᠢᠨ ᠲᠤᠬᠠᠢ ᠵᠦᠪ ᠦᠵᠡᠯᠲᠡ ᠵᠢ ᠪᠤᠢ ᠪᠤᠯᠭᠠᠨ ᠦᠢᠯᠡᠲᠦᠯᠭᠡᠵᠢᠭᠦᠯᠬᠦ ᠵᠢᠴᠢ ᠪᠥᠬᠥ ᠣᠷᠣᠨ᠎ᠤ ᠰᠢᠭᠦᠬᠦ ᠬᠣᠷᠢᠶ᠎ᠠ᠎ᠶᠢᠨ ᠤᠳᠤᠷᠢᠳᠬᠤ ᠺᠠᠳ᠋ᠷᠴᠤᠳ᠎ᠤᠨ ᠤᠯᠤᠰ ᠲᠥᠷᠥ᠎ᠪᠡᠷ ᠬᠥᠲᠥᠯᠥᠨ ᠳᠠᠭᠠᠭᠤᠯᠬᠤ᠂ ᠬᠠᠤᠯᠢ ᠶᠣᠰᠣᠭᠠᠷ ᠬᠡᠷᠡᠭ ᠰᠢᠢᠳᠪᠦᠷᠢᠯᠡᠬᠦ᠂ ᠰᠢᠨᠵᠢᠯᠡᠬᠦ ᠤᠬᠠᠭᠠᠨᠴᠢ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠵᠢᠷᠤᠮᠵᠢᠭᠤᠯᠤᠨ ᠬᠠᠮᠢᠶᠠᠷᠬᠤ ᠴᠢᠳᠠᠪᠤᠷᠢ᠎ᠶᠢ ᠲᠠᠰᠤᠷᠠᠯᠲᠠ ᠦᠭᠡᠢ ᠴᠢᠩᠭᠠᠳᠬᠠᠵᠤ᠂ ᠪᠥᠬᠥ ᠣᠷᠣᠨ᠎ᠤ ᠰᠢᠭᠦᠬᠦ ᠬᠣᠷᠢᠶ᠎ᠠ ᠎ᠶᠢᠨ ᠰᠢᠭᠦᠨ ᠲᠠᠰᠤᠯᠬᠤ ᠰᠢᠰᠲᠧᠮ ᠪᠠ ᠰᠢᠭᠦᠨ ᠲᠠᠰᠤᠯᠬᠤ ᠴᠢᠳᠠᠪᠤᠷᠢ᠎ᠶᠢᠨ ᠣᠳᠣᠬᠢᠴᠢᠯᠠᠯᠲᠠ᠎ᠶᠢ ᠠᠬᠢᠭᠤᠯᠬᠤ  ᠢ᠋ᠢᠨ ᠲᠦᠯᠦᠭᠡ᠂ ᠤᠢᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶ᠎ᠠ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠬᠦ ᠵᠢᠴᠢ ᠪᠥᠬᠥ ᠣᠷᠣᠨ᠎ᠤ ᠰᠢᠭᠦᠬᠦ ᠬᠣᠷᠢᠶ᠎ᠠ᠎ᠶᠢᠨ ᠤᠳᠤᠷᠢᠳᠬᠤ ᠺᠠᠳ᠋ᠷᠴᠤᠳ᠎ᠤᠨ ᠪᠣᠯᠪᠠᠰᠤᠷᠠᠯ᠎ᠤᠨ ᠠᠩᠭᠢ᠎ᠶᠢ ᠡᠷᠭᠢᠯᠡᠪᠡ᠃

ᠲᠤᠰ ᠤᠳᠠᠭᠠᠨ᠎ᠤ ᠪᠣᠯᠪᠠᠰᠤᠷᠠᠯ ᠨᠢ ᠤᠯᠤᠰ ᠲᠥᠷᠥ᠎ᠶᠢᠨ ᠰᠦᠭ ᠰᠦᠨᠡᠰᠦ᠎ᠶᠢ ᠱᠤᠭᠤᠬᠤ᠂ ᠲᠤᠬᠠᠢᠯᠠᠭᠰᠠᠨ ᠠᠵᠢᠯ᠎ᠤᠨ ᠴᠢᠳᠠᠪᠤᠷᠢ᠎ᠶᠢ ᠣᠯᠭᠣᠬᠤ᠂ ᠬᠡᠪ ᠰᠤᠷᠲᠠᠯ ᠎ᠢ ᠬᠠᠲᠠᠭᠤᠵᠢᠭᠤᠯᠬᠤ᠂ ᠠᠷᠢᠭᠤᠨ ᠴᠢᠬᠡᠴᠢ᠎ᠪᠡᠷ ᠠᠶᠠᠯᠠᠯ᠎ᠢ ᠬᠠᠮᠠᠭᠠᠯᠠᠬᠤ ᠭᠣᠣᠯ ᠬᠠᠷᠠᠯᠲᠠ᠎ᠲᠠᠢ ᠨᠢᠭ᠍ᠲᠠ ᠤᠶᠠᠯᠳᠤᠭᠤᠯᠤᠨ᠂ ᠰᠢᠨ᠎ᠡ ᠴᠠᠭ ᠦᠶ᠎ᠡ᠎ᠶᠢᠨ ᠬᠠᠤᠯᠢ ᠴᠠᠭᠠᠵᠠ᠎ᠶᠢᠨ ᠠᠵᠢᠯ ᠎ᠤᠨ ᠰᠢᠨ᠎ᠡ ᠪᠠᠢᠳᠠᠯ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠳᠤᠮᠳᠠᠳᠤ ᠤᠯᠤᠰ ᠎ᠤᠨ ᠠᠷᠠᠳ᠎ᠤᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠂ ᠤᠯᠤᠰ ᠎ᠤᠨ ᠰᠢᠭᠦᠭᠦ ᠲᠤᠰᠢᠶᠠᠯᠲᠠᠨ᠎ᠤ ᠳᠡᠭᠡᠳᠦ ᠰᠤᠷᠭᠠᠭᠤᠯᠢ᠎ᠶᠢᠨ ᠥᠪᠥᠷ ᠮᠣᠩᠭᠣᠯ᠎ᠤᠨ ᠬᠤᠪᠢᠶᠠᠷᠢ ᠰᠤᠷᠭᠠᠭᠤᠯᠢ ᠵᠡᠷᠭᠡ ᠢ᠋ᠢᠨ ᠤᠳᠤᠷᠢᠳᠬᠤ ᠲᠤᠰᠬᠠᠢ ᠮᠡᠷᠭᠡᠵᠢᠯᠲᠡᠨ ᠢ᠋ ᠤᠷᠢᠵᠦ᠂ ᠤᠳᠤᠷᠢᠳᠬᠤ ᠬᠦᠴᠦᠨ ᠎ᠢ ᠳᠡᠭᠡᠭᠰᠢᠯᠡᠭᠦᠯᠬᠦ᠂ ᠺᠠᠳ᠋ᠷ᠎ᠲᠤ ᠬᠢᠨᠠᠯᠲᠠ ᠲᠠᠯᠪᠢᠬᠤ᠂ ᠬᠡᠷᠡᠭ ᠪᠣᠯᠭᠠᠨ ᠳᠠᠩᠰᠠᠯᠠᠬᠤ ᠵᠠᠷᠭᠤ ᠦᠢᠯᠡᠴᠢᠯᠡᠭᠡ ᠬᠢᠭᠡᠳ ᠤᠯᠠᠨ ᠡᠰᠢᠴᠢᠯᠡᠭᠰᠡᠨ ᠵᠠᠭᠤᠷᠠᠯᠳᠤᠭᠠᠨ ᠎ᠢ ᠰᠢᠢᠳᠪᠦᠷᠢᠯᠡᠬᠦ᠂ ᠰᠢᠭᠦᠨ ᠲᠠᠰᠤᠯᠤᠯᠲᠠ᠎ᠶᠢᠨ ᠶᠠᠰᠤ ᠴᠢᠨᠠᠷ᠎ᠤᠨ ᠬᠠᠮᠢᠶᠠᠷᠤᠯᠲᠠ ᠵᠢᠴᠢ ᠦᠵᠡᠯ ᠤᠬᠠᠮᠰᠠᠷ ᠎ᠤᠨ ᠬᠡᠯᠪᠡᠷᠢ᠎ᠶᠢᠨ ᠲᠦᠭᠰᠢᠭᠦᠷᠢ᠎ᠶᠢ ᠰᠡᠷᠭᠡᠢᠯᠡᠨ ᠡᠵᠡᠮᠳᠡᠬᠦ ᠪᠠ ᠶᠠᠷᠢᠶ᠎ᠠ ᠬᠡᠯᠡᠯᠴᠡᠭᠡᠨ᠎ᠦ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ ᠵᠡᠷᠭᠡ ᠠᠭᠤᠯᠭ᠎ᠠ᠎ᠪᠠᠷ ᠬᠢᠴᠢᠶᠡᠯᠯᠡᠪᠡ᠃ ᠪᠤᠯᠪᠠᠰᠤᠷᠠᠯ ᠨᠢ ᠳᠤᠭᠤᠢᠯᠠᠩ ᠬᠤᠪᠢᠶᠠᠨ ᠰᠤᠳᠤᠯᠤᠨ ᠶᠠᠷᠢᠯᠴᠠᠬᠤ᠂ ᠵᠠᠰᠠᠭ᠎ᠤᠨ ᠠᠵᠢᠯ᠎ᠤᠨ ᠪᠦᠲᠦᠮᠵᠢ ᠢ᠋ᠢᠨ ᠲᠤᠬᠠᠢ ᠵᠦᠪ ᠦᠵᠡᠯᠲᠡ ᠵᠢ ᠪᠤᠢ ᠪᠤᠯᠭᠠᠨ ᠦᠢᠯᠡᠲᠦᠯᠭᠡᠵᠢᠭᠦᠯᠬᠦ᠂ ᠰᠤᠷᠤᠯᠴᠠᠭᠰᠠᠨ ᠣᠯᠣᠯᠲᠠ ᠲᠥᠷᠥᠭᠳᠡᠯ᠎ᠢᠶᠡᠨ ᠬᠤᠪᠢᠶᠠᠯᠴᠠᠬᠤ ᠵᠡᠷᠭᠡ ᠬᠡᠯᠪᠡᠷᠢ᠎ᠲᠠᠢ ᠤᠶᠠᠯᠳᠤᠭᠤᠯᠤᠨ᠂ ᠪᠦᠬᠦ ᠣᠷᠣᠨ᠎ᠤ ᠰᠢᠭᠦᠬᠦ ᠬᠣᠷᠢᠶᠠᠨ᠎ᠤ ᠤᠳᠤᠷᠢᠳᠬᠤ ᠺᠠᠳ᠋ᠷᠴᠤᠳ᠎ᠤᠨ ᠰᠣᠯᠢᠯᠴᠠᠨ ᠰᠤᠷᠤᠯᠴᠠᠬᠤ ᠲᠠᠪᠴᠠᠩ᠎ᠢ ᠪᠠᠢᠭᠤᠯᠵᠦ᠂ ᠠᠭᠤᠯᠭ᠎ᠠ᠎ᠪᠠᠷ ᠪᠠᠶᠠᠯᠢᠭ᠋᠂ ᠬᠠᠷᠠᠯᠲᠠ ᠎ᠪᠠᠷ ᠣᠨᠣᠪᠴᠢᠲᠠᠢ᠂ ᠪᠣᠳᠠᠲᠠᠢ ᠎ᠲᠠᠢ ᠨᠡᠢᠴᠡᠵᠦ᠂ ᠦᠢᠯᠡᠲᠦᠯᠭᠡᠲᠦ ᠴᠢᠨᠠᠷ᠎ᠢᠶᠠᠷ ᠴᠢᠩᠭ᠎ᠠ ᠪᠠᠢᠵᠤ᠂ ᠤᠯᠤᠰ ᠲᠦᠷᠦ᠎ᠶᠢᠨ ᠪᠠᠢᠭᠤᠯᠤᠯᠲᠠ ᠪᠣᠯᠣᠨ ᠲᠤᠬᠠᠢᠯᠠᠭᠰᠠᠨ ᠠᠵᠢᠯ ᠎ᠤᠨ ᠴᠢᠳᠠᠪᠤᠷᠢ᠎ᠶᠢᠨ ᠭᠦᠨᠵᠡᠭᠡᠢ ᠠᠭᠤᠰᠤᠯᠴᠠᠨ᠂ ᠬᠠᠮᠲᠤ  ᠪᠠᠷ ᠳᠡᠭᠡᠭᠰᠢᠯᠡᠬᠦ᠎ᠶᠢ ᠪᠡᠶᠡᠯᠡᠭᠦᠯᠵᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面