ᠲᠡᠷᠢᠭᠦᠨ ᠨᠢᠭᠤᠷ>ᠴᠠᠭ ᠲᠦᠷᠦ> ᠬᠠᠤᠯᠢ ᠳᠦᠷᠢᠮ

2026-10-31 16:22:39

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠤᠯᠤᠰ᠎ᠤᠨ ᠷᠠᠳᠢᠣ᠋ ᠲᠧᠯᠸᠢᠰ᠎ᠦᠨ ᠶᠡᠷᠦᠩᠬᠡᠢ ᠲᠣᠪᠴᠢᠶ᠎ᠠ 27᠎ᠤ ᠡᠳᠦᠷ 《ᠤᠲᠠᠰᠤᠲᠤ ᠷᠠᠳᠢᠣ᠋ ᠲᠧᠯᠸᠢᠰ᠎ᠦᠨ ᠡᠵᠡᠩᠨᠡᠯᠲᠡ᠎ᠶᠢᠨ ᠦᠢᠯᠡᠴᠢᠯᠡᠭᠡᠨ᠎ᠦ ᠬᠠᠮᠢᠶᠠᠷᠤᠯᠲᠠ᠎ᠶᠢᠨ ᠲᠣᠭᠲᠠᠭᠠᠯ》 ᠪᠠ 《ᠬᠠᠷᠢᠯᠴᠠᠨ ᠬᠤᠷᠰᠢᠯᠴᠠᠬᠤ ᠬᠡᠯᠪᠡᠷᠢ ᠵᠢᠨ ᠰᠦᠯᠵᠢᠶᠡᠨ ᠲᠧᠯᠸᠢᠰ᠎ᠦᠨ ᠡᠵᠡᠩᠨᠡᠯᠲᠡ᠎ᠶᠢᠨ ᠦᠢᠯᠡᠴᠢᠯᠡᠭᠡᠨ᠎ᠦ ᠬᠠᠮᠢᠶᠠᠷᠤᠯᠲᠠ᠎ᠶᠢᠨ ᠲᠦᠷ ᠬᠡᠷᠡᠭᠵᠢᠭᠦᠯᠬᠦ ᠲᠣᠭᠲᠠᠭᠠᠯ》᠎ᠢ ᠨᠡᠢᠲᠡᠯᠡᠵᠦ᠂ 2026 ᠣᠨ᠎ᠤ 11 ᠰᠠᠷ᠎ᠠ᠎ᠶᠢᠨ 27᠎ᠤ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ ᠭᠡᠪᠡ᠃ ᠬᠡᠷᠡᠭᠯᠡᠭᠴᠢᠳ᠎ᠦᠨ ᠬᠠᠤᠯᠢ ᠶᠣᠰᠣᠨ᠎ᠤ ᠡᠷᠬᠡ ᠠᠰᠢᠭ᠋᠎ᠢ ᠬᠠᠮᠠᠭᠠᠯᠠᠵᠤ᠂ ᠲᠧᠯᠸᠢᠰ ᠦᠵᠡᠬᠦ ᠎ᠳᠦ ᠲᠥᠬᠥᠮ ᠦᠵᠡᠭᠦᠯᠬᠦ᠎ᠶᠢᠨ ᠲᠥᠯᠥᠭᠡ᠂ ᠰᠢᠨ᠎ᠡ ᠲᠣᠭᠲᠠᠭᠠᠯ᠎ᠳᠤ ᠤᠲᠠᠰᠤᠲᠤ ᠷᠠᠳᠢᠣ᠋ ᠲᠧᠯᠸᠢᠰ᠎ᠦᠨ ᠡᠵᠡᠩᠨᠡᠯᠲᠡ᠎ᠶᠢᠨ ᠦᠢᠯᠡᠴᠢᠯᠡᠭᠡ ᠪᠠ ᠬᠠᠷᠢᠯᠴᠠᠨ ᠬᠤᠷᠰᠢᠯᠴᠠᠬᠤ ᠬᠡᠯᠪᠡᠷᠢ ᠵᠢᠨ ᠰᠦᠯᠵᠢᠶᠡᠨ ᠲᠧᠯᠸᠢᠰ ᠎ᠦᠨ ᠡᠵᠡᠩᠨᠡᠯᠲᠡ ᠎ᠶᠢᠨ ᠦᠢᠯᠡᠴᠢᠯᠡᠭᠡ᠎ᠳᠦ ᠳᠣᠣᠷᠠᠬᠢ ᠱᠠᠭᠠᠷᠳᠠᠯᠭ᠎ᠠ᠎ᠶᠢ ᠳᠤᠷᠠᠳᠪᠠ ᠄  

