ᠲᠡᠷᠢᠭᠦᠨ ᠨᠢᠭᠤᠷ>ᠴᠠᠭ ᠲᠦᠷᠦ> ᠬᠠᠤᠯᠢ ᠳᠦᠷᠢᠮ

2026-11-04 11:40:19

ᠵᠣᠬᠢᠶᠠᠭ᠍ᠴᠢ᠄ ᠡᠷᠳᠡᠨᠢᠬᠤᠸᠠᠷ ᠣᠩᠱᠢᠭ᠍ᠰᠠᠨ ᠣᠳᠠᠭ᠎ᠠ᠄ 3

8 ᠰᠠᠷ᠎ᠠ ᠶ᠋ᠢᠨ ᠡᠬᠢᠨ ᠡᠴᠡ ᠨᠠᠭᠠᠰᠢ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠪᠦᠬᠦ ᠤᠷᠤᠨ ᠤ᠋ ᠬᠡᠪᠴᠢᠶᠠᠨ ᠳ᠋ᠤ ᠡᠮ ᠤ᠋ᠨ ᠵᠦᠢᠯᠡᠰ ᠤ᠋ᠨ ᠰᠦᠯᠵᠢᠶᠡᠨ ᠪᠤᠷᠤᠯᠠᠭᠤᠯᠭ᠎ᠠ ᠶ᠋ᠢ ᠴᠡᠭᠴᠡᠯᠡᠨ ᠵᠠᠰᠠᠬᠤ ᠵᠠᠭᠤᠨ ᠡᠳᠦᠷ ᠤ᠋ᠨ ᠲᠤᠰᠬᠠᠢ ᠠᠵᠢᠯᠯᠠᠭ᠎ᠠ ᠶ᠋ᠢ ᠯᠠᠪᠳᠠᠭᠤᠨ ᠪᠠᠳᠤᠳᠠᠢ ᠦᠷᠨᠢᠭᠦᠯᠵᠤ᠂ ᠤᠯᠠᠨ ᠲᠦᠮᠡᠨ ᠤ᠋ ᠠᠮᠦᠷ ᠲᠦᠪᠰᠢᠨ ᠶ᠋ᠢᠡᠷ ᠡᠮ ᠬᠡᠷᠡᠭᠯᠡᠬᠦ ᠶ᠋ᠢ  ᠡᠷᠴᠢᠮᠳᠠᠢ  ᠰᠠᠬᠢᠨ ᠬᠠᠮᠠᠭᠠᠯᠠᠪᠠ᠃

ᠲᠤᠰ ᠤᠳᠠᠭ᠎ᠠ ᠶ᠋ᠢᠨ ᠠᠵᠢᠯᠯᠠᠭ᠎ᠠ ᠳ᠋ᠤ 《ᠰᠦᠯᠵᠢᠶ᠎ᠠ ᠪᠡᠷ ᠰᠦᠯᠵᠢᠶ᠎ᠠ ᠶ᠋ᠢ ᠬᠠᠮᠢᠶᠠᠷᠬᠤ᠂ ᠤᠶᠤᠨᠴᠢ ᠪᠡᠷ ᠬᠢᠨᠠᠨ ᠬᠠᠮᠢᠶᠠᠷᠬᠤ》 ᠬᠢᠨᠠᠯᠳᠠ ᠬᠠᠮᠢᠶᠠᠷᠤᠯᠳᠠ ᠶ᠋ᠢᠨ ᠵᠠᠭᠪᠤᠷ ᠢ᠋ ᠭᠦᠨᠵᠡᠭᠡᠢᠷᠡᠭᠦᠯᠦᠨ᠂ ᠪᠦᠬᠦ ᠤᠷᠤᠨ ᠪᠦᠰᠡ ᠪᠡᠷ ᠰᠦᠯᠵᠢᠶ᠎ᠠ ᠪᠡᠷ ᠬᠢᠨᠠᠨ ᠰᠢᠯᠭᠠᠬᠤ ᠳᠦᠷᠢᠮ ᠢ᠋ ᠬᠡᠷᠡᠭᠵᠢᠭᠦᠯᠵᠤ᠂《ᠤᠶᠤᠨᠳᠤ ᠪᠡᠷ ᠰᠢᠭᠰᠢᠨ ᠪᠠᠢᠴᠠᠭᠠᠬᠤ + ᠬᠦᠮᠦᠨ ᠤ᠋ ᠬᠦᠴᠦ ᠪᠡᠷ ᠬᠢᠨᠠᠨ ᠬᠠᠷᠭᠤᠭᠤᠯᠬᠤ》 ᠠᠵᠢᠯ ᠤ᠋ᠨ ᠳᠤᠭᠳᠠᠴᠠ ᠶ᠋ᠢ ᠪᠠᠢᠭᠤᠯᠤᠨ᠂ ᠬᠠᠷᠢᠶ᠎ᠠ ᠤᠷᠤᠨ ᠤ᠋ ᠡᠮ ᠤ᠋ᠨ ᠵᠦᠢᠯᠡᠰ ᠢ᠋ ᠰᠦᠯᠵᠢᠶ᠎ᠠ ᠪᠡᠷ ᠪᠤᠷᠤᠯᠠᠭᠤᠯᠬᠤ ᠵᠢᠵᠢᠭᠯᠡᠨ ᠪᠤᠷᠤᠯᠠᠭᠤᠯᠬᠤ ᠠᠵᠤ ᠠᠬᠤᠢᠯᠠᠯ᠂ ᠭᠤᠷᠪᠠᠳᠠᠬᠢ ᠲᠠᠯ᠎ᠠ ᠶ᠋ᠢᠨ ᠳᠠᠪᠴᠠᠩ ᠳ᠋ᠤ ᠰᠠᠭᠤᠷᠢᠰᠢᠭᠰᠠᠨ ᠳᠡᠯᠭᠡᠭᠦᠷ ᠵᠢᠴᠢ ᠰᠦᠯᠵᠢᠶ᠎ᠠ ᠪᠡᠷ ᠡᠮ ᠤ᠋ᠨ ᠵᠦᠢᠯᠡᠰ ᠪᠤᠷᠤᠯᠠᠭᠤᠯᠬᠤ ᠠᠵᠢᠯᠯᠠᠭ᠎ᠠ ᠳ᠋ᠤ 24 ᠴᠠᠭ ᠶ᠋ᠢᠡᠷ ᠪᠦᠬᠦᠨ ᠢ᠋ ᠬᠠᠮᠤᠷᠬᠤ ᠬᠡᠯᠪᠡᠷᠢ ᠪᠡᠷ ᠬᠢᠨᠠᠨ ᠰᠢᠯᠭᠠᠬᠤ ᠪᠠ ᠰᠡᠷᠡᠮᠵᠢᠯᠡᠭᠦᠯᠬᠦ  ᠠᠷᠭ᠎ᠠ  ᠪᠠᠷᠢᠯ  ᠠᠪᠴᠠᠢ᠃ ᠡᠭᠦᠨ ᠳ᠋ᠤ ᠰᠠᠷ᠎ᠠ  ᠪᠦᠷᠢ  ᠳᠤᠮᠳᠠᠴᠢ ᠪᠡᠷ 70 ᠲᠦᠮᠡᠨ ᠬᠤᠪᠢ ᠰᠢᠬᠠᠮ ᠡᠮ ᠤ᠋ᠨ ᠵᠦᠢᠯᠡᠰ ᠤ᠋ᠨ ᠰᠦᠯᠵᠢᠶᠡᠨ ᠪᠤᠷᠤᠯᠠᠭᠤᠯᠭ᠎ᠠ ᠶ᠋ᠢᠨ ᠬᠠᠭᠤᠳᠠᠰᠤ ᠶ᠋ᠢ ᠬᠢᠨᠠᠨ ᠰᠢᠯᠭᠠᠵᠤ᠂ ᠳᠤᠭᠳᠠᠭᠠᠯ ᠡᠴᠡ ᠵᠦᠷᠢᠴᠡᠨ ᠵᠤᠷ ᠤ᠋ᠨ ᠡᠮ ᠪᠤᠷᠤᠯᠠᠭᠤᠯᠬᠤ᠂ ᠡᠮ ᠤ᠋ᠨ ᠵᠦᠢᠯᠡᠰ ᠤ᠋ᠨ ᠴᠢᠳᠠᠮᠵᠢ ᠶ᠋ᠢ  ᠬᠤᠳᠠᠯ ᠬᠠᠭᠤᠷᠮᠠᠭ ᠶ᠋ᠢᠡᠷ ᠤᠬᠠᠭᠤᠯᠬᠤ᠂ ᠳᠤᠭᠳᠠᠭᠠᠯ ᠡᠴᠡ ᠵᠦᠷᠢᠴᠡᠨ ᠴᠠᠭᠠᠵᠠ ᠲᠠᠢ ᠡᠮ ᠢ᠋ ᠪᠤᠷᠤᠯᠠᠭᠤᠯᠬᠤ ᠵᠡᠷᠭᠡ ᠬᠠᠤᠯᠢ ᠡᠴᠡ ᠵᠦᠷᠢᠴᠡᠨ ᠳᠤᠭᠳᠠᠭᠠᠯ ᠡᠴᠡ ᠵᠦᠷᠢᠴᠡᠭᠰᠡᠨ ᠪᠠᠢᠳᠠᠯ ᠢ᠋ ᠨᠠᠷᠢᠨ ᠤᠨᠤᠴᠠᠳᠠᠢ ᠢᠯᠭᠠᠨ ᠲᠤᠳᠤᠯᠠᠵᠤ᠂ ᠲᠦᠭᠰᠢᠭᠦᠷᠢ ᠶ᠋ᠢ ᠡᠷᠳᠡ ᠢᠯᠡᠷᠡᠭᠦᠯᠦᠨ᠂ ᠡᠷᠳᠡ ᠰᠡᠷᠡᠮᠵᠢᠯᠡᠭᠦᠯᠵᠤ᠂ ᠡᠷᠳᠡ ᠰᠢᠢᠳᠪᠤᠷᠢᠯᠡᠬᠦ ᠶ᠋ᠢ ᠪᠡᠶᠡᠯᠡᠭᠦᠯᠵᠦ᠂ ᠡᠮ ᠤ᠋ᠨ ᠵᠦᠢᠯᠡᠰ ᠤ᠋ᠨ ᠰᠦᠯᠵᠢᠶᠡᠨ ᠪᠤᠷᠤᠯᠠᠭᠤᠯᠭ᠎ᠠ ᠶ᠋ᠢᠨ ᠬᠢᠨᠠᠯᠳᠠ ᠬᠠᠮᠢᠶᠠᠷᠤᠯᠳᠠ ᠶ᠋ᠢᠨ ᠨᠠᠷᠢᠨ ᠤᠨᠤᠴᠠᠳᠠᠢ ᠴᠢᠨᠠᠷ ᠬᠢᠭᠡᠳ ᠴᠠᠭᠴᠢ  ᠴᠢᠨᠠᠷ ᠢ᠋  ᠲᠠᠰᠤᠷᠠᠯᠳᠠ ᠦᠭᠡᠢ ᠳᠡᠭᠡᠭᠰᠢᠯᠡᠭᠦᠯᠵᠠᠢ᠃

ᠲᠤᠰ ᠤᠳᠠᠭ᠎ᠠ ᠵᠢᠨ ᠠᠵᠢᠯᠯᠠᠭ᠎ᠠ ᠳ᠋ᠤ ᠪᠠᠰᠠ ᠬᠦᠳᠡᠯᠦᠩᠭᠦᠢ ᠪᠡᠷ ᠳᠠᠩᠰᠠᠯᠠᠬᠤ ᠬᠠᠮᠢᠶᠠᠷᠤᠯᠳᠠ ᠶ᠋ᠢᠨ ᠰᠢᠰᠲᠧᠮ ᠢ᠋ ᠪᠠᠢᠭᠤᠯᠵᠤ᠂ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠤᠶᠤᠨᠴᠢ ᠬᠢᠨᠠᠯᠳᠠ ᠬᠠᠮᠢᠶᠠᠷᠤᠯᠳᠠ ᠶ᠋ᠢᠨ ᠳᠠᠪᠴᠠᠩ ᠳ᠋ᠤ ᠡᠮ ᠤ᠋ᠨ ᠵᠦᠢᠯᠡᠰ ᠢ᠋ ᠰᠦᠯᠵᠢᠶ᠎ᠠ ᠪᠡᠷ ᠪᠤᠷᠤᠯᠠᠭᠤᠯᠬᠤ ᠠᠵᠤ ᠠᠬᠤᠢᠯᠠᠯ ᠤ᠋ᠨ ᠮᠡᠳᠡᠭᠡ ᠵᠠᠩᠬᠢ ᠪᠡᠨ ᠳᠡᠪᠰᠢᠭᠦᠯᠦᠨ ᠮᠡᠳᠡᠭᠦᠯᠬᠦ ᠲᠤᠰᠬᠠᠢ ᠪᠤᠯᠤᠩ ᠨᠡᠭᠡᠭᠡᠨ᠂ ᠬᠢᠨᠠᠯᠳᠠ ᠬᠠᠮᠢᠶᠠᠷᠤᠯᠳᠠ ᠶ᠋ᠢᠨ ᠲᠤᠭ᠎ᠠ ᠪᠠᠷᠢᠮᠳᠠ ᠶ᠋ᠢᠨ ᠨᠡᠪᠳᠡᠷᠡᠯᠴᠡᠭᠡ ᠶ᠋ᠢ ᠰᠢᠯᠤᠭᠤᠳᠬᠠᠵᠤ᠂ ᠪᠦᠬᠦ ᠤᠷᠤᠨ ᠤ᠋ ᠡᠮ ᠤ᠋ᠨ ᠵᠦᠢᠯᠡᠰ ᠢ᠋ ᠰᠦᠯᠵᠢᠶ᠎ᠠ ᠪᠡᠷ ᠪᠤᠷᠤᠯᠠᠭᠤᠯᠬᠤ ᠠᠵᠤ ᠠᠬᠤᠢᠯᠠᠯ ᠤ᠋ᠨ ᠳᠠᠩᠰᠠᠯᠠᠭᠤᠯᠤᠭᠰᠠᠨ ᠮᠡᠳᠡᠭᠡ ᠵᠠᠩᠬᠢ᠂ ᠰᠦᠯᠵᠢᠶᠡᠨ ᠤ᠋ ᠡᠵᠡᠩᠨᠡᠯᠳᠡ ᠶ᠋ᠢᠨ ᠠᠷᠭ᠎ᠠ ᠵᠠᠮ᠂ ᠬᠦᠮᠦᠷᠭᠡᠯᠡᠨ ᠬᠠᠳᠠᠭᠠᠯᠠᠵᠤ ᠳᠤᠬᠢᠷᠠᠭᠤᠯᠤᠨ ᠬᠦᠷᠭᠡᠬᠦ ᠬᠢᠷᠢ ᠭᠡᠮ ᠵᠡᠷᠭᠡ ᠭᠤᠤᠯᠯᠠᠬᠤ ᠮᠡᠳᠡᠭᠡ ᠵᠠᠩᠬᠢ ᠶ᠋ᠢ 《ᠨᠢᠭᠡ ᠰᠦᠯᠵᠢᠶ᠎ᠠ ᠪᠡᠷ ᠴᠤᠭᠯᠠᠭᠤᠯᠵᠤ᠂ ᠬᠦᠳᠡᠯᠦᠩᠭᠦᠢ ᠪᠡᠷ ᠰᠢᠨᠡᠴᠢᠯᠡᠨ᠂ ᠴᠠᠭ ᠲᠤᠬᠠᠢ ᠳ᠋ᠤᠨᠢ ᠬᠢᠨᠠᠨ ᠡᠵᠡᠮᠳᠡᠬᠦ》 ᠶ᠋ᠢ ᠪᠡᠶᠡᠯᠡᠭᠦᠯᠪᠠ᠃ ᠤᠳᠤᠬᠠᠨ ᠳ᠋ᠤ ᠪᠦᠬᠦ ᠤᠷᠤᠨ ᠤ᠋ ᠡᠮ ᠤ᠋ᠨ ᠵᠦᠢᠯᠡᠰ ᠢ᠋ ᠰᠦᠯᠵᠢᠶ᠎ᠠ ᠪᠡᠷ ᠵᠢᠵᠢᠭᠯᠡᠨ ᠪᠤᠷᠤᠯᠠᠭᠤᠯᠬᠤ 6482 ᠠᠵᠤ ᠠᠬᠤᠢᠯᠠᠯ ᠴᠦᠮ ᠰᠦᠯᠵᠢᠶ᠎ᠠ ᠪᠡᠷ ᠮᠡᠳᠡᠭᠡ ᠵᠠᠩᠬᠢ ᠪᠡᠨ ᠳᠠᠭᠯᠠᠨ ᠮᠡᠳᠡᠭᠦᠯᠵᠤ᠂ ᠳᠠᠩᠰᠠᠯᠠᠭᠤᠯᠬᠤ ᠴᠢᠬᠤᠯᠠᠳᠠᠢ ᠶ᠋ᠢ  ᠴᠦᠮ ᠳᠠᠩᠰᠠᠯᠠᠭᠤᠯᠬᠤ᠂ ᠮᠡᠳᠡᠭᠦᠯᠬᠦ  ᠴᠢᠬᠤᠯᠠᠳᠠᠢ ᠶ᠋ᠢ ᠴᠦᠮ ᠮᠡᠳᠡᠭᠦᠯᠬᠦ  ᠶ᠋ᠢ ᠪᠡᠶᠡᠯᠡᠭᠦᠯᠪᠠ᠃

ᠲᠤᠰ ᠤᠳᠠᠭ᠎ᠠ ᠵᠢᠨ ᠠᠵᠢᠯᠯᠠᠭ᠎ᠠ ᠳ᠋ᠤ ᠰᠠᠯᠠᠭ᠎ᠠ ᠮᠦᠴᠢᠷ ᠠᠯᠤᠰᠯᠠᠭᠰᠠᠨ᠂ ᠤᠷᠤᠨ ᠪᠦᠰᠡ ᠠᠯᠤᠰᠯᠠᠭᠰᠠᠨ ᠬᠤᠯᠪᠤᠭᠠᠯᠠᠨ ᠬᠦᠳᠡᠯᠦᠯᠴᠡᠬᠦ ᠬᠢᠨᠠᠯᠳᠠ ᠬᠠᠮᠢᠶᠠᠷᠤᠯᠳᠠ ᠶ᠋ᠢᠨ ᠳᠤᠭᠳᠠᠴᠠ ᠶ᠋ᠢ ᠪᠠᠢᠭᠤᠯᠵᠤ᠂ ᠮᠧᠢ ᠲᠤᠸᠠᠨ᠂ ᠫᠢᠨ ᠳ᠋ᠦᠧᠧ ᠳ᠋ᠦᠧᠧ᠂ ᠴᠤᠤᠷᠢᠶ᠎ᠠ ᠵᠡᠷᠭᠡ ᠭᠤᠤᠯ ᠪᠤᠯᠬᠤ ᠡᠯᠧᠺᠲ᠋ᠷᠤᠨ ᠬᠤᠳᠠᠯᠳᠤᠭᠠᠨ ᠤ᠋ ᠳᠠᠪᠴᠠᠩ ᠬᠢᠭᠡᠳ ᠠᠮᠢᠳᠤᠷᠠᠯ ᠤ᠋ᠨ ᠦᠢᠯᠡᠴᠢᠯᠡᠭᠡᠨ ᠤ᠋ ᠳᠠᠪᠴᠠᠩ ᠳ᠋ᠤ ᠠᠩᠬᠠᠷᠤᠯ ᠶ᠋ᠢᠡᠨ ᠲᠦᠪᠯᠡᠷᠡᠭᠦᠯᠦᠨ᠂ ᠡᠮ ᠤ᠋ᠨ ᠵᠦᠢᠯᠡᠰ ᠡᠵᠡᠩᠨᠡᠬᠦ ᠠᠵᠤ ᠠᠬᠤᠢᠯᠠᠯ ᠳ᠋ᠤ ᠪᠦᠬᠦᠨ ᠢ᠋ ᠬᠠᠮᠤᠷᠤᠭᠰᠠᠨ ᠬᠡᠯᠪᠡᠷᠢ ᠶ᠋ᠢᠨ ᠬᠢᠷᠢ ᠭᠡᠮ ᠢ᠋ ᠬᠢᠨᠠᠨ ᠰᠢᠯᠭᠠᠬᠤ ᠪᠠ ᠮᠡᠳᠡᠭᠡ ᠵᠠᠩᠬᠢ ᠶ᠋ᠢ ᠬᠠᠷᠢᠴᠠᠭᠤᠯᠤᠨ ᠬᠠᠷᠭᠤᠭᠤᠯᠬᠤ ᠠᠵᠢᠯᠯᠠᠭ᠎ᠠ ᠦᠷᠨᠢᠭᠦᠯᠵᠦ᠂ ᠳᠦᠷᠢᠮ ᠡᠴᠡ ᠵᠦᠷᠢᠴᠡᠭᠰᠡᠨ ᠡᠵᠡᠩᠨᠡᠯᠳᠡ ᠶ᠋ᠢᠨ ᠠᠵᠢᠯᠯᠠᠭ᠎ᠠ ᠶ᠋ᠢ ᠪᠦᠬᠦ ᠲᠠᠯ᠎ᠠ ᠪᠡᠷ ᠵᠢᠭᠰᠠᠭᠠᠨ ᠪᠠᠢᠴᠠᠭᠠᠵᠠᠢ᠃ ᠤᠳᠤᠬᠠᠨ ᠪᠤᠯᠳᠠᠯ᠎ᠠ  ᠭᠤᠷᠪᠠᠳᠡᠬᠢ ᠲᠠᠯ᠎ᠠ ᠶ᠋ᠢᠨ 10  ᠳᠠᠪᠴᠠᠩ ᠳ᠋ᠤ ᠬᠤᠯᠪᠤᠭᠳᠠᠭᠰᠠᠨ ᠡᠮ ᠤ᠋ᠨ ᠵᠦᠢᠯᠡᠰ ᠡᠵᠡᠩᠨᠡᠬᠦ 10354 ᠠᠵᠤ ᠠᠬᠤᠢᠯᠠᠯ ᠢ᠋ ᠬᠠᠷᠭᠤᠭᠤᠯᠤᠨ ᠪᠠᠢᠴᠠᠭᠠᠵᠤ᠂ ᠦᠨᠡᠮᠯᠡᠯ ᠭᠡᠷᠡᠴᠢ ᠪᠡᠨ ᠳᠦᠷᠢᠮ ᠶᠤᠰᠤᠭᠠᠷ ᠢᠯᠡ ᠪᠠᠢᠯᠭᠠᠭᠰᠠᠨ ᠦᠭᠡᠢ᠂ ᠰᠦᠯᠵᠢᠶ᠎ᠠ ᠪᠠ  ᠪᠤᠳᠠᠳᠤ ᠳᠡᠯᠭᠡᠭᠦᠷ ᠤ᠋ᠨ ᠡᠵᠡᠩᠨᠡᠯᠳᠡ ᠶ᠋ᠢᠨ ᠮᠡᠳᠡᠭᠡ ᠵᠠᠩᠬᠢ ᠨᠢ ᠨᠢᠭᠡᠳᠦᠯᠳᠠᠢ ᠪᠤᠰᠤ᠂ ᠡᠵᠡᠩᠨᠡᠵᠦ ᠪᠤᠯᠬᠤ ᠬᠡᠪᠴᠢᠶ᠎ᠠ ᠡᠴᠡ ᠪᠡᠨ ᠳᠠᠪᠠᠭᠤᠯᠤᠨ ᠡᠮ ᠤ᠋ᠨ ᠵᠦᠢᠯᠡᠰ ᠢ᠋ ᠵᠠᠷᠯᠠᠨ ᠪᠤᠷᠤᠯᠠᠭᠤᠯᠬᠤ ᠵᠡᠷᠭᠡ ᠳᠤᠭᠳᠠᠭᠠᠯ ᠡᠴᠡ ᠵᠦᠷᠢᠴᠡᠭᠰᠡᠨ ᠠᠰᠠᠭᠤᠳᠠᠯ ᠢ᠋ ᠴᠠᠭ ᠲᠤᠬᠠᠢ ᠳ᠋ᠤᠨᠢ ᠴᠡᠭᠴᠡᠯᠠᠨ ᠵᠠᠰᠠᠵᠤ᠂ ᠳᠤᠭᠳᠠᠭᠠᠯ ᠡᠴᠡ ᠵᠦᠷᠢᠴᠡᠭᠰᠡᠨ ᠰᠦᠯᠵᠢᠶᠠᠨ ᠪᠤᠷᠤᠯᠠᠭᠤᠯᠭ᠎ᠠ ᠶ᠋ᠢ ᠬᠠᠤᠯᠢ ᠶᠤᠰᠤᠭᠠᠷ ᠵᠤᠭᠰᠤᠭᠠᠵᠠᠢ᠃

ᠲᠤᠰ ᠤᠳᠠᠭ᠎ᠠ ᠵᠢᠨ ᠠᠵᠢᠯᠯᠠᠭ᠎ᠠ ᠳ᠋ᠤ ᠨᠡᠢᠳᠡ 6445 ᠤᠳᠠᠭ᠎ᠠ ᠶ᠋ᠢᠨ ᠰᠦᠯᠵᠢᠶᠡᠨ ᠳᠡᠭᠡᠷᠡᠬᠢ ᠴᠠᠭᠳᠠᠨ ᠪᠠᠢᠴᠠᠭᠠᠯᠳᠠ ᠪᠠ 3527 ᠤᠳᠠᠭ᠎ᠠ ᠶ᠋ᠢᠨ ᠪᠤᠳᠠᠳᠤ ᠲᠠᠯᠠᠪᠤᠷ ᠤ᠋ᠨ ᠪᠠᠢᠴᠠᠭᠠᠯᠳᠠ ᠦᠷᠨᠢᠭᠦᠯᠤᠨ᠂ 766 ᠵᠦᠢᠯ ᠤ᠋ᠨ ᠳᠠᠯᠳᠠ ᠠᠶᠤᠯ ᠲᠦᠭᠰᠢᠭᠦᠷᠢ ᠶ᠋ᠢ ᠴᠡᠭᠴᠡᠯᠡᠨ ᠵᠠᠰᠠᠵᠤ᠂ ᠳᠤᠭᠳᠠᠭᠠᠯ ᠡᠴᠡ ᠵᠦᠷᠢᠴᠡᠭᠰᠡᠨ ᠠᠵᠤ ᠠᠬᠤᠢᠯᠠᠯ ᠳ᠋ᠤ 408 ᠬᠤᠪᠢ ᠴᠡᠭᠴᠡᠯᠡᠨ ᠵᠠᠰᠠᠬᠤ ᠶ᠋ᠢ ᠱᠠᠭᠠᠷᠳᠠᠭᠰᠠᠨ ᠪᠢᠴᠢᠭ ᠪᠠᠭᠤᠯᠭᠠᠨ᠂ ᠬᠠᠤᠯᠢ ᠡᠴᠡ ᠵᠦᠷᠢᠴᠡᠭᠰᠡᠨ 11 ᠬᠡᠷᠡᠭ ᠢ᠋ ᠪᠠᠢᠴᠠᠭᠠᠨ ᠰᠢᠢᠳᠪᠤᠷᠢᠯᠡᠵᠦ᠂ 17 ᠠᠵᠤ ᠠᠬᠤᠢᠯᠠᠯ ᠤ᠋ᠨ ᠡᠵᠡᠩᠨᠡᠯᠳᠡ ᠶ᠋ᠢᠨ ᠬᠢᠷᠢ ᠭᠡᠮ ᠢ᠋ ᠬᠦᠴᠤᠨ ᠦᠬᠡᠢ ᠪᠤᠯᠭᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面