ᠲᠧᠯᠸᠢᠰ ᠨᠡᠭᠡᠭᠡᠮᠡᠭᠴᠡ ᠪᠥᠬᠥ ᠳᠡᠯᠭᠡᠴᠡ᠎ᠪᠡᠷ ᠰᠢᠭᠤᠳ ᠨᠡᠪᠲᠡᠷᠡᠭᠦᠯᠭᠡ ᠦᠵᠡᠵᠤ

ᠳᠡᠢᠯᠬᠦ ᠪᠡᠷ ᠳᠤᠬᠢᠷᠠᠭᠤᠯᠵᠦ᠂ ᠵᠠᠷ᠎ᠢ ᠬᠠᠮᠤᠭ᠎ᠤᠨ ᠡᠬᠢᠨ᠎ᠳᠦ ᠳᠠᠯᠪᠢᠵᠦ ᠪᠣᠯᠬᠤ ᠦᠭᠡᠢ

·ᠰᠢᠭᠤᠳ ᠨᠡᠪᠲᠡᠷᠡᠭᠦᠯᠭᠡ᠎ᠶᠢ ᠲᠡᠷᠢᠭᠦᠨ᠎ᠳᠦ ᠲᠠᠯᠪᠢᠬᠤ ᠵᠠᠷᠴᠢᠮ᠎ᠢ ᠪᠠᠷᠢᠮᠲᠠᠯᠠᠨ᠂ ᠲᠧᠯᠸᠢᠰ᠎ᠢᠶᠠᠨ ᠨᠡᠭᠡᠭᠡᠮᠡᠭᠴᠡ ᠪᠥᠬᠥ ᠳᠡᠯᠭᠡᠴᠡ᠎ᠪᠡᠷ ᠰᠢᠭᠤᠳ ᠨᠡᠪᠲᠡᠷᠡᠭᠦᠯᠭᠡ ᠦᠵᠡᠵᠦ᠂ ᠰᠤᠪᠠᠭ᠎ᠢ ᠡᠷᠭᠢᠵᠦ ᠦᠵᠡᠬᠦ ᠤᠷᠤᠴᠠ ᠵᠢ ᠳᠤᠬᠢᠷᠠᠭᠤᠯᠵᠤ᠂ ᠵᠠᠷ᠎ᠢ ᠬᠠᠮᠤᠭ᠎ᠤᠨ ᠡᠬᠢᠨ᠎ᠳᠦ ᠳᠠᠯᠪᠢᠵᠦ ᠪᠣᠯᠬᠤ ᠦᠭᠡᠢ ᠃  

·ᠣᠶᠤᠨᠲᠤ ᠲᠧᠯᠸᠢᠰ ᠨᠢ ᠰᠢᠭᠤᠳ ᠨᠡᠪᠲᠡᠷᠡᠭᠦᠯᠭᠡ᠎ᠶᠢᠨ ᠰᠤᠪᠠᠭ᠎ᠤᠨ ᠴᠢᠳᠠᠮᠵᠢ᠎ᠶᠢ ᠤᠷᠢᠳᠠᠪᠠᠷ ᠢᠯᠡᠷᠡᠭᠦᠯᠵᠦ᠂ ᠳᠥᠭᠥᠮ ᠳᠥᠲᠡ ᠲᠣᠬᠢᠷᠠᠭᠤᠯᠤᠯᠲᠠ ᠬᠢᠬᠦ᠎ᠶᠢ ᠳᠡᠮᠵᠢᠬᠦ ᠬᠡᠷᠡᠭᠲᠡᠢ᠃

ᠲᠧᠯᠸᠢᠰ᠎ᠢᠶᠠᠨ ᠨᠡᠭᠡᠭᠡᠮᠡᠭᠴᠡ ᠰᠢᠭᠤᠳ ᠨᠡᠪᠲᠡᠷᠡᠭᠦᠯᠭᠡ ᠪᠤᠶᠤ ᠬᠠᠷᠢᠯᠴᠠᠨ ᠬᠦᠳᠡᠯᠦᠯᠴᠡᠬᠦ 

ᠭᠣᠣᠯ ᠨᠢᠭᠤᠷ ᠲᠤ᠌ ᠤᠷᠤᠬᠤ ᠵᠢ ᠥᠪᠡᠰᠦᠪᠡᠨ ᠰᠣᠩᠭᠣᠬᠤ᠎ᠳᠤ ᠲᠥᠬᠥᠮ ᠦᠵᠡᠭᠦᠯᠦᠨ᠎ᠡ

· ᠬᠡᠷᠡᠭᠯᠡᠭᠴᠢᠳ ᠲᠤ᠌ ᠳᠥᠭᠥᠮ ᠳᠥᠲᠡ ᠲᠣᠬᠢᠷᠠᠭᠤᠯᠬᠤ ᠤᠷᠤᠴᠠ ᠬᠠᠩᠭᠠᠵᠤ᠂᠎ᠲᠧᠯᠸᠢᠰ᠎ᠢᠶᠠᠨ ᠨᠡᠭᠡᠭᠡᠮᠡᠭᠴᠡ ᠰᠢᠭᠤᠳ ᠨᠡᠪᠲᠡᠷᠡᠭᠦᠯᠭᠡ ᠪᠤᠶᠤ ᠲᠧᠯᠸᠢᠰ᠎ᠦᠨ ᠬᠠᠷᠢᠯᠴᠠᠨ ᠬᠦᠳᠡᠯᠦᠯᠴᠡᠬᠦ ᠭᠣᠣᠯ ᠨᠢᠭᠤᠷ ᠲᠤ᠌ ᠤᠷᠤᠬᠤ ᠵᠢ ᠥᠪᠡᠰᠦᠪᠡᠨ ᠰᠣᠩᠭᠣᠬᠤ᠎ᠳᠤ ᠲᠥᠬᠥᠮ ᠦᠵᠡᠭᠦᠯᠦᠨ᠎ᠡ᠃

· ᠬᠠᠷᠢᠯᠴᠠᠨ ᠬᠤᠷᠰᠢᠯᠴᠠᠬᠤ ᠭᠣᠣᠯ ᠨᠢᠭᠤᠷ᠎ᠤᠨ ᠨᠢᠭᠤᠷ ᠬᠠᠭᠤᠳᠠᠰᠤ᠂ ᠵᠠᠯᠠᠭᠤᠷ ᠪᠤᠯᠤᠩ᠂ ᠲᠠᠨᠢᠯᠴᠠᠭᠤᠯᠬᠤ ᠪᠠᠢᠷᠢ ᠵᠡᠷᠭᠡ ᠠᠭᠤᠯᠭ᠎ᠠ ᠨᠢ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠷᠠᠳᠢᠣ᠋ ᠲᠧᠯᠸᠢᠰ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠨ ᠬᠠᠮᠢᠶ᠎ᠠ ᠪᠦᠬᠦᠢ ᠱᠠᠭᠠᠷᠳᠠᠯᠭ᠎ᠠ᠎ᠳᠤ ᠨᠡᠢᠴᠡᠭᠰᠡᠨ ᠪᠠᠢᠬᠤ ᠬᠡᠷᠡᠭᠲᠡᠢ᠃

ᠲᠦᠷᠦᠭᠦᠦ ᠨᠢᠭᠤᠷ᠎ᠲᠤ ᠰᠦᠢᠳᠬᠡᠯ ᠥᠯᠥ ᠬᠤᠷᠢᠶᠠᠬᠤ ᠪᠤᠯᠤᠩ ᠭᠠᠷᠭᠠᠵᠤ

ᠰᠦᠢᠳᠬᠡᠯ ᠬᠤᠷᠢᠶᠠᠬᠤ ᠪᠤᠯᠤᠩ᠎ᠤᠨ ᠲᠤᠭ᠎ᠠ ᠬᠡᠮᠵᠢᠶ᠎ᠡ ᠵᠢ ᠪᠠᠭᠠᠰᠬᠠᠨ᠎ᠠ

· ᠲᠦᠷᠦᠭᠦᠦ ᠨᠢᠭᠤᠷ᠎ᠲᠤ ᠰᠦᠢᠳᠬᠡᠯ ᠦᠯᠦ ᠬᠤᠷᠢᠶᠠᠬᠤ ᠲᠤᠰᠬᠠᠢ  ᠪᠤᠯᠤᠩ ᠭᠠᠷᠭᠠᠵᠦ᠂ ᠴᠢᠨᠠᠷ ᠰᠠᠢᠲᠠᠢ ᠰᠦᠢᠳᠬᠡᠯ ᠬᠤᠷᠢᠶᠠᠬᠤ ᠦᠭᠡᠢ ᠠᠭᠤᠯᠭ᠎ᠠ᠎ᠶᠢ ᠭᠣᠣᠯᠳᠠᠯᠭ᠎ᠠ᠎ᠲᠠᠢ ᠲᠠᠨᠢᠯᠴᠠᠭᠤᠯᠵᠤ᠂ ᠰᠦᠢᠳᠬᠡᠯ ᠬᠤᠷᠢᠶᠠᠬᠤ ᠪᠤᠯᠤᠩ᠎ᠤᠨ ᠲᠣᠭ᠎ᠠ ᠬᠡᠮᠵᠢᠶ᠎ᠡ᠎ᠶᠢ ᠪᠠᠭᠠᠰᠬᠠᠨ᠂ ᠫᠷᠣᠭ᠌ᠷᠠᠮ᠎ᠤᠨ ᠰᠦᠢᠳᠬᠡᠯ ᠬᠤᠷᠢᠶᠠᠬᠤ ᠮᠡᠳᠡᠭᠡ ᠵᠠᠩᠭᠢ᠎ᠶᠢ ᠲᠣᠳᠣᠷᠬᠠᠢ ᠢᠯᠡᠳᠬᠡᠵᠦ᠂ ᠬᠡᠷᠡᠭᠯᠡᠭᠡᠨ᠎ᠦ ᠲᠤᠰᠬᠠᠢ ᠲᠣᠭᠣᠷᠢᠭ᠋᠎ᠤᠨ ᠡᠵᠡᠩᠨᠡᠯᠲᠡ ᠪᠠ  ᠵᠠᠬᠢᠶᠠᠯᠠᠭ᠎ᠠ ᠲᠣᠭᠠᠴᠠᠭ᠎ᠠ᠎ᠵᠢᠨ ᠬᠠᠮᠢᠶᠠᠷᠤᠯᠲᠠ᠎ᠶᠢ ᠵᠢᠷᠤᠮᠵᠢᠭᠤᠯᠬᠤ ᠬᠡᠷᠡᠭᠲᠡᠢ᠃

ᠲᠸᠯᠸᠢᠰ᠎ᠤᠨ ᠨᠡᠭᠡᠭᠡᠬᠦ ᠴᠠᠭ᠎ᠢ ᠪᠣᠭᠣᠨᠢᠰᠬᠠᠵᠤ

ᠠᠯᠤᠰ ᠡᠵᠡᠮᠰᠢᠭᠦᠷ᠎ᠤᠨ ᠠᠵᠢᠯᠯᠠᠭ᠎ᠠ ᠵᠢ ᠳᠦᠭᠦᠮᠴᠢᠯᠡᠨ᠎ᠡ

· ᠦᠵᠦᠭᠦᠷᠯᠢᠭ᠎ᠦᠨ ᠴᠢᠳᠠᠮᠵᠢ ᠎ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠲᠸᠯᠸᠢᠰ᠎ᠤᠨ ᠨᠡᠭᠡᠭᠡᠬᠦ ᠴᠠᠭ᠎ᠢ ᠪᠣᠭᠣᠨᠢᠰᠬᠠᠪᠠᠯ ᠵᠣᠬᠢᠨ᠎ᠠ; ᠠᠪᠢᠶᠠᠨ᠎ᠤ ᠠᠯᠤᠰ ᠡᠵᠡᠮᠰᠢᠯ᠂ ᠭᠠᠷ ᠤᠲᠠᠰᠤᠨ᠎ᠤ ᠠᠯᠤᠰ ᠡᠵᠡᠮᠰᠢᠯ᠂ ᠵᠣᠬᠢᠶᠠᠮᠠᠯ ᠣᠶᠤᠨ ᠴᠢᠳᠠᠪᠤᠷᠢ ᠵᠡᠷᠭᠡ ᠰᠢᠨ᠎ᠡ ᠮᠡᠷᠭᠡᠵᠢᠯ᠎ᠢ ᠬᠡᠷᠡᠭᠯᠡᠨ ᠬᠡᠷᠡᠭᠯᠡᠭᠴᠢᠳ᠎ᠲᠦ ᠲᠦᠬᠦᠮ ᠦᠵᠡᠬᠦᠯᠦᠨ᠎ᠠ᠃

· ᠠᠯᠤᠰ ᠡᠵᠡᠮᠰᠢᠭᠦᠷ᠎ᠤᠨ ᠠᠵᠢᠯᠯᠠᠭ᠎ᠠ᠎ᠶᠢ ᠳᠥᠭᠥᠮᠴᠢᠯᠡᠵᠦ᠂ ᠠᠯᠤᠰ ᠡᠵᠡᠮᠰᠢᠭᠦᠷ᠎ᠦᠨ ᠨᠢᠭᠡ ᠳᠠᠷᠤᠪᠴᠢ᠎ᠪᠠᠷ ᠰᠢᠭᠤᠳ ᠨᠡᠪᠲᠡᠷᠡᠭᠦᠯᠭᠡ᠎ᠤᠨ ᠰᠤᠪᠠᠭ ᠎ᠢ ᠰᠣᠯᠢᠬᠤ ᠵᠢ ᠪᠡᠶᠡᠯᠡᠭᠦᠯᠪᠡᠯ ᠵᠤᠬᠢᠶᠠᠨ᠎ᠠ᠃

 ᠢᠷᠡᠯᠲᠡ᠄ ᠰᠢᠨᠬᠤᠸᠠ ᠬᠣᠷᠢᠶ᠎ᠠ᠂  ᠲᠥᠪ ᠲᠧᠯᠸᠢᠰ᠎ᠦᠨ ᠰᠣᠨᠢᠨ ᠮᠡᠳᠡᠭᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄ ᠬᠠᠢᠷ᠎ᠠ

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